| ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠠᠴᠠ ᠣᠶᠢᠯᠠᠭᠠᠭᠰᠠᠨ ᠢᠶᠠᠷ ᠂ ᠣᠶᠢᠷ᠎ᠠ ᠳᠤ ᠂ ᠲᠣᠰ ᠬᠡᠯᠲᠡᠰ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ 2024 ᠣᠨ ᠤ ᠠᠵᠢᠯ ᠤᠨ ᠭᠤᠣᠯᠳᠠᠯᠭ᠎ᠠ ︾ | ︵ ᠳᠣᠷᠣᠭᠰᠢ ︽ ᠠᠵᠢᠯ ᠤᠨ ᠭᠤᠣᠯᠳᠠᠯᠭ᠎ᠠ ︾ ᠭᠡᠵᠦ ᠲᠣᠪᠴᠢᠯᠠᠪᠠ ︶ ᠶᠢ ᠳᠠᠷᠤᠮᠠᠯᠯᠠᠨ ᠲᠠᠷᠬᠠᠭᠠᠵᠤ ᠂ 28 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ 9 | ᠲᠠᠯ᠎ᠠ ᠠᠴᠠ ᠨᠠᠶᠢᠳᠠᠪᠤᠷᠢᠵᠢᠭᠤᠯᠤᠨ ᠂ ᠪᠥᠬᠦ ᠣᠷᠣᠨ ᠤ ᠨᠡᠶᠢᠭᠡᠮ ᠤᠨ ᠠᠵᠢᠯ ᠢ ᠦᠨᠡᠬᠡᠷ ᠰᠠᠶᠢᠲᠤᠷ ᠬᠢᠬᠦ ᠪᠠᠷ ᠪᠠᠶᠢᠨ᠎ᠠ ᠃ | ᠣᠶᠢᠯᠠᠭᠠᠭᠰᠠᠨ ᠢᠶᠠᠷ ᠂ ︽ ᠠᠵᠢᠯ ᠤᠨ ᠭᠤᠣᠯᠳᠠᠯᠭ᠎ᠠ ︾ ᠳᠤ ᠭᠤᠣᠯᠳᠠᠭᠤ ︽ ᠨᠡᠶᠢᠭᠡᠮ ᠤᠨ ᠠᠵᠢᠯ ᠤᠨ ᠬᠦᠷᠢᠶᠡᠨ ᠳᠠᠬᠢ ᠤᠯᠤᠰ ᠲᠥᠷᠥ ᠶᠢᠨ | ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠢᠵᠢᠮ ᠤᠨ | ᠠᠵᠢᠯ ᠢ ᠪᠦᠬᠦ ᠲᠠᠯ᠎ᠠ ᠪᠠᠷ ᠲᠤᠭᠤᠰᠢᠯᠠᠭᠤᠯᠬᠤ ᠂ ᠪᠦᠬᠦ ᠲᠠᠯ᠎ᠠ ᠪᠠᠷ ᠲᠥᠯᠥᠪᠯᠡᠬᠦ ᠪᠠ ᠰᠢᠰᠲ᠋ᠧᠮ ᠲᠠᠢ ᠵᠢᠯᠣᠭᠤᠳᠬᠤ ᠠᠵᠢᠯ ᠢ ᠴᠢᠩᠭᠠᠳᠬᠠᠬᠤ ᠂ ᠠᠷᠠᠳ ᠤᠨ ᠵᠠᠬᠢᠳᠠᠯ | ᠰᠤᠷᠪᠤᠯᠵᠢᠯᠠᠯ ᠤᠨ ᠠᠵᠢᠯ ᠢ ᠨᠢᠭᠡᠳᠦᠯᠲᠡᠢ ᠲᠥᠯᠥᠪᠯᠡᠨ ᠵᠢᠯᠤᠭᠤᠳᠬᠤ ᠪᠠ ᠠᠷᠠᠳ ᠤᠨ ᠰᠠᠨᠠᠭᠤᠯᠭ᠎ᠠ ᠴᠤᠭᠯᠠᠭᠤᠯᠬᠤ ᠠᠵᠢᠯ ᠢ ᠵᠢᠯᠣᠭᠤᠳᠬᠤ ᠂ ᠨᠠᠮ ᠤᠨ | ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢᠨ ᠠᠵᠢᠯ ᠢ ᠬᠥᠲᠥᠯᠥᠨ | ᠳᠠᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠨᠡᠶᠢᠭᠡᠮᠯᠢᠭ ᠤᠨ ᠨᠠᠮ ᠤᠨ ᠪᠠᠶᠢᠭᠤᠯᠤᠯᠲᠠ ᠪᠠ | ᠥᠭᠡᠷᠡᠴᠢᠯᠡᠯᠲᠡ ᠬᠥᠭᠵᠢᠭᠦᠯᠦᠯᠲᠡ ᠶᠢᠨ ᠠᠵᠢᠯ ᠢ ᠦᠨᠡᠬᠡᠷ ᠰᠠᠶᠢᠲᠤᠷ ᠬᠢᠬᠦ ᠂ ︿ ᠬᠤᠶᠠᠷ ᠠᠵᠤ ᠠᠬᠤᠶᠢᠯᠠᠯ ᠭᠤᠷᠪᠠᠨ ᠰᠢᠨ᠎ᠡ ﹀ ᠶᠢᠨ ᠨᠠᠮ ᠤᠨ ᠪᠠᠶᠢᠭᠤᠯᠤᠯᠲᠠ ᠶᠢᠨ | ᠠᠵᠢᠯ ᠢ ᠬᠦᠴᠦᠯᠡᠨ ᠠᠬᠢᠭᠤᠯᠬᠤ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠪᠠ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠥᠪᠡᠷ ᠪᠡᠶ᠎ᠡ ᠶᠢᠨ ᠬᠤᠪᠢᠰᠬᠠᠯ ᠬᠢᠬᠦ ᠳᠦᠷᠢᠮ | ᠲᠣᠭᠲᠠᠴᠠ ᠶᠢᠨ ᠠᠵᠢᠯ ᠢ ᠪᠦᠷᠢᠨᠰᠢᠭᠦᠯᠦᠨ ᠲᠡᠭᠦᠯᠳᠡᠷᠵᠢᠭᠦᠯᠬᠦ ︾ ᠵᠡᠷᠭᠡ 9 ᠲᠠᠯ᠎ᠠ ᠪᠠᠷ 28 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠪᠠ ᠃ | ︽ ᠠᠵᠢᠯ ᠤᠨ ᠭᠤᠣᠯᠳᠠᠯᠭ᠎ᠠ ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠡᠯ᠎ᠡ | ᠱᠠᠲᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠤᠳ ᠠᠷᠭ᠎ᠠ ᠪᠠᠷᠢᠯ ᠢᠶᠠᠨ ᠬᠢᠨᠠᠮᠠᠭᠠᠢ ᠨᠠᠷᠢᠯᠢᠭᠵᠢᠭᠤᠯᠵᠤ ᠂ ᠡᠯ᠎ᠡ ᠵᠦᠢᠯ ᠤᠨ | ᠡᠭᠦᠷᠭᠡ ᠶᠢ ᠨᠠᠶᠢᠳᠠᠪᠤᠷᠢᠵᠢᠭᠤᠯᠬᠤ ᠶᠢ ᠭᠤᠷᠪᠠᠨ ᠲᠠᠯ᠎ᠠ ᠪᠠᠷ ᠠᠬᠢᠭᠤᠯᠤᠨ᠎ᠠ ᠃ ᠠᠵᠢᠯ ᠤᠨ ᠪᠠᠶᠢᠷᠢᠯᠠᠭᠤᠯᠤᠯᠲᠠ ᠪᠠᠨ ᠴᠢᠩᠭᠠᠳᠬᠠᠵᠤ ᠂ ᠤᠯᠠᠮ ᠨᠢᠭᠡ ᠠᠯᠬᠤᠮ | ᠳᠤᠲᠠᠭᠳᠠᠯ ᠢᠶᠠᠨ ᠨᠥᠬᠦᠪᠦᠷᠢᠯᠡᠵᠦ ᠂ ᠪᠠᠭᠤᠷᠠᠢ ᠪᠠᠨ ᠴᠢᠩᠭᠠᠳᠬᠠᠨ ᠂ ᠳᠠᠪᠠᠭᠤᠯᠢᠭ ᠢᠶᠠᠨ ᠪᠠᠳᠠᠷᠠᠭᠤᠯᠵᠤ ᠂ ᠦᠨᠳᠦᠰᠦ ᠪᠠᠨ ᠪᠠᠲᠤᠳᠬᠠᠨ᠎ᠠ ︔ ᠭᠤᠣᠯᠳᠠᠯᠭ᠎ᠠ ᠲᠠᠢ | ᠰᠢᠪᠲᠤᠯᠤᠯᠲᠠ ᠶᠢ ᠴᠢᠩᠭᠠᠳᠬᠠᠵᠤ ᠂ ᠵᠠᠬᠢᠳᠠᠯ ᠰᠤᠷᠪᠤᠯᠵᠢᠯᠠᠯ ᠤᠨ ᠠᠵᠢᠯ ᠢ ᠨᠢᠭᠡᠳᠦᠯᠲᠡᠢ ᠲᠥᠯᠥᠪᠯᠡᠨ ᠵᠢᠯᠤᠭᠤᠳᠬᠤ ᠂ ᠨᠠᠮ ᠤᠨ ᠪᠠᠶᠢᠭᠤᠯᠤᠯᠲᠠ ᠪᠠᠷ ᠦᠨᠳᠦᠰᠦᠨ | ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ︽ ᠶᠡᠭᠡ ᠲᠡᠷᠭᠡᠨ ᠳᠤ ᠤᠨᠠᠭ᠎ᠠ ᠬᠥᠯᠬᠦ ︾ ᠵᠡᠷᠭᠡ | ᠲᠣᠪᠤᠶᠢᠮ᠎ᠠ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠨ᠎ᠡ ︔ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ ᠂ ᠬᠠᠤᠯᠢ ᠪᠠᠷ ᠵᠠᠰᠠᠬᠤ ᠰᠡᠳᠬᠢᠬᠦᠢ ᠪᠠ | ᠠᠷᠭ᠎ᠠ ᠶᠢ ᠬᠡᠷᠡᠭᠯᠡᠵᠦ ᠂ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠰᠢᠰᠲ᠋ᠧᠮ ᠲᠠᠢ ᠰᠢᠨᠵᠢᠯᠡᠬᠦ ᠤᠬᠠᠭᠠᠨᠴᠢ ᠲᠣᠭᠲᠠᠯᠴᠠᠭ᠎ᠠ ᠶᠢ ᠪᠦᠬᠦ ᠬᠦᠴᠦᠨ ᠢᠶᠠᠷ | ᠪᠠᠶᠢᠭᠤᠯᠵᠤ ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ | ᠠᠬᠢᠭᠤᠯᠤᠨ᠎ᠠ ᠃ | |