ᠨᠢᠭᠡ ᠵᠦᠢᠯ ᠤᠨ ᠰᠢᠳᠦ ᠶᠢ ᠤᠨᠠᠭᠠᠳᠠᠭ ᠡᠪᠡᠳᠴᠢᠨ
ᠨᠡᠶᠢᠲᠡᠯᠡᠭᠰᠡᠨ ᠴᠠᠭ᠄
2024/4/16
     ᠪᠤᠶᠢᠯᠠ ᠶᠢᠨ ᠦᠷᠪᠢᠰᠦᠯ ᠪᠣᠯ ᠪᠢᠳᠡᠨ ᠤ ᠰᠢᠳᠦ ᠶᠢ ᠠᠮᠠᠷᠬᠠᠨ ᠤᠨᠠᠭᠠᠳᠠᠭ ᠬᠡᠷᠡᠭ ᠤᠨ ᠡᠵᠡᠨ ᠶᠤᠮ ︕ ᠡᠶᠢᠮᠦ ᠡᠪᠡᠳᠴᠢᠨ ᠢ ᠮᠠᠰᠢ ᠣᠯᠠᠨ ᠬᠥᠮᠦᠨ ᠵᠠᠯᠠᠭᠤ ᠪᠠᠶᠢᠬᠤ ᠳᠠᠭᠠᠨ ᠲᠡᠮᠡᠢ ᠠᠩᠬᠠᠷᠤᠯ ᠳᠠᠭᠠᠨ ᠠᠪᠳᠠᠭ ᠦᠭᠡᠢ ᠂ ᠰᠢᠳᠦ ᠨᠢ ᠤᠨᠠᠭᠠᠳ ᠢᠷᠡᠬᠦ ᠲᠠᠢ ᠵᠡᠷᠭᠡ ᠰᠠᠶ᠋ᠢ ᠠᠩᠬᠠᠷᠤᠯ ᠳᠠᠭᠠᠨ ᠠᠪᠳᠠᠭ ᠪᠠᠶᠢᠨ᠎ᠠ ᠂ ᠬᠡᠳᠡᠯ᠎ᠡ ᠡᠨᠡ ᠦᠶ᠎ᠡ ᠪᠤᠯᠬᠤ  ᠳᠤ ᠨᠢᠭᠡᠨᠲᠡ ᠤᠷᠦ᠋ᠢᠳᠠᠬᠰᠠᠨ ᠪᠠᠶᠢᠳᠠᠭ ᠃ ᠪᠤᠶᠢᠯᠠ ᠶᠢᠨ ᠦᠷᠪᠢᠰᠦᠯ ᠨᠢ ᠰᠠᠶ᠋ᠢ ᠦᠷᠪᠢᠰᠬᠦ ᠦᠶ᠎ᠡ ᠳᠤ ᠮᠠᠰᠢ ᠤᠳᠠᠭᠠᠨ ᠪᠠᠶᠢᠳᠠᠭ ᠶᠤᠮ ᠂ ᠰᠠᠶ᠋ᠢ ᠦᠷᠪᠢᠰᠬᠦ ᠦᠶ᠎ᠡ ᠶᠢᠨ ᠢᠯᠡᠷᠡᠯ ᠬᠡᠪᠡᠯ ᠄ ᠪᠤᠶᠢᠯᠠ ᠵᠢᠭᠠᠬᠠᠨ ᠤᠯᠠᠶᠢᠬᠤ ᠂ ᠰᠢᠳᠦ ᠪᠠᠨ ᠱᠤᠤᠠᠵᠠᠳᠠᠬᠤ ᠦᠶᠡᠰ ᠵᠢᠭᠠᠬᠠᠨ ᠴᠢᠰᠤ ᠭᠠᠷᠬᠤ ᠪᠤᠶᠤ ᠡᠰᠡᠬᠦᠯ᠎ᠡ ᠠᠯᠮᠤᠷᠠᠳ ᠢᠳᠡᠬᠦ ᠳᠤ ᠬᠠᠵᠠᠬᠰᠠᠨ ᠬᠡᠰᠡᠭ ᠲᠤᠨᠢ ᠴᠢᠰᠤᠨ ᠣᠷᠣ ᠦᠯᠡᠳᠡᠳᠡᠭ ᠃ ᠰᠡᠭᠦᠯᠡᠷ ᠨᠢ ︵ ᠣᠯᠠᠨ ᠵᠢᠯ ᠂ ᠬᠡᠳᠦᠨ ᠠᠷᠪᠠᠨ ᠵᠢᠯ ᠤᠨ ᠲᠠᠷᠠᠭ᠎ᠠ ︶ ᠂ ᠲᠠ ᠬᠡᠳᠦᠨ ᠰᠢᠳᠦ ᠬᠦᠳᠡᠯᠵᠦ ᠂ ᠶᠠᠭᠤᠮ᠎ᠠ ᠵᠠᠵᠢᠯᠬᠤ ᠳᠤ ᠲᠡᠶᠢᠮᠦ ᠬᠦᠴᠦᠳᠡᠢ ᠪᠢᠰᠢ ᠪᠤᠯᠤᠬᠰᠠᠨ ᠪᠠ ᠵᠠᠷᠢᠮ ᠳᠠᠭᠠᠨ ᠱᠣᠷᠪᠣᠭ ᠡᠬᠡᠭᠦᠨ ᠢᠳᠡᠭᠡ ᠰᠢᠭᠦᠰᠦ ᠭᠠᠷᠳᠠᠭ ᠢ ᠬᠡᠨᠡᠳᠳᠡ ᠤᠯᠵᠤ ᠮᠡᠳᠡᠳᠡᠭ ᠃ ᠡᠭᠦᠨ ᠠᠴᠠ ᠰᠡᠭᠦᠯᠡᠷ ᠨᠢ ᠰᠢᠳᠦ ᠴᠢᠨᠢ ᠬᠦᠳᠡᠯᠳᠡᠭ ᠢᠶᠠᠷ ᠪᠠᠷᠠᠬᠤ ᠥᠬᠡᠶ ᠂ ᠵᠠᠷᠢᠮ ᠳᠠᠭᠠᠨ ᠪᠠᠰᠠ ᠰᠢᠳᠦ ᠨᠢ ᠡᠪᠡᠳᠦᠳᠡᠭ ︕ ᠡᠨᠡ ᠦᠶ᠎ᠡ ᠳᠤ ᠰᠢᠳᠦ  ᠪᠠᠨ ᠡᠮᠨᠡᠯᠭᠡ ᠳᠤ ᠬᠦᠷᠴᠦ ᠦᠵᠡᠬᠦᠯᠬᠦ ᠦᠭᠡᠢ ᠂ ᠵᠥᠪᠬᠡᠨ ᠡᠮ ᠤᠤᠭᠤᠵᠤ ᠡᠪᠡᠳᠬᠦ ᠶᠢ ᠵᠣᠭᠰᠣᠭᠠᠬᠤ ᠶᠢ ᠪᠤᠳᠤᠬᠤ  ᠳᠤ ᠬᠦᠷᠪᠡᠯ ᠂ ᠦᠨᠡᠨ ᠳᠡᠭᠡᠨ ᠶᠠᠮᠠᠷ ᠴᠤ ᠲᠤᠰᠠ ᠦᠭᠡᠢ ᠶᠤᠮ ᠃ ᠰᠢᠳᠦᠨ ᠤ ᠤᠭ ᠨᠢ ᠢᠯᠡᠷᠡᠨ ᠭᠠᠷᠪᠠᠯ ᠂ ᠰᠢᠳᠦ ᠬᠦᠳᠡᠯᠬᠦ ᠢ ᠤᠯᠠᠮ ᠠᠴᠠ ᠤᠯᠠᠮ ᠬᠦᠨᠳᠦ ᠪᠤᠯᠤᠨ᠎ᠠ ᠃ ᠪᠤᠶᠢᠯᠠ ᠶᠢᠨ ᠦᠷᠪᠢᠰᠦᠯ ᠢ ᠶᠠᠭᠠᠬᠢᠵᠤ ᠵᠠᠰᠠᠬᠤ ᠪᠣᠶ ︖ 1. ᠰᠢᠳᠦ ᠪᠠᠨ ᠤᠬᠢᠶᠠᠬᠤ 2. ᠪᠣᠬᠢᠷᠲᠤᠭᠰᠠᠨ ᠬᠡᠰᠡᠭ ᠢ ᠬᠤᠰᠤᠵᠤ ᠠᠷᠢᠯᠭᠠᠬᠤ 3. ᠪᠤᠶᠢᠯᠠ ᠶᠢᠨ ᠮᠡᠰᠡ ᠵᠠᠰᠠᠯ ᠬᠢᠯᠭᠡᠬᠦ 4. ᠡᠮ ᠢᠶᠠᠷ ᠵᠠᠰᠠᠬᠤ 5. ᠡᠯᠡᠭᠳᠡᠭᠰᠡᠨ ᠰᠢᠳᠦ ᠶᠢ ᠲᠡᠭᠰᠢᠯᠡᠵᠦ ᠵᠠᠰᠠᠬᠤ ᠂ ᠪᠠᠬᠢᠯᠡᠵᠦ ᠲᠤᠬᠳᠠᠪᠤᠷᠢᠵᠢᠭᠤᠯᠬᠤ ᠪᠠ ᠰᠢᠳᠦ ᠶᠢ ᠦᠳᠡᠭᠡᠨ ᠠᠪᠬᠤ ᠪᠤᠶᠢᠯᠠ ᠶᠢᠨ ᠦᠷᠪᠢᠰᠦᠯ ᠤᠨ ᠰᠢᠰᠲ᠋ᠧᠮ ᠤᠨ ᠡᠮᠴᠢᠯᠡᠭᠡ ᠬᠢᠭᠰᠡᠨ ᠤ ᠳᠠᠷᠠᠭ᠎ᠠ ᠂ ᠥᠪᠡᠷ ᠤᠨ ᠠᠮᠠᠨ ᠬᠥᠨᠳᠡᠶ ᠶᠢᠨ ᠡᠷᠡᠭᠦᠯ ᠬᠠᠮᠠᠭᠠᠯᠠᠯ ᠰᠠᠶᠢᠳᠤᠷ ᠬᠢᠬᠦ ᠪᠠ ᠲᠣᠭᠲᠠᠭᠰᠠᠨ ᠬᠤᠭᠤᠴᠠᠭ᠎ᠠ ᠳᠤ ᠳᠠᠬᠢᠨ ᠪᠠᠶᠢᠴᠠᠭᠠᠯᠲᠠ ᠬᠢᠬᠦ ᠨᠢ ᠮᠦᠨ ᠠᠳᠠᠯᠢᠬᠠᠨ ᠴᠢᠬᠤᠯᠠ ᠶᠤᠮ ᠃      
ᠢᠷᠡᠯᠲᠡ᠄ ᠠᠷᠡᠳ ᠤᠨ ᠰᠦᠯᠵᠢᠶ᠎ᠠ