| ᠲᠦᠭ ᠲᠦᠮᠡᠨ ᠭᠡᠷ ᠪᠦᠯᠢ ᠶᠢᠨ ᠡᠮᠴᠢᠯᠡᠭᠡᠨ ᠤ ᠵᠠᠷᠤᠳᠠᠯ ᠠᠴᠠ ᠪᠣᠯᠤᠭᠰᠠᠨ ᠠᠵᠤ ᠠᠬᠤᠢ ᠶᠢᠨ ᠲᠦᠭᠰᠢᠭᠦᠷᠢ ᠶᠢ ᠨᠢ ᠬᠠᠪᠰᠤᠷᠤᠨ ᠠᠷᠭᠠᠴᠠᠭᠠᠬᠤ ᠶᠢᠨ | ᠲᠥᠯᠥᠭᠡ ᠂ ᠤᠯᠤᠰ ᠠᠴᠠ ᠦᠨᠳᠦᠰᠦᠨ ᠡᠮᠴᠢᠯᠡᠭᠡᠨ ᠤ ᠳᠠᠭᠠᠳᠬᠠᠯ ᠂ ᠬᠦᠨᠳᠦ ᠡᠪᠡᠳᠴᠢᠨ ᠤ ᠳᠠᠭᠠᠳᠬᠠᠯ ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠭᠤᠷᠪᠠᠲᠤ | ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠤᠯᠠᠨ ᠲᠦᠮᠡᠨ ᠤ ᠡᠮᠴᠢᠯᠡᠭᠡᠨ ᠤ ᠵᠠᠷᠤᠳᠠᠯ ᠤᠨ | ᠳᠠᠷᠤᠭᠠᠰᠤ ᠶᠢ ᠨᠢ ᠱᠠᠲᠤ ᠳᠠᠷᠠᠭᠠᠯᠠᠨ ᠬᠥᠩᠭᠡᠯᠡᠪᠡ ᠃ ᠡᠭᠦᠨ ᠳᠤ ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ ᠳᠣᠷᠣᠭᠰᠢ | ︽ ᠬᠦᠨᠳᠦ ᠡᠪᠡᠳᠴᠢᠨ ᠤ ᠳᠠᠭᠠᠳᠬᠠᠯ ︾ ᠭᠡᠵᠦ ᠲᠣᠪᠴᠢᠯᠠᠪᠠ ︶ ᠪᠣᠯ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢᠨ ᠳᠡᠭᠡᠷ᠎ᠡ ᠬᠦᠨᠳᠦ | ᠡᠪᠡᠳᠴᠢᠲᠡᠨ ᠤ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠢ ᠤᠯᠠᠮ ᠨᠢᠭᠡ ᠠᠯᠬᠤᠮ ᠪᠠᠲᠤᠯᠠᠬᠤ ᠳᠦᠷᠢᠮ ᠤᠨ ᠲᠣᠬᠢᠷᠠᠭᠤᠯᠤᠯᠲᠠ ᠮᠥᠨ ᠃ | ᠬᠦᠨᠳᠦ ᠡᠪᠡᠳᠴᠢᠨ ᠤ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ ᠡᠮᠦᠨ᠎ᠡ ᠂ ᠬᠦᠨᠳᠦ ᠡᠪᠡᠳᠴᠢᠨ ᠤ ᠳᠠᠭᠠᠳᠬᠠᠯ ᠨᠢ ᠲᠦᠭ ᠲᠦᠮᠡᠨ ᠭᠡᠷ ᠪᠦᠯᠢ ᠶᠢᠨ | ᠪᠠᠷᠲᠠᠭ᠎ᠠ ᠲᠤᠭᠤᠯᠬᠤ ᠳᠤ ᠲᠤᠰᠠᠯᠠᠭᠰᠠᠨ ᠪᠣᠯᠪᠠᠴᠤ ᠴᠥᠭᠡᠨ ᠪᠤᠰᠤ ᠳᠠᠭᠠᠳᠬᠠᠯ ᠳᠤ ᠣᠷᠣᠯᠴᠠᠭᠰᠠᠳ ᠡᠨᠡ ᠬᠦ ᠳᠦᠷᠢᠮ ᠤᠨ ᠲᠤᠬᠠᠢ ᠣᠶᠢᠯᠠᠭᠠᠯᠲᠠ ᠳᠤᠲᠠᠮᠠᠭ | ᠪᠠᠶᠢᠨ᠎ᠠ ᠃ ᠨᠡᠶᠢᠭᠡᠮ ᠤᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠤᠯᠪᠣᠭᠳᠠᠯ | ᠪᠦᠬᠦᠢ ᠬᠠᠷᠢᠭᠤᠴᠠᠯᠭᠠᠲᠠᠨ ᠲᠦᠷᠦᠭᠦᠬᠡᠨ ᠳᠤ ᠲᠣᠳᠣᠷᠬᠠᠢ ᠬᠠᠷᠢᠭᠤᠯᠲᠠ ᠥᠭᠴᠡᠢ ᠃ | ᠳᠠᠭᠠᠳᠬᠠᠯ ᠳᠤ ᠣᠷᠣᠯᠴᠠᠬᠤ ᠶᠢ ᠲᠤᠰᠠᠭᠠᠷ ᠭᠤᠶᠤᠴᠢᠯᠠᠬᠤ ᠴᠢᠬᠤᠯᠠ ᠦᠭᠡᠢ | ᠠᠰᠠᠭᠤᠯᠲᠠ ᠄ ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠭᠤᠶᠤᠴᠢᠯᠠᠵᠤ ᠂ ᠬᠡᠷᠬᠢᠨ ᠰᠦᠢᠳᠬᠡᠯ ᠲᠤᠰᠢᠶᠠᠬᠤ ᠪᠣᠢ ︖ | ᠬᠠᠷᠢᠭᠤᠯᠲᠠ ᠄ ᠳᠦᠷᠢᠮ ᠢ ᠪᠠᠶᠢᠭᠤᠯᠤᠭᠰᠠᠨ ᠠᠴᠠ ᠨᠠᠭᠠᠰᠢ ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠳᠤ ᠳᠠᠭᠠᠳᠬᠠᠯ ᠳᠤ ᠣᠷᠣᠯᠴᠠᠬᠤ ᠶᠢ | ᠲᠤᠰᠠᠭᠠᠷ ᠭᠤᠶᠤᠴᠢᠯᠠᠬᠤ ᠴᠢᠬᠤᠯᠠ ᠦᠭᠡᠢ ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠰᠦᠢᠳᠬᠡᠯ ᠲᠤᠰᠢᠶᠠᠵᠤ | ᠣᠷᠣᠯᠴᠠᠭᠰᠠᠨ ᠪᠣᠶ ᠪᠦᠬᠦᠢ ᠬᠥᠮᠥᠰ ᠴᠥᠮ ᠬᠦᠨᠳᠦ ᠡᠪᠡᠳᠴᠢᠨ ᠤ ᠳᠠᠭᠠᠳᠬᠠᠯ ᠤᠨ ᠣᠷᠣᠯᠴᠠᠭᠴᠢ ᠮᠥᠨ ᠪᠣᠯᠬᠤᠷ ᠲᠤᠰᠠᠭᠠᠷ ᠰᠦᠢᠳᠬᠡᠯ ᠲᠤᠰᠢᠶᠠᠬᠤ ᠴᠢᠬᠤᠯᠠ | ᠦᠭᠡᠢ ᠭᠡᠵᠦ ᠲᠣᠭᠲᠠᠭᠠᠵᠠᠢ ᠃ | ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠤᠨ ᠲᠤᠷᠰᠢᠯᠲᠠ ᠶᠢ 2012 ᠣᠨ ᠳᠤ ᠡᠬᠢᠯᠡᠭᠦᠯᠵᠦ ᠂ 2015 ᠣᠨ ᠠᠴᠠ ᠡᠬᠢᠯᠡᠨ ᠪᠦᠬᠦ ᠲᠠᠯ᠎ᠠ ᠪᠠᠷ | ᠬᠡᠷᠡᠭᠵᠢᠭᠦᠯᠪᠡ ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠮᠡᠳᠡᠭᠡᠨ ᠠᠴᠠ ᠦᠵᠡᠪᠡᠯ ᠂ 10 ᠭᠠᠷᠤᠢ ᠵᠢᠯ ᠤᠨ ᠲᠤᠷᠰᠢ ᠂ ᠬᠦᠨᠳᠦ ᠡᠪᠡᠳᠴᠢᠨ ᠤ | ᠳᠠᠭᠠᠳᠬᠠᠯ ᠨᠢ ᠳ᠋ᠦᠩᠰᠢᠭᠤᠷ ᠰᠢᠬᠠᠮ ᠡᠪᠡᠳᠴᠢᠲᠡᠳ ᠲᠤ ᠠᠰᠢᠭ ᠬᠦᠷᠲᠡᠭᠡᠭᠰᠡᠨ ᠪᠠᠶᠢᠨ᠎ᠠ ᠃ ᠵᠥᠪᠬᠡᠨ 2023 ᠣᠨ ᠳᠤ ᠂ ᠬᠦᠨᠳᠦ ᠡᠪᠡᠳᠴᠢᠨ ᠤ | ᠳᠠᠭᠠᠳᠬᠠᠯ ᠤᠨ ᠲᠠᠩᠰᠠ ᠲᠠᠶᠢᠯᠤᠭᠰᠠᠨ ᠬᠥᠮᠥᠨ 1156 ᠲᠦᠮᠡ ᠳᠤ ᠬᠦᠷᠴᠦ ᠂ ᠬᠥᠮᠥᠨ ᠳᠤᠮᠳᠠᠴᠢ ᠶᠢᠨ ᠳᠠᠷᠤᠭᠠᠰᠤ ᠶᠢ 8000 ᠲᠥᠭᠦᠷᠢᠭ ᠬᠥᠩᠭᠡᠯᠡᠵᠦ ᠂ | ᠬᠠᠮᠤᠭ ᠥᠨᠳᠥᠷ ᠲᠤ ᠪᠠᠨ ᠵᠠᠭᠤᠨ ᠲᠦᠮᠡᠨ ᠲᠥᠭᠦᠷᠢᠭ ᠠᠴᠠ ᠳᠡᠭᠡᠭᠰᠢᠬᠢ ᠲᠠᠩᠰᠠ ᠲᠠᠶᠢᠯᠤᠭᠰᠠᠨ ᠪᠠᠶᠢᠨ᠎ᠠ ᠃ | ᠬᠦᠨᠳᠦ ᠡᠪᠡᠳᠴᠢᠨ ᠤ ᠳᠠᠭᠠᠳᠬᠠᠯ ᠤᠨ ᠦᠢᠯᠡᠳᠦᠯ ᠢ ᠮᠠᠰᠢ ᠰᠠᠶᠢᠨ ᠲᠣᠳᠣᠷᠬᠠᠶᠢᠯᠠᠵᠤ ᠴᠢᠳᠠᠬᠤ ᠨᠢᠭᠡᠨ ᠵᠢᠱᠢᠶ᠎ᠡ ᠪᠣᠢ ᠃ ᠡᠨᠡ ᠵᠢᠯ ᠤᠨ ᠡᠬᠢᠨ ᠢᠶᠠᠷ ᠂ | ᠠᠨᠾᠦ᠋ᠢ ᠮᠤᠵᠢ ᠶᠢᠨ ᠠᠨᠴᠢᠩ ᠬᠤᠳᠠ ᠶᠢᠨ ᠶᠤᠸᠠᠢ ᠰᠢ ᠰᠢᠶᠠᠨ ᠳᠤ ᠂ 37 ᠨᠠᠰᠤᠲᠠᠢ ᠴᠦ᠋ ᠠᠪᠤᠭᠠᠢ ᠭᠡᠨᠡᠳᠲᠡ ᠵᠢᠷᠦᠬᠡᠨ ᠤ ᠡᠭᠦᠰᠪᠦᠷᠢ ᠶᠢᠨ ᠱᠣᠺ ᠡᠭᠦᠰᠴᠦ ᠂ | ᠰᠥᠨᠢ ᠳᠦᠯᠢ ᠪᠠᠷ ᠡᠮᠨᠡᠯᠭᠡ ᠳᠤ ᠬᠦᠷᠭᠡᠵᠦ ᠲᠦᠷᠭᠡᠨ ᠠᠪᠤᠷᠠᠭᠤᠯᠵᠠᠢ ᠃ ᠬᠤᠶᠢᠰᠢᠳᠠ ᠶᠢᠨ ᠮᠡᠰᠡ ᠵᠠᠰᠠᠯ ᠳᠠᠬᠢ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ | ᠲᠠᠯ᠎ᠠ ᠪᠠᠷ ᠭᠡᠷ ᠤᠨ ᠬᠥᠮᠥᠰ ᠨᠢ ᠰᠠᠨᠠᠭ᠎ᠠ ᠵᠣᠪᠠᠵᠤ ᠪᠠᠶᠢᠯ᠎ᠠ ᠃ ᠲᠣᠰᠬᠤᠨ ᠤ ᠡᠮᠴᠢᠯᠡᠭᠡᠨ ᠤ ᠳᠠᠭᠠᠳᠬᠠᠯ ᠤᠨ ᠲᠤᠰᠬᠠᠢ ᠠᠵᠢᠯᠲᠠᠨ ᠪᠠᠶᠢᠳᠠᠯ ᠢ ᠣᠶᠢᠯᠠᠭᠠᠭᠰᠠᠨ ᠤ | ᠳᠠᠷᠠᠭ᠎ᠠ ᠲᠡᠳᠡᠨ ᠢ ᠰᠠᠨᠠᠭ᠎ᠠ ᠵᠣᠪᠠᠭ᠋ᠤ ᠬᠡᠷᠡᠭ ᠦᠭᠡᠢ ᠂ ᠡᠮᠴᠢᠯᠡᠭᠡᠨ ᠤ ᠳᠠᠭᠠᠳᠬᠠᠯ ᠂ ᠬᠦᠨᠳᠦ ᠡᠪᠡᠳᠴᠢᠨ ᠤ ᠳᠠᠭᠠᠳᠬᠠᠯ ᠪᠠᠶᠢᠬᠤ ᠲᠤᠯᠠ ᠲᠠᠩᠰᠠ ᠳᠡᠶᠢᠯᠵᠦ | ᠪᠣᠯᠣᠨ᠎ᠠ ᠭᠡᠵᠡᠢ ᠃ ᠴᠦ᠋ ᠠᠪᠤᠭᠠᠢ ᠶᠢᠨ ᠡᠮᠨᠡᠯᠭᠡ ᠳᠤ ᠰᠠᠭᠤᠭᠰᠠᠨ ᠬᠤᠭᠤᠴᠠᠭᠠᠨ ᠳᠠᠬᠢ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠭᠤᠷᠪᠠᠲᠤ ᠳᠦᠷᠢᠮ ᠪᠠᠷᠤᠭ | 2/3 ᠢ ᠨᠢ ᠳᠠᠩᠰᠠ ᠳᠡᠶᠢᠯᠵᠦ ᠥᠭᠴᠡᠢ ᠂ ᠡᠭᠦᠨ ᠤ ᠳᠣᠲᠣᠷ᠎ᠠ ᠬᠦᠨᠳᠦ ᠡᠪᠡᠳᠴᠢᠨ ᠤ ᠳᠠᠭᠠᠳᠬᠠᠯ ᠤᠨ ᠳᠠᠩᠰᠠ ᠲᠠᠶᠢᠯᠬᠤ ᠲᠤᠭ᠎ᠠ ᠨᠢ ᠶᠡᠬᠡᠩᠬᠢ ᠶᠢ ᠡᠵᠡᠯᠡᠵᠦ ᠂ | ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠨᠢ ᠶᠡᠭᠡ ᠪᠠᠷ ᠬᠥᠩᠭᠡᠯᠡᠭᠰᠡᠨ ᠪᠠᠶᠢᠨ᠎ᠠ ᠃ | ᠬᠦᠴᠢᠷᠳᠡᠯ ᠲᠠᠢ ᠬᠥᠮᠥᠰ ᠲᠤ ᠬᠠᠨᠳᠤᠭᠤᠯᠤᠨ ᠂ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ | ᠠᠰᠠᠭᠤᠯᠲᠠ ᠄ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠥᠯᠥᠬᠦ ᠪᠠᠷᠢᠮᠵᠢᠶ᠎ᠠ ᠨᠢ ᠬᠡᠳᠦᠢ ᠪᠣᠯ ︖ | ᠬᠠᠷᠢᠭᠤᠯᠲᠠ ᠄ ᠣᠳᠣᠬᠠᠨ ᠳᠤ ᠂ ᠤᠯᠤᠰ ᠠᠴᠠ ᠲᠣᠭᠲᠠᠭᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠥᠯᠥᠬᠦ ᠪᠠᠷᠢᠮᠵᠢᠶ᠎ᠠ ᠶᠢ ᠵᠠᠷᠴᠢᠮ | ᠳᠡᠭᠡᠷ᠎ᠡ ᠪᠠᠨ ᠨᠢᠭᠡᠳᠦᠯᠲᠡᠢ ᠲᠥᠯᠥᠪᠯᠡᠭᠡ ᠶᠢᠨ ᠭᠠᠵᠠᠷ ᠣᠷᠣᠨ ᠤ ᠰᠠᠭᠤᠭᠠᠯᠢ ᠠᠷᠠᠳ ᠤᠨ ᠲᠦᠷᠦᠭᠦᠤ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ 50% ᠠᠴᠠ ᠬᠡᠲᠦᠷᠡᠭᠦᠯᠬᠦ ᠦᠭᠡᠢ ᠂ ᠲᠥᠯᠥᠬᠦ ᠬᠠᠷᠢᠴᠠᠯ ᠢ 60% ᠠᠴᠠ ᠳᠣᠣᠷᠠᠳᠠᠭᠤᠯᠬᠤ ᠦᠭᠡᠢ ︔ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠳᠤ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠥᠨᠳᠥᠷ ᠲᠥᠯᠥᠬᠦ ᠬᠢᠵᠠᠭᠠᠷ ᠲᠤᠭ᠎ᠠ ᠶᠢ ᠨᠡᠮᠡᠵᠦ ᠂ ᠵᠠᠷᠴᠢᠮ ᠳᠡᠭᠡᠷ᠎ᠡ ᠪᠠᠨ ᠲᠤᠬᠠᠢ ᠶᠢᠨ | ᠭᠠᠵᠠᠷ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ ᠣᠷᠴᠢᠮ ᠳᠤ ᠬᠦᠷᠦᠭᠦᠯᠦᠨ᠎ᠡ ᠃ | ᠬᠦᠴᠢᠷᠳᠡᠯᠲᠡᠢ ᠬᠥᠮᠥᠰ ᠲᠤ ᠴᠢᠭᠯᠡᠭᠦᠯᠦᠨ ᠂ ᠤᠯᠤᠰ ᠠᠴᠠ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠣᠨᠣᠪᠴᠢᠲᠠᠢ ᠪᠠᠷ ᠬᠡᠯᠪᠠᠶᠢᠯᠭᠡᠬᠦ ᠶᠢ ᠬᠡᠷᠡᠭᠵᠢᠭᠦᠯᠪᠡ ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠂ | ᠣᠨᠴᠠ ᠬᠦᠴᠢᠷᠳᠡᠯᠲᠡᠢ ᠬᠥᠮᠥᠰ ᠪᠠ ᠳᠠᠬᠢᠨ ᠶᠠᠳᠠᠭᠤᠷᠠᠭᠰᠠᠨ ᠬᠢᠭᠡᠳ ᠶᠠᠳᠠᠭᠤᠷᠠᠭᠰᠠᠨ ᠬᠥᠮᠥᠰ ᠤᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠥᠯᠥᠬᠦ | ᠪᠠᠷᠢᠮᠵᠢᠶ᠎ᠠ ᠶᠢ 50% ᠪᠠᠷ ᠪᠠᠭᠤᠷᠠᠭᠤᠯᠵᠤ ᠂ ᠲᠥᠯᠥᠬᠦ ᠬᠠᠷᠢᠴᠠᠯ ᠢ 5 ᠵᠠᠭᠤᠨ ᠤ ᠴᠡᠭ ᠳᠡᠭᠡᠭᠰᠢᠯᠡᠭᠦᠯᠬᠦ ᠶᠢᠨ ᠬᠠᠮᠲᠤ ᠬᠠᠮᠤᠭ ᠤᠨ ᠥᠨᠳᠥᠷ ᠲᠥᠯᠥᠬᠦ ᠬᠢᠵᠠᠭᠠᠷ | ᠲᠤᠭ᠎ᠠ ᠶᠢ ᠦᠭᠡᠶᠢᠰᠬᠡᠪᠡ ᠃ | ᠣᠳᠣᠬᠠᠨ ᠳᠤ ᠂ ᠬᠡᠦᠬᠡᠳ ᠤᠨ ᠴᠢᠰᠤ ᠴᠠᠶᠢᠬᠤ ᠡᠪᠡᠳᠴᠢᠨ ᠂ ᠲᠥᠷᠥᠯᠬᠢ ᠵᠢᠷᠦᠬᠡᠨ ᠡᠪᠡᠳᠴᠢᠨ ᠂ ᠠᠭᠤᠰᠬᠢᠨ ᠤ ᠥᠮᠡᠨ ᠵᠡᠷᠭᠡ ᠵᠠᠷᠤᠳᠠᠯ ᠶᠡᠬᠡᠲᠡᠢ ᠬᠦᠨᠳᠦ | ᠡᠪᠡᠳᠴᠢᠨ ᠨᠦᠭᠦᠳ ᠢ ᠪᠠᠭᠲᠠᠭᠠᠭᠰᠠᠨ ᠲᠣᠭᠲᠠᠭᠠᠯ ᠳᠤ ᠨᠡᠶᠢᠴᠡᠬᠦ ᠶᠢ ᠨᠢ ᠴᠥᠮ ᠬᠦᠨᠳᠦ ᠡᠪᠡᠳᠴᠢᠨ ᠤ ᠳᠠᠭᠠᠳᠬᠠᠯ ᠢᠶᠠᠷ ᠲᠠᠩᠰᠠ ᠳᠡᠶᠢᠯᠵᠦ ᠪᠣᠯᠣᠨ᠎ᠠ ᠃ | ᠠᠰᠠᠭᠤᠯᠲᠠ ᠄ ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠳ᠋ᠦᠩᠨᠡᠨ ᠪᠤᠳᠤᠬᠤ ᠪᠣᠶ ︖ | ᠬᠠᠷᠢᠭᠤᠯᠲᠠ ᠄ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠴᠢ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠮᠴᠢᠯᠡᠭᠡᠨ ᠤ | ᠵᠠᠷᠤᠳᠠᠯ ᠭᠠᠷᠭᠠᠭᠠᠳ ᠲᠡᠷᠡ ᠵᠠᠷᠤᠳᠠᠯ ᠨᠢ ᠬᠦᠨᠳᠦ ᠡᠪᠡᠳᠴᠢᠨ ᠤ ᠳᠠᠭᠠᠳᠬᠠᠯ ᠤᠨ ᠵᠠᠷᠤᠳᠠᠯ ᠤᠨ ᠬᠡᠰᠡᠭ ᠲᠤ ᠣᠷᠣᠭᠰᠠᠨ ᠪᠣᠯ ᠂ ︽ ᠭᠠᠭᠴᠠ ᠥᠷᠲᠡᠭᠡ ︾ ᠪᠠᠷ | ᠳ᠋ᠦᠩᠨᠡᠨ ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ ᠳᠤ ᠳᠠᠷᠤᠢ ᠳᠤ ᠨᠢ ᠳ᠋ᠦᠩᠨᠡᠨ ᠪᠣᠳᠣᠵᠤ ᠂ ᠬᠠᠮᠢᠶ᠎ᠠ ᠪᠦᠬᠦᠢ ᠬᠠᠷᠠᠭᠠᠯᠵᠠᠯ ᠢ ᠠᠶᠠᠨᠳᠠᠭᠠᠨ ᠬᠦᠷᠲᠡᠵᠦ ᠂ | ᠲᠤᠰᠬᠠᠢ ᠭᠤᠶᠤᠴᠢᠯᠠᠬᠤ ᠴᠢᠬᠤᠯᠠ ᠦᠭᠡᠢ ᠃ | 90% ᠠᠴᠠ ᠳᠡᠭᠡᠭᠰᠢᠬᠢ ᠨᠢᠭᠡᠳᠦᠯᠲᠡᠢ ᠲᠥᠯᠥᠪᠯᠡᠭᠡ ᠶᠢᠨ ᠭᠠᠵᠠᠷ ᠣᠷᠣᠨ ᠨᠤᠭᠤᠳ ᠵᠠᠰᠠᠭ ᠤᠨ ᠣᠷᠳᠣᠨ ᠬᠤᠳᠠᠯᠳᠤᠭᠠᠨ ᠤ ᠳᠠᠭᠠᠳᠬᠠᠯ ᠬᠤᠳᠠᠯᠳᠤᠨ | ᠠᠪᠬᠤ ᠪᠠᠷ ᠳᠠᠮᠵᠢᠭᠤᠯᠤᠨ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠭᠦᠢᠴᠡᠳᠬᠡᠨ᠎ᠡ | ᠠᠰᠠᠭᠤᠯᠲᠠ ᠄ ᠦᠨᠳᠦᠰᠦᠨ ᠡᠮᠴᠢᠯᠡᠭᠡᠨ ᠤ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠲᠠᠢ ᠪᠣᠯᠤᠭᠰᠠᠨ ᠪᠠᠶᠢᠲᠠᠯ᠎ᠠ ᠪᠠᠰᠠ ᠬᠤᠳᠠᠯᠳᠤᠭᠠᠨ ᠤ | ᠳᠠᠭᠠᠳᠬᠠᠯ ᠤᠨ ᠬᠦᠨᠳᠦ ᠡᠪᠡᠳᠴᠢᠨ ᠤ ᠳᠠᠭᠠᠳᠬᠠᠯ ᠢ ᠲᠤᠰᠠᠭᠠᠷ ᠬᠤᠳᠠᠯᠳᠤᠨ ᠠᠪᠬᠤ ᠴᠢᠬᠤᠯᠠᠲᠠᠢ ᠤᠤ ︖ | ᠬᠠᠷᠢᠭᠤᠯᠲᠠ ᠄ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠪᠠᠶᠢᠭᠤᠯᠤᠭᠰᠠᠨ ᠠᠴᠠ ᠡᠬᠢᠯᠡᠨ ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠵᠠᠬ᠎ᠠ | ᠳᠡᠯᠭᠡᠭᠦᠷ ᠤᠨ ᠣᠷᠣᠯᠴᠠᠬᠤ ᠶᠢ ᠢᠮᠠᠭᠲᠠ ᠵᠣᠷᠢᠭᠵᠢᠭᠤᠯᠵᠤ ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠬᠢᠬᠦ ᠶᠢ ᠢᠳᠡᠪᠬᠢᠲᠡᠢ ᠳᠡᠮᠵᠢᠵᠦ ᠂ | ᠡᠮᠴᠢᠯᠡᠭᠡᠨ ᠤ ᠳᠠᠭᠠᠳᠬᠠᠯ ᠤᠨ ᠨᠡᠶᠢᠭᠡᠮ ᠬᠤᠳᠠᠯᠳᠤᠭ᠎ᠠ ᠬᠠᠮᠲᠤᠷᠠᠯᠴᠠᠬᠤ ᠰᠢᠨ᠎ᠡ ᠵᠠᠭᠪᠤᠷ ᠪᠠᠶᠢᠭᠤᠯᠤᠨ ᠪᠦᠷᠢᠨᠰᠢᠭᠦᠯᠬᠦ ᠶᠢᠨ ᠰᠢᠨ᠎ᠡ ᠶᠢ ᠡᠭᠦᠳᠪᠡ ᠃ ᠣᠳᠣᠬᠠᠨ ᠳᠤ ᠂ | 90% ᠠᠴᠠ ᠳᠡᠭᠡᠭᠰᠢᠬᠢ ᠨᠢᠭᠡᠳᠦᠯᠲᠡᠢ ᠲᠥᠯᠥᠪᠯᠡᠭᠡ ᠶᠢᠨ ᠭᠠᠵᠠᠷ ᠣᠷᠣᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠪᠠᠷ ᠬᠤᠳᠠᠯᠳᠤᠭᠠᠨ ᠤ | ᠳᠠᠭᠠᠳᠬᠠᠯ ᠤᠨ ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠳᠠᠭᠠᠭᠠᠨ ᠬᠢᠯᠭᠡᠵᠦ ᠪᠠᠶᠢᠭ᠎ᠠ ᠨᠢ ᠬᠤᠳᠠᠯᠳᠤᠭᠠᠨ ᠤ | ᠳᠠᠭᠠᠳᠬᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠭᠰᠡᠨ ᠢᠶᠠᠷ ᠪᠠᠷᠠᠬᠤ ᠦᠭᠡᠢ ᠬᠦᠨᠳᠦ ᠡᠪᠡᠳᠴᠢᠨ ᠤ ᠳᠠᠭᠠᠳᠬᠠᠯ ᠤᠨ ᠬᠠᠮᠢᠶᠠᠷᠤᠯᠲᠠ ᠶᠢᠨ | ᠦᠢᠯᠡᠴᠢᠯᠡᠭᠡᠨ ᠤ ᠲᠦᠪᠰᠢᠨ ᠢ ᠴᠦ ᠤᠯᠠᠮ ᠨᠢᠭᠡ ᠠᠯᠬᠤᠮ ᠳᠡᠭᠡᠭᠰᠢᠯᠡᠭᠦᠯᠪᠡ ᠃ | ᠳᠠᠭᠠᠳᠬᠠᠯ ᠤᠨ ᠴᠢᠳᠠᠮᠵᠢ ᠪᠣᠯ ᠲᠦᠭᠰᠢᠭᠦᠷᠢ ᠶᠢ ᠰᠡᠷᠭᠡᠶᠢᠯᠡᠬᠦ ᠶᠠᠪᠤᠳᠠᠯ ᠪᠣᠯᠣᠨ᠎ᠠ ᠃ ᠦᠨᠳᠦᠰᠦᠨ ᠡᠮᠴᠢᠯᠡᠭᠡᠨ ᠤ ᠳᠠᠭᠠᠳᠬᠠᠯ ᠪᠠ ᠬᠦᠨᠳᠦ ᠡᠪᠡᠳᠴᠢᠨ ᠤ | ᠳᠠᠭᠠᠳᠬᠠᠯ ᠠᠴᠠ ᠭᠠᠳᠠᠨ᠎ᠠ ᠂ ᠳᠠᠭᠠᠳᠬᠠᠯ ᠳᠤ ᠣᠷᠣᠯᠴᠠᠭᠴᠢ ᠬᠤᠳᠠᠯᠳᠤᠭᠠᠨ ᠤ ᠳᠠᠭᠠᠳᠬᠠᠯ ᠨᠥᠬᠦᠪᠦᠷᠢᠯᠡᠬᠦ ᠴᠢᠬᠤᠯᠠᠲᠠᠢ ᠡᠰᠡᠬᠦ ᠨᠢ ᠬᠤᠪᠢ ᠬᠥᠮᠥᠨ ᠤ ᠰᠠᠨᠠᠭ᠎ᠠ | ᠪᠠ ᠳᠠᠭᠠᠭᠠᠬᠤ ᠴᠢᠳᠠᠪᠤᠷᠢ ᠠᠴᠠ ᠪᠣᠯᠣᠨ᠎ᠠ ᠃ ᠡᠲᠡᠭᠡᠷ ᠵᠢᠯ ᠤᠳ ᠲᠤ ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠯ᠎ᠡ ᠭᠠᠵᠠᠷ ᠤᠨ ᠬᠠᠮᠢᠶᠠᠷᠤᠯᠲᠠ | ᠦᠢᠯᠡᠴᠢᠯᠡᠭᠡᠨ ᠤ ᠲᠣᠭᠲᠠᠴᠠ ᠶᠢᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ ᠂ ᠵᠠᠷᠢᠮ ᠭᠠᠵᠠᠷ ᠣᠷᠣᠨ ᠤ ᠰᠦᠪᠡᠭᠴᠢᠯᠡᠯᠲᠡ ᠨᠢ ᠨᠡᠯᠢᠶᠡᠳ ᠪᠦᠲᠦᠮᠵᠢᠲᠡᠢ ᠪᠠᠶᠢᠨ᠎ᠠ ᠃ | | ᠵᠢᠱᠢᠶᠡᠯᠡᠪᠡᠯ ᠂ ᠵᠧᠵᠢᠶᠠᠩ ᠮᠤᠵᠢ ᠶᠢᠨ ᠵᠢᠨᠬᠤᠸᠠ ᠬᠤᠲᠠ ︽ ᠵᠠᠰᠠᠭ ᠤᠨ ᠣᠷᠳᠣᠨ ᠠᠵᠢᠯᠯᠠᠭ᠎ᠠ ᠲᠠᠢ ᠂ ᠬᠤᠳᠠᠯᠳᠤᠭᠠᠨ ᠤ ᠳᠠᠭᠠᠳᠬᠠᠯ ᠳᠠᠭᠠᠭᠠᠨ ᠬᠢᠭᠰᠡᠨ ᠂ | ᠨᠡᠶᠢᠭᠡᠮ ᠢᠶᠠᠷ ᠢᠶᠠᠨ ᠵᠠᠰᠠᠵᠠᠭᠠᠭᠰᠠᠨ ︾ ᠬᠦᠨᠳᠦ ᠡᠪᠡᠳᠴᠢᠨ ᠤ ᠳᠠᠭᠠᠳᠬᠠᠯ ᠤᠨ ᠠᠵᠢᠯᠯᠠᠭᠠᠨ ᠤ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠂ ᠬᠦᠨᠳᠦ | ᠡᠪᠡᠳᠴᠢᠨ ᠤ ᠳᠠᠭᠠᠳᠬᠠᠯ ᠢ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠶᠢᠨ ᠬᠤᠲᠠ ᠶᠢᠨ ᠲᠣᠭᠲᠠᠭᠠᠭᠰᠠᠨ ᠬᠡᠯᠪᠡᠷᠢ ᠶᠢᠨ ᠬᠤᠳᠠᠯᠳᠤᠭᠠᠨ ᠤ ᠳᠠᠭᠠᠳᠬᠠᠯ ᠲᠠᠢ | ᠠᠭᠤᠰᠤᠯᠴᠠᠭᠤᠯᠵᠤ ᠂ ᠬᠦᠨᠳᠦ ᠡᠪᠡᠳᠴᠢᠨ ᠤ ᠳᠠᠭᠠᠳᠬᠠᠯ ᠤᠨ ᠦᠨᠳᠦᠰᠦᠨ ᠳᠠᠭᠠᠳᠬᠠᠯ ᠤᠨ ᠰᠦᠢᠳᠬᠡᠯ ᠤᠨ ᠰᠠᠭᠤᠷᠢᠨ ᠳᠡᠭᠡᠷ᠎ᠡ ᠂ ᠬᠤᠪᠢ ᠬᠥᠮᠥᠨ ᠤ ︽ | ᠳᠠᠭᠠᠳᠬᠠᠯ ᠤᠨ ᠰᠦᠢᠳᠬᠡᠯ ᠢ ᠰᠣᠩᠭᠤᠨ ᠲᠤᠰᠢᠶᠠᠬᠤ ︾ ᠲᠣᠭᠲᠠᠴᠠ ᠶᠢᠨ ᠰᠢᠨ᠎ᠡ ᠶᠢ ᠡᠭᠦᠳᠴᠦ ᠂ ︽ ᠢᠯᠡᠭᠦᠦ ᠲᠤᠰᠢᠶᠠᠪᠠᠯ ᠢᠯᠡᠭᠦᠦ ᠣᠯᠬᠤ ᠂ ᠦᠷᠭᠦᠯᠵᠢᠯᠡᠨ | ᠲᠤᠰᠢᠶᠠᠪᠠᠯ ᠢᠯᠡᠭᠦᠦ ᠣᠯᠬᠤ ︾ ᠶᠢ ᠪᠡᠶᠡᠯᠡᠭᠦᠯᠵᠡᠢ ᠃ 2023 ᠣᠨ ᠤ ᠡᠴᠦᠰ ᠪᠣᠯᠲᠠᠯ᠎ᠠ ᠂ ᠵᠢᠨᠬᠤᠸᠠ ᠶᠢᠨ ᠬᠦᠨᠳᠦ ᠡᠪᠡᠳᠴᠢᠨ ᠤ ᠳᠠᠭᠠᠳᠬᠠᠯ ᠨᠢ ᠨᠡᠶᠢᠲᠡ 64. | 53 ᠲᠦᠮᠡᠨ ᠬᠥᠮᠥᠨ ᠤ ᠳᠠᠷᠤᠭᠠᠰᠤ ᠶᠢ 75.84 ᠳ᠋ᠦᠩᠰᠢᠭᠤᠷ ᠲᠥᠭᠦᠷᠢᠭ ᠬᠥᠩᠭᠡᠯᠡᠵᠦ ᠂ ᠲᠠᠩᠰᠠ ᠲᠠᠶᠢᠯᠤᠭᠰᠠᠨ ᠵᠣᠭᠤᠰ ᠤᠨ ᠲᠤᠭ᠎ᠠ ᠨᠢ 20 ᠲᠦᠮᠡᠨ | ᠲᠥᠭᠦᠷᠢᠭ ᠠᠴᠠ ᠳᠡᠭᠡᠭᠰᠢ ᠨᠢ 1798 ᠬᠥᠮᠥᠨ ᠪᠠᠶᠢᠪᠠ ᠃ | | |