| ᠳᠠᠪᠤᠰᠤ ᠶᠡᠬᠡᠲᠡᠢ ᠢᠳᠡᠭᠡᠨ ᠤᠮᠳᠠᠭᠠᠨ ᠤ ᠬᠤᠣᠷ ᠬᠥᠨᠥᠭᠡᠯ ᠨᠢ ᠵᠦᠪᠬᠡᠨ ᠴᠢᠰᠤᠨ ᠳᠠᠷᠤᠯᠲᠠ ᠶᠢ ᠥᠨᠳᠥᠷ ᠪᠤᠯᠭᠠᠬᠤ ᠲᠡᠳᠦᠢ ᠪᠢᠰᠢ ᠂ ᠬᠤᠳᠣᠭᠤᠳᠤᠨ ᠤ | ᠦᠷᠪᠢᠰᠦᠯ ᠤᠨ ᠡᠭᠦᠰᠦᠯᠲᠡ ᠨᠢ ᠴᠤ ᠳᠠᠪᠤᠰᠤ ᠶᠡᠬᠡᠲᠡᠢ ᠢᠳᠡᠭᠡᠨ ᠤᠮᠳᠠᠭᠠᠨ ᠲᠠᠢ ᠨᠢᠭᠲᠠ ᠬᠠᠷᠢᠴᠠᠭ᠎ᠠ ᠲᠠᠢ ᠪᠠᠶᠢᠳᠠᠭ ᠃ ᠳᠠᠪᠤᠰᠤ ᠶᠢ ᠬᠡᠲᠦᠷᠬᠡᠢ ᠠᠷᠪᠢᠨ | ᠰᠢᠩᠭᠡᠭᠡᠪᠡᠯ ᠬᠤᠳᠣᠭᠤᠳᠤᠨ ᠤ ᠰᠠᠯᠢᠰᠤᠲᠤ ᠪᠦᠷᠬᠦᠪᠴᠢ ᠳᠤ ᠰᠡᠳᠦᠯᠲᠡ ᠥᠭᠴᠦ ᠂ ᠬᠤᠳᠣᠭᠤᠳᠤᠨ ᠬᠠᠨ᠎ᠠ ᠶᠢᠨ ᠡᠰ ᠢ ᠬᠤᠪᠢᠷᠠᠭᠤᠯᠤᠨ ᠤᠨᠠᠭᠠᠵᠤ ᠮᠡᠳᠡᠨ᠎ᠡ ᠃ | ᠬᠠᠨ᠎ᠠ ᠶᠢᠨ ᠡᠰ ᠪᠣᠯ ᠬᠤᠳᠣᠭᠤᠳᠤᠨ ᠤ ᠡᠷᠡᠭᠦᠯ ᠮᠡᠨᠳᠤ ᠶᠢ ᠬᠠᠮᠠᠭᠠᠯᠠᠬᠤ ᠬᠠᠯᠬᠠᠪᠴᠢ ᠮᠥᠨ ᠂ ᠬᠡᠷᠪᠡ ᠡᠪᠳᠡᠭᠳᠡᠪᠡᠯ ᠬᠤᠳᠣᠭᠤᠳᠤᠨ ᠤ ᠦᠷᠪᠢᠰᠦᠯ ᠳᠤ ᠨᠡᠷᠪᠡᠭᠳᠡᠬᠦ | ᠲᠦᠭᠰᠢᠭᠦᠷᠢ ᠶᠢ ᠨᠡᠮᠡᠭᠳᠡᠭᠦᠯᠵᠦ ᠂ ᠬᠦᠨᠳᠦ ᠨᠣᠴᠢᠲᠠᠢ ᠨᠢ ᠪᠠᠰᠠ ᠬᠤᠳᠣᠭᠤᠳᠤᠨ ᠤ ᠦᠮᠡᠨ ᠢ ᠡᠭᠦᠰᠬᠡᠵᠦ ᠮᠡᠳᠡᠨ᠎ᠡ ᠃ ᠨᠣᠭᠤᠭ᠎ᠠ ᠬᠢᠬᠦ ᠳᠡᠭᠡᠨ ᠲᠣᠭᠤᠭᠠᠨ ᠠᠴᠠ ᠪᠠᠨ | ᠭᠠᠷᠭᠠᠬᠤ ᠦᠶ᠎ᠡ ᠳᠤ ᠳᠠᠪᠤᠰᠤ ᠬᠢᠬᠦ ᠶᠢ ᠰᠠᠨᠠᠭᠠᠴᠢᠯᠠᠨ᠎ᠠ ︔ ᠨᠣᠭᠤᠭ᠎ᠠ ᠬᠢᠬᠦ ᠳᠤ ᠼᠤᠤ ᠪᠠᠷ ᠠᠮᠲᠠ ᠣᠷᠣᠭᠤᠯᠵᠤ ᠪᠣᠯᠣᠨ᠎ᠠ ᠂ ᠤᠴᠢᠷ ᠨᠢ ᠪᠠᠭ᠎ᠠ ᠬᠡᠮᠵᠢᠶᠡᠨ ᠤ | ᠼᠤᠤ ᠨᠢ ᠱᠣᠷᠪᠣᠭ ᠠᠮᠲᠠ ᠶᠢ ᠨᠡᠮᠡᠭᠳᠡᠭᠦᠯᠳᠡᠭ ᠃ ᠪᠠᠰᠠ ᠦᠨᠦᠷᠲᠦ ᠨᠠᠪᠴᠢ ᠂ ᠬᠤᠤᠵᠤᠤ ᠶᠢᠨ ᠨᠤᠨᠳᠠᠭ ᠂ ᠶᠡᠷᠮ᠎ᠡ ᠂ ᠰᠣᠩᠭᠢᠨ᠎ᠠ ᠰᠠᠷᠢᠮᠰᠠᠭ ᠭᠠ ᠮᠡᠲᠦ ᠶᠢᠨ | ᠪᠠᠶᠢᠭᠠᠯᠢᠯᠢᠭ ᠠᠮᠲᠠ ᠤᠷᠤᠭᠤᠯᠬᠤ ᠡᠳ᠋ ᠢ ᠢᠯᠡᠭᠦᠦ ᠰᠢᠭ ᠬᠢᠵᠦ ᠪᠣᠯᠣᠨ᠎ᠠ ᠃ ᠠᠮᠢᠳᠤᠷᠠᠯ ᠳᠤᠮᠳᠠ ᠳᠠᠪᠤᠰᠤᠯᠠᠭᠰᠠᠨ ᠨᠣᠭᠤᠭ᠎ᠠ ᠂ ᠳᠠᠷᠤᠰᠢᠯᠠᠭᠰᠠᠨ ᠨᠣᠭᠤᠭ᠎ᠠ ᠂ | ᠪᠤᠷᠴᠠᠭ ᠤᠨ ᠵᠢᠶᠠᠩ ᠂ ᠳᠠᠪᠤᠰᠤᠯᠠᠭᠰᠠᠨ ᠮᠢᠬ᠎ᠠ ᠂ ᠰᠢᠷᠠᠮ ᠵᠡᠷᠭᠡ ᠨᠢᠭᠤᠭᠳᠠᠮᠠᠯ ᠳᠠᠪᠤᠰᠤ ᠲᠠᠢ ᠢᠳᠡᠭᠡᠨ ᠢ ᠪᠠᠭ᠎ᠠ ᠢᠳᠡᠵᠦ ᠂ ᠨᠣᠭᠤᠭ᠎ᠠ ᠬᠢᠬᠦ ᠳᠤ ᠵᠢᠶᠠᠩᠶ᠋ᠢᠦ ᠬᠢᠪᠡᠯ | ᠳᠠᠪᠤᠰᠤ ᠶᠢ ᠪᠠᠭ᠎ᠠ ᠬᠢᠬᠦ ᠬᠡᠷᠡᠭᠲᠡᠢ ᠂ ᠤᠴᠢᠷ ᠨᠢ 10ml ᠵᠢᠶᠠᠩᠶ᠋ᠢᠦ ᠳᠤ ᠪᠠᠷᠤᠭ 1.6 g ᠳᠠᠪᠤᠰᠤ ᠠᠭᠤᠯᠳᠠᠭ ᠃ ᠡᠭᠦᠨ ᠠᠴᠠ ᠭᠠᠳᠠᠨ᠎ᠠ ᠂ ᠪᠣᠭᠤᠳᠠᠯᠯᠠᠭᠰᠠᠨ | ᠢᠳᠡᠬᠡᠨ ᠢ ᠬᠤᠳᠠᠯᠳᠤᠨ ᠠᠪᠬᠤ ᠳᠠᠭᠠᠨ ᠰᠢᠮ᠎ᠡ ᠲᠡᠵᠢᠭᠡᠯ ᠤᠨ ᠪᠦᠷᠢᠯᠳᠦᠭᠦᠨ ᠤ ᠬᠦᠰᠦᠨᠦᠭᠲᠦ ᠶᠢ ᠦᠵᠡᠵᠦ ᠂ ᠴᠢᠳᠠᠬᠤ ᠶᠢᠨ ᠳᠣᠲᠣᠷ᠎ᠠ ᠳᠠᠪᠤᠰᠤ ᠶᠡᠬᠡᠲᠡᠢ | ᠢᠳᠡᠭᠡᠨ ᠢ ᠬᠤᠳᠠᠯᠳᠤᠨ ᠠᠪᠬᠤ ᠦᠭᠡᠢ ᠂ ᠥᠭᠡᠷ᠎ᠡ ᠪᠠᠷ ᠬᠡᠯᠡᠪᠡᠯ ᠨᠠᠳ᠋ᠷᠢ ᠶᠢᠨ ᠠᠭᠤᠯᠠᠭᠳᠠᠴᠠ ᠨᠢ 800mg/100g ᠲᠡᠩᠴᠡᠭᠦᠦ ᠪᠤᠶᠤ ᠶᠡᠭᠡ ᠪᠤᠯᠬᠤ | ᠢᠳᠡᠭᠡᠨ ᠢ ᠬᠤᠳᠠᠯᠳᠤᠨ ᠠᠪᠬᠤ ᠦᠭᠡᠢ ᠪᠣᠯ ᠰᠠᠶᠢᠨ ᠃ ︵ ᠳᠤᠰ ᠪᠤᠯᠤᠩ ᠤᠨ ᠡᠬᠡ ᠪᠢᠴᠢᠭ ᠤᠳ ᠢ ︽ ᠠᠷᠠᠳ ᠤᠨ ᠰᠦᠯᠵᠢᠶ᠎ᠡ ︾ ᠠᠴᠠ ᠰᠢᠯᠵᠢᠭᠦᠯᠪᠡ ︶ | | |