| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 16 ᠤ ᠴᠠᠭᠢᠯᠭᠠᠨ ᠮᠡᠳᠡᠭᠡ 4 ᠰᠠᠷ᠎ᠠ ᠶᠢᠨ 16 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠠᠭᠤᠯᠵᠠᠪᠠ ᠃ | | 4 ᠰᠠᠷ᠎ᠠ ᠶᠢᠨ 16 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ | ᠪᠠᠭᠤᠳᠠᠯ ᠳᠤ ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠠᠭᠤᠯᠵᠠᠪᠠ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ ᠂ ᠡᠨᠡ ᠵᠢᠯ ᠪᠣᠯ ᠳᠤᠮᠳᠠᠳᠤ ᠭᠧᠷᠮᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 10 | ᠵᠢᠯ ᠤᠨ ᠤᠢ ᠪᠣᠯᠣᠨ᠎ᠠ ᠃ 10 ᠵᠢᠯ ᠤᠨ ᠲᠤᠷᠰᠢ ᠬᠡᠳᠦ᠋ᠢᠪᠡᠷ ᠳᠡᠯᠡᠬᠡᠢ ᠶᠢᠨ ᠪᠠᠶᠢᠳᠠᠯ ᠳᠤ ᠮᠠᠰᠢ ᠶᠡᠭᠡ ᠬᠤᠪᠢᠷᠠᠯᠲᠠ ᠭᠠᠷᠤᠭᠰᠠᠨ ᠪᠤᠯᠪᠠᠴᠤ ᠳᠤᠮᠳᠠᠳᠤ ᠭᠧᠷᠮᠠᠨ ᠤ | ᠬᠠᠷᠢᠯᠴᠠᠭ᠎ᠠ ᠢᠮᠠᠭᠲᠠ ᠲᠣᠭᠲᠠᠪᠤᠷᠢᠲᠠᠢ ᠬᠥᠭᠵᠢᠵᠦ ᠂ ᠡᠯ᠎ᠡ ᠬᠦᠷᠢᠶᠡᠨ ᠤ ᠬᠠᠮᠲᠤᠷᠠᠯᠴᠠᠭ᠎ᠠ ᠲᠠᠰᠤᠷᠠᠯᠳᠡ ᠦᠭᠡᠢ ᠪᠠᠬᠢᠵᠢᠨ ᠭᠦᠨᠵᠡᠭᠡᠶᠢᠷᠡᠵᠦ ᠂ ᠬᠤᠶᠠᠷ ᠤᠯᠤᠰ ᠤᠨ | ᠲᠤᠰ ᠲᠤᠰ ᠤᠨ ᠬᠥᠭᠵᠢᠯᠲᠡ ᠳᠤ ᠬᠥᠳᠡᠯᠭᠡᠬᠦ ᠬᠦᠴᠦᠨ ᠬᠠᠩᠭᠠᠪᠠ ᠃ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠲᠦᠷᠭᠡᠨ ᠠᠬᠢᠵᠤ ᠂ ᠬᠥᠮᠥᠨ ᠲᠥᠷᠥᠯᠬᠢᠲᠡᠨ ᠤ ᠨᠡᠶᠢᠭᠡᠮ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠥᠷᠢᠰᠦᠯᠳᠦᠭᠡᠨ ᠣᠯᠠᠰᠢᠷᠠᠵᠤ ᠪᠠᠶᠢᠨ᠎ᠠ ᠂ | ᠡᠳᠡᠭᠡᠷ ᠠᠰᠠᠭᠤᠳᠠᠯ ᠢ ᠰᠢᠢᠳᠪᠦᠷᠢᠯᠡᠬᠦ ᠳᠤ ᠲᠣᠮᠣ ᠤᠯᠤᠰ ᠤᠨ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ ᠃ ᠳᠤᠮᠳᠠᠳᠤ ᠭᠧᠷᠮᠠᠨ ᠪᠣᠯ ᠳᠡᠯᠡᠬᠡᠢ ᠶᠢᠨ | ᠬᠤᠶᠠᠳᠤᠭᠠᠷ ᠂ ᠭᠤᠷᠪᠠᠳᠤᠭᠠᠷ ᠶᠡᠭᠡ ᠠᠵᠤ ᠠᠬᠤᠢ ᠶᠢᠨ ᠴᠣᠭᠴᠠ ᠪᠣᠯᠣᠨ᠎ᠠ ᠂ ᠳᠤᠮᠳᠠᠳᠤ ᠭᠧᠷᠮᠠᠨ ᠤ ᠬᠠᠷᠢᠯᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠠᠴᠢ | ᠬᠤᠯᠪᠣᠭᠳᠠᠯ ᠨᠢ ᠬᠤᠶᠠᠷ ᠲᠠᠯ᠎ᠠ ᠶᠢᠨ ᠬᠠᠷᠢᠯᠴᠠᠭᠠᠨ ᠤ ᠬᠦᠷᠢᠶ᠎ᠡ ᠬᠡᠪᠴᠢᠶᠡᠨ ᠠᠴᠠ ᠳᠠᠪᠠᠵᠤ ᠂ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠴᠢᠨᠠᠭᠰᠢᠯᠠᠪᠠᠯ ᠪᠦᠭᠦ | ᠳᠡᠯᠡᠬᠡᠢ ᠳᠤ ᠴᠥᠮ ᠴᠢᠬᠤᠯᠠ ᠨᠥᠯᠥᠭᠡ ᠲᠠᠢ ᠶᠤᠮ ᠃ ᠬᠤᠶᠠᠷ ᠤᠯᠤᠰ ᠢᠶᠠᠷ ᠢᠶᠠᠨ ᠠᠯᠤᠰ ᠭᠡᠳᠦ ᠶᠢᠨ ᠪᠠ ᠪᠠᠶᠢᠯᠳᠤᠬᠤ ᠪᠣᠳᠣᠯᠭ᠎ᠠ ᠶᠢᠨ ᠬᠠᠷᠠᠭᠠᠰᠤ ᠠᠴᠠ ᠬᠤᠶᠠᠷ | ᠲᠠᠯ᠎ᠠ ᠶᠢᠨ ᠬᠠᠷᠢᠯᠴᠠᠭ᠎ᠠ ᠳᠤ ᠬᠠᠨᠳᠤᠬᠤ ᠪᠠ ᠡᠭᠦᠨ ᠢ ᠬᠥᠭᠵᠢᠭᠦᠯᠵᠦ ᠂ ᠭᠠᠷ ᠬᠤᠯᠪᠣᠨ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠪᠠ ᠲᠣᠬᠳᠠᠭᠠᠯᠳᠤ | ᠴᠢᠨᠠᠷ ᠨᠡᠮᠡᠷᠢᠯᠡᠶ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠭᠧᠷᠮᠠᠨ ᠬᠤᠶᠠᠷ ᠤᠯᠤᠰ ᠴᠥᠮ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠴᠢᠬᠤᠯᠠ ᠶᠡᠭᠡ ᠬᠤᠪᠢ ᠨᠡᠮᠡᠷᠢ | ᠦᠵᠡᠭᠦᠯᠵᠦ ᠥᠩᠭᠡᠷᠡᠭᠰᠡᠨ ᠶᠤᠮ ᠃ ᠳᠤᠮᠳᠠᠳᠤ ᠭᠧᠷᠮᠠᠨ ᠤ ᠬᠤᠭᠤᠷᠣᠨᠳᠤ ᠦᠨᠳᠦᠰᠦᠨ ᠠᠰᠢᠭ ᠲᠤᠰᠠ ᠶᠢᠨ ᠮᠥᠷᠭᠦᠯᠳᠦᠭᠡᠨ ᠪᠠᠶᠢᠬᠤ ᠦᠭᠡᠢ ᠂ ᠬᠠᠷᠢᠯᠴᠠᠨ ᠠᠮᠤᠷ | ᠲᠦᠪᠰᠢᠨ ᠤ ᠰᠦᠷᠳᠡᠭᠦᠯᠦᠯ ᠪᠤᠯᠬᠤ ᠦᠭᠡᠢ ᠶᠤᠮ ᠃ ᠳᠤᠮᠳᠠᠳᠤ ᠭᠧᠷᠮᠠᠨ ᠤ ᠬᠠᠮᠲᠤᠷᠠᠯᠴᠠᠭ᠎ᠠ ᠬᠤᠶᠠᠷ ᠲᠠᠯ᠎ᠠ ᠳᠤ ᠠᠰᠢᠭᠲᠠᠢ ᠂ ᠳᠡᠯᠡᠬᠡᠢ ᠳᠤ ᠠᠰᠢᠭᠲᠠᠢ ᠶᠤᠮ ᠃ | ᠳᠡᠯᠡᠬᠡᠢ ᠶᠢᠷᠲᠢᠨᠴᠦ ᠬᠡᠳᠦᠢ ᠣᠷᠤᠭ᠎ᠠ ᠪᠤᠰᠬᠠᠭ᠎ᠠ ᠪᠤᠯᠬᠤ ᠳᠤᠳᠤᠮ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭᠠᠨ ᠤ ᠤᠶᠠᠨ ᠬᠠᠳᠠᠨ ᠴᠢᠨᠠᠷ ᠪᠣᠯᠣᠨ | ᠠᠮᠢᠵᠢᠷᠠᠯ ᠤᠨ ᠬᠦᠴᠦᠨ ᠢᠶᠠᠨ ᠲᠡᠳᠦᠢ ᠳᠡᠭᠡᠭᠰᠢᠯᠡᠭᠦᠯᠵᠦ ᠂ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠬᠠᠮᠲᠤᠷᠠᠯᠴᠠᠭᠠᠨ ᠤ ᠭᠤᠣᠯ ᠭᠦᠭ ᠠᠶᠠᠰ ᠪᠣᠯᠣᠨ | ᠬᠥᠭᠵᠢᠯᠲᠡ ᠶᠢᠨ ᠶᠡᠭᠡ ᠴᠢᠭᠯᠡᠯ ᠢ ᠪᠠᠷᠢᠮᠲᠠᠯᠠᠵᠤ ᠂ ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠤᠯᠬᠤ ᠡᠨᠡ ᠬᠦ ᠪᠠᠶᠢᠷᠢ | ᠲᠣᠭᠲᠠᠭᠠᠯᠲᠠ ᠶᠢ ᠪᠠᠲᠤ ᠡᠵᠡᠮᠳᠡᠶ᠎ᠡ ᠃ ᠳᠤᠮᠳᠠᠳᠤ ᠤᠯᠤᠰ ᠤᠨ ᠭᠧᠷᠮᠠᠨ ᠳᠤ ᠬᠠᠨᠳᠤᠭᠤᠯᠬᠤ ᠲᠥᠷᠥ ᠶᠢᠨ ᠪᠣᠳᠣᠯᠭ᠎ᠠ ᠪᠠᠨ ᠳᠡᠭᠡᠳᠦ ᠬᠡᠮᠵᠢᠶᠡᠨ ᠤ ᠲᠣᠭᠲᠠᠭᠤᠨ | ᠴᠢᠨᠠᠷ ᠪᠠ ᠠᠪᠴᠠᠯᠳᠤᠩᠭᠤᠢ ᠴᠢᠨᠠᠷ ᠲᠠᠢ ᠪᠠᠶᠢᠬᠤ ᠶᠢ ᠪᠠᠲᠤᠯᠠᠵᠤ ᠪᠠᠶᠢᠨ᠎ᠠ ᠃ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠨᠡᠭᠡᠭᠡᠯᠲᠡ ᠲᠠᠢ ᠪᠠᠷ ᠶᠠᠪᠤᠯᠴᠠᠭ᠎ᠠ ᠪᠠᠨ | ᠨᠢᠭᠲᠠᠷᠠᠭᠤᠯᠵᠤ ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠪᠡᠯ ᠵᠣᠬᠢᠨ᠎ᠠ ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠂ ᠠᠳᠠᠯᠢ | ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ ᠂ ᠰᠠᠨᠠᠯ ᠢᠶᠠᠨ ᠰᠣᠯᠢᠯᠴᠠᠨ ᠬᠠᠷᠢᠯᠴᠠᠨ ᠲᠣᠯᠢ ᠪᠤᠯᠭᠠᠬᠤ ᠂ ᠬᠠᠮᠲᠤᠷᠠᠯᠴᠠᠵᠤ ᠬᠠᠮᠲᠤ ᠪᠠᠷ ᠠᠰᠢᠭ | ᠭᠦᠷᠳᠡᠭᠦ ᠶᠢ ᠪᠠᠷᠢᠮᠲᠠᠯᠠᠳᠠᠭ ᠯᠠ ᠶᠤᠮ ᠪᠣᠯ ᠬᠤᠶᠠᠷ ᠤᠯᠤᠰ ᠤᠨ ᠬᠠᠷᠢᠯᠴᠠᠭ᠎ᠠ ᠯᠠᠪᠲᠠᠢ ᠦᠷᠭᠦᠯᠵᠢᠯᠡᠨ ᠯᠠᠪᠳᠠᠭᠤᠨ ᠬᠤᠯᠠ ᠶᠠᠪᠤᠵᠤ ᠴᠢᠳᠠᠨ᠎ᠠ ᠭᠡᠵᠦ | ᠴᠢᠬᠤᠯᠠᠴᠢᠯᠠᠵᠠᠢ ᠃ | ᠰᠢ ᠶᠢᠨ ᠫᠢᠩ ᠂ ᠳᠤᠮᠳᠠᠳᠤ ᠭᠧᠷᠮᠠᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠭᠦᠨᠵᠡᠭᠡᠢ ᠠᠭᠤᠰᠤᠯᠴᠠᠵᠤ ᠂ ᠬᠤᠶᠠᠷ ᠤᠯᠤᠰ ᠤᠨ ᠵᠠᠬ᠎ᠠ | ᠳᠡᠯᠭᠡᠭᠦᠷ ᠳᠡᠭᠡᠳᠦ ᠬᠡᠮᠵᠢᠶ᠎ᠡ ᠪᠠᠷ ᠲᠦᠰᠢᠯᠴᠡᠨ ᠣᠷᠣᠰᠢᠵᠤ ᠪᠠᠶᠢᠨ᠎ᠠ ᠃ ᠳᠤᠮᠳᠠᠳᠤ ᠭᠧᠷᠮᠠᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠨᠢ ︽ ᠠᠶᠤᠯ ᠲᠦᠭᠰᠢᠭᠦᠷᠢ ︾ | ᠲᠠᠢ ᠪᠢᠰᠢ ᠂ ᠬᠠᠷᠢᠨ ᠬᠤᠶᠠᠷ ᠲᠠᠯ᠎ᠠ ᠶᠢᠨ ᠬᠠᠷᠢᠯᠴᠠᠭ᠎ᠠ ᠲᠣᠭᠲᠠᠪᠤᠷᠢᠲᠠᠢ ᠪᠠᠶᠢᠬᠤ ᠶᠢᠨ ᠪᠠᠲᠤᠯᠠᠭ᠎ᠠ ᠂ ᠢᠷᠡᠭᠡᠳᠦᠢ ᠶᠢ ᠨᠡᠭᠡᠭᠡᠬᠦ ᠠᠵᠠ ᠲᠣᠭᠢᠶᠠᠯ ᠪᠣᠯᠣᠨ᠎ᠠ ᠃ ᠮᠠᠰᠢᠨ | ᠮᠧᠬᠠᠨᠢᠭ ᠦᠢᠯᠡᠳᠬᠦ ᠂ ᠮᠠᠰᠢᠨ ᠲᠡᠷᠭᠡ ᠵᠡᠷᠭᠡ ᠤᠯᠠᠮᠵᠢᠯᠠᠯᠲᠤ ᠬᠦᠷᠢᠶ᠎ᠡ ᠴᠦ ᠲᠡᠷᠡ ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠂ ᠲᠣᠭᠠᠴᠢᠯᠠᠯᠳᠠ ᠂ | ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶ᠎ᠡ ᠴᠦ ᠲᠡᠷᠡ ᠂ ᠬᠤᠶᠠᠷ ᠤᠯᠤᠰ ᠴᠥᠮ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ | ᠯᠤᠲᠤ ᠶᠡᠭᠡ ᠲᠠᠯᠳᠠ ᠬᠦᠴᠦᠨ ᠢ ᠠᠭᠤᠳᠠᠯᠵᠤ ᠪᠣᠯᠣᠨ᠎ᠠ ᠃ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠢᠯᠡ ᠲᠣᠳᠣ | ᠣᠨᠴᠠᠯᠢᠭ ᠢ ᠪᠠᠳᠠᠷᠠᠭᠤᠯᠵᠤ ᠂ ᠬᠠᠷᠢᠯᠴᠠᠨ ᠲᠦᠰᠢᠯᠴᠡᠨ ᠠᠮᠵᠢᠯᠲᠠ ᠣᠯᠪᠠᠯ ᠵᠣᠬᠢᠨ᠎ᠠ ᠃ ᠳᠤᠮᠳᠠᠳᠤ ᠤᠯᠤᠰ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ ᠂ ᠯᠢᠲ᠋ᠢ | ᠳ᠋ᠢᠶᠠᠨ ᡂᠢ ᠂ ᠭᠡᠷᠡᠯᠴᠢ ᠴᠡᠨᠡᠭ ᠤᠨ ᠦᠢᠯᠡᠳᠬᠦᠨ ᠵᠡᠷᠭᠡ ᠶᠢ ᠭᠠᠳᠠᠭᠠᠳᠤ ᠳᠤ ᠭᠠᠷᠭᠠᠭᠰᠠᠨ ᠨᠢ ᠪᠦᠭᠦ ᠪᠥᠮᠪᠥᠷᠴᠡᠭ ᠤᠨ ᠬᠠᠩᠭᠠᠯᠭ᠎ᠠ ᠶᠢ ᠪᠠᠶᠠᠯᠢᠭᠵᠢᠭᠤᠯᠵᠤ ᠂ ᠪᠦᠭᠦ | ᠪᠥᠮᠪᠥᠷᠴᠡᠭ ᠤᠨ ᠵᠣᠭᠤᠰ ᠮᠠᠭᠤᠳᠠᠬᠤ ᠳᠠᠷᠤᠯᠲᠠ ᠶᠢ ᠨᠠᠮᠳᠠᠭᠤᠯᠤᠭᠰᠠᠨ ᠢᠶᠠᠷ ᠪᠠᠷᠠᠬᠤ ᠦᠭᠡᠢ ᠂ ᠪᠠᠰᠠ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ ᠪᠠ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠯᠤᠲᠤ ᠶᠡᠭᠡ ᠬᠤᠪᠢ ᠨᠡᠮᠡᠷᠢ | ᠦᠵᠡᠭᠦᠯᠵᠦ ᠪᠠᠶᠢᠨ᠎ᠠ ᠃ ᠳᠤᠮᠳᠠᠳᠤ ᠭᠧᠷᠮᠠᠨ ᠬᠤᠶᠠᠷ ᠤᠯᠤᠰ ᠴᠥᠮ ᠠᠵᠤ ᠦᠢᠯᠡᠰ ᠢᠶᠠᠷ ᠤᠯᠤᠰ ᠢᠶᠠᠨ ᠪᠠᠶᠢᠭᠤᠯᠵᠤ ᠂ ᠴᠥᠮ ᠴᠢᠯᠦᠭᠡᠲᠦ ᠠᠷᠠᠯᠵᠢᠶ᠎ᠠ ᠪᠣᠯᠣᠨ | ᠠᠵᠤ ᠠᠬᠤᠢ ᠶᠢᠨ ᠳᠡᠯᠡᠬᠡᠶᠢᠵᠢᠯᠲᠡ ᠶᠢ ᠳᠡᠮᠵᠢᠳᠡᠭ ᠃ ᠬᠤᠶᠠᠷ ᠲᠠᠯ᠎ᠠ ᠪᠠᠷ ᠢᠶᠠᠨ ᠬᠠᠮᠠᠭᠠᠯᠠᠬᠤ ᠦᠵᠡᠯ ᠲᠣᠯᠣᠭᠠᠢ ᠥᠨᠳᠡᠶᠢᠬᠦ ᠶᠢ ᠰᠡᠷᠡᠮᠵᠢᠯᠡᠵᠦ ᠂ ᠵᠠᠬ᠎ᠠ | ᠳᠡᠯᠭᠡᠭᠦᠷ ᠤᠨ ᠬᠠᠷᠠᠴᠠ ᠪᠣᠯᠣᠨ ᠪᠦᠭᠦ ᠪᠥᠮᠪᠥᠷᠴᠡᠭ ᠤᠨ ᠬᠠᠷᠠᠭᠠᠰᠤ ᠂ ᠠᠵᠤ ᠠᠬᠤᠢ ᠶᠢᠨ ᠵᠢᠮ᠎ᠡ ᠶᠣᠰᠣ ᠠᠴᠠ ᠡᠭᠦᠰᠬᠦ ᠶᠢ ᠪᠠᠷᠢᠮᠲᠠᠯᠠᠵᠤ ᠂ ᠦᠢᠯᠡᠳᠪᠦᠷᠢᠯᠡᠯ ᠤᠨ | ᠴᠢᠳᠠᠪᠤᠷᠢ ᠶᠢᠨ ᠠᠰᠠᠭᠤᠳᠠᠯ ᠳᠤ ᠪᠤᠰᠤᠳᠴᠢ ᠂ ᠬᠤᠪᠢᠰᠤᠩᠭᠤᠢ ᠪᠠᠷ ᠬᠠᠨᠳᠤᠵᠤ ᠂ ᠬᠠᠮᠲᠤᠷᠠᠯᠴᠠᠭ᠎ᠠ ᠶᠢ ᠢᠯᠡᠭᠦᠬᠡᠨ ᠰᠦᠪᠡᠭᠴᠢᠯᠡᠶ᠎ᠡ ᠃ ᠳᠤᠮᠳᠠᠳᠤ ᠤᠯᠤᠰ | ᠭᠠᠳᠠᠭᠠᠳᠤ ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠨ᠎ᠠ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠧᠷᠮᠠᠨ ᠳᠤ ᠬᠦᠷᠴᠦ | ᠬᠥᠭᠵᠢᠬᠦ ᠳᠤ ᠡᠷᠬᠡ ᠲᠡᠭᠰᠢ ᠂ ᠢᠯᠡ ᠲᠣᠳᠣ ᠂ ᠨᠡᠭᠡᠭᠡᠯᠲᠡᠲᠤ ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ | ᠭᠧᠷᠮᠠᠨ ᠤ ᠬᠢᠨ ᠳᠤ ᠬᠦᠰᠡᠵᠦ ᠪᠠᠶᠢᠨ᠎ᠠ ᠃ ᠳᠤᠮᠳᠠᠳᠤ ᠭᠧᠷᠮᠠᠨ ᠳᠡᠯᠡᠬᠡᠢ ᠶᠢᠨ ᠣᠯᠠᠨ ᠲᠦᠢᠯᠰᠢᠷᠠᠬᠤ ᠠᠰᠠᠭᠤᠳᠠᠯ ᠳᠡᠭᠡᠷ᠎ᠡ ᠴᠥᠭᠡᠨ ᠪᠤᠰᠤ ᠠᠳᠠᠯᠢ ᠲᠠᠯ᠎ᠠ ᠲᠠᠢ ᠶᠤᠮ ᠃ | ᠤᠯᠠᠨ ᠲᠦᠢᠯᠰᠢᠷᠠᠯᠲᠠ ᠨᠢ ᠮᠥᠨ ᠴᠢᠨᠠᠷ ᠳᠡᠭᠡᠷ᠎ᠡ ᠪᠠᠨ ᠠᠳᠠᠯᠢ ᠪᠤᠰᠤ ᠪᠣᠯᠪᠠᠰᠤᠨ ᠂ ᠠᠳᠠᠯᠢ ᠪᠤᠰᠤ ᠪᠠᠶᠢᠭᠤᠯᠤᠯ ᠂ ᠠᠳᠠᠯᠢ ᠪᠤᠰᠤ ᠵᠠᠮ ᠲᠠᠢ ᠤᠯᠤᠰ ᠤᠳ ᠤᠨ | ᠬᠤᠭᠤᠷᠣᠨᠳᠤ ᠬᠠᠷᠢᠯᠴᠠᠨ ᠭᠦᠨᠳᠦᠳᠭᠡᠵᠦ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠶᠣᠰᠣᠲᠠᠢ ᠃ ᠳᠤᠮᠳᠠᠳᠤ ᠭᠧᠷᠮᠠᠨ ᠪᠡᠶ᠎ᠡ ᠪᠠᠨ ᠳᠠᠭᠠᠭᠠᠵᠤ ᠡᠵᠡᠨ ᠮᠡᠳᠡᠨ ᠤᠯᠠᠨ | ᠲᠠᠯ᠎ᠠ ᠶᠢᠨ ᠬᠦᠷᠢᠶᠡᠨ ᠤ ᠬᠠᠮᠵᠢᠯᠴᠠᠭ᠎ᠠ ᠥᠷᠨᠢᠭᠦᠯᠵᠦ ᠂ ᠳᠡᠯᠡᠬᠡᠢ ᠨᠡᠶᠢᠭᠡᠮ ᠤᠨ ᠪᠣᠳᠠᠲᠤ ᠠᠵᠢᠯᠯᠠᠭ᠎ᠠ ᠪᠠᠷ ᠢᠶᠠᠨ ᠠᠭᠤᠷ ᠠᠮᠢᠰᠬᠤᠯ ᠤᠨ ᠬᠤᠪᠢᠷᠠᠯᠲᠠ ᠂ | ᠬᠥᠭᠵᠢᠯᠲᠡ ᠶᠢᠨ ᠲᠡᠩᠴᠡᠭᠦᠷᠢ ᠦᠭᠡᠢ ᠪᠠᠶᠢᠳᠠᠯ ᠂ ᠭᠠᠵᠠᠷ ᠣᠷᠣᠨ ᠤ ᠮᠥᠷᠭᠦᠯᠳᠦᠭᠡᠨ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠨᠡᠩ ᠰᠠᠶᠢᠨ | ᠠᠷᠭᠠᠴᠠᠭᠠᠬᠤ ᠶᠢ ᠠᠬᠢᠭᠤᠯᠵᠤ ᠂ ᠳᠡᠯᠡᠬᠡᠢ ᠶᠢᠨ ᠲᠡᠩᠴᠡᠭᠦᠷᠢ ᠲᠣᠭᠲᠠᠭᠤᠨ ᠳᠤ ᠨᠡᠩ ᠤᠯᠠᠨ ᠬᠤᠪᠢ ᠨᠡᠮᠡᠷᠢ ᠦᠵᠡᠭᠦᠯᠪᠡᠯ ᠵᠣᠬᠢᠨ᠎ᠠ ᠭᠡᠵᠦ ᠵᠢᠭᠠᠵᠤ ᠭᠠᠷᠭᠠᠪᠠ ᠃ | ᠱᠦᠸᠧᠷᠼᠢ ᠂ ᠣᠳᠣᠬᠠᠨ ᠳᠤ ᠭᠧᠷᠮᠠᠨ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠰᠠᠶᠢᠨ ᠪᠠᠶᠢᠵᠤ ᠂ ᠬᠤᠶᠠᠷ ᠲᠠᠯ᠎ᠠ ᠶᠢᠨ ᠡᠯ᠎ᠡ ᠳᠠᠪᠬᠤᠷᠭ᠎ᠠ ᠂ ᠡᠯ᠎ᠡ | ᠬᠦᠷᠢᠶᠡᠨ ᠤ ᠶᠠᠪᠤᠯᠴᠠᠭ᠎ᠠ ᠨᠢᠭᠲᠠ ᠪᠠᠶᠢᠨ᠎ᠠ ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠵᠠᠰᠠᠭ ᠤᠨ ᠣᠷᠳᠣᠨ ᠤ ᠵᠥᠪᠳᠡᠯᠴᠡᠭᠡ ᠵᠢᠴᠢ ᠪᠠᠶᠢᠯᠳᠤᠬᠤ ᠪᠣᠳᠣᠯᠭ᠎ᠠ ᠂ | ᠡᠳ᠋ ᠤᠨ ᠵᠠᠰᠠᠭ ᠮᠥᠩᠭᠦᠨ ᠭᠦᠢᠯᠭᠡᠭᠡ ᠵᠡᠷᠭᠡ ᠬᠦᠷᠢᠶᠡᠨ ᠤ ᠳᠡᠭᠡᠳᠦ ᠲᠡᠰ ᠤᠨ ᠶᠠᠷᠢᠯᠴᠠᠭ᠎ᠠ ᠶᠢ ᠠᠮᠵᠢᠯᠲᠠ ᠲᠠᠢ ᠶᠠᠪᠤᠭᠳᠠᠭᠤᠯᠵᠤ ᠂ ᠪᠠᠰᠠ ᠠᠭᠤᠷ ᠠᠮᠢᠰᠬᠤᠯ ᠤᠨ | ᠬᠤᠪᠢᠷᠠᠯᠲᠠ ᠪᠣᠯᠣᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠠᠷᠢᠯᠴᠠᠭ᠎ᠠ ᠬᠢᠬᠦ ᠪᠣᠯᠣᠨ᠎ᠠ ᠃ ᠥᠩᠭᠡᠷᠡᠭᠰᠡᠨ ᠬᠤᠶᠠᠷ ᠡᠳᠦᠷ ᠪᠢ ᠭᠧᠷᠮᠠᠨ ᠤ ᠠᠵᠤ | ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢᠳ ᠲᠠᠢ ᠴᠦᠩᠴᠢᠩ ᠂ ᠱᠠᠩᠬᠠᠢ ᠵᠡᠷᠭᠡ ᠭᠠᠵᠠᠷ ᠢᠶᠠᠷ ᠲᠣᠭᠤᠷᠢᠨ ᠦᠵᠡᠵᠦ ᠂ ᠳᠤᠮᠳᠠᠳᠤ ᠤᠯᠤᠰ ᠤᠨ ᠠᠵᠤ | ᠠᠬᠤᠢ ᠶᠢᠨ ᠬᠥᠭᠵᠢᠯᠲᠡ ᠶᠢᠨ ᠣᠶᠢᠷ᠎ᠠ ᠶᠢᠨ ᠵᠢᠯ ᠳᠤ ᠣᠯᠣᠭᠰᠠᠨ ᠯᠤᠲᠤ ᠶᠡᠭᠡ ᠠᠮᠵᠢᠯᠲᠠ ᠶᠢ ᠪᠡᠶᠡᠴᠢᠯᠡᠨ ᠣᠶᠢᠯᠠᠭᠠᠵᠤ ᠂ ᠭᠧᠷᠮᠠᠨ ᠳᠤᠮᠳᠠᠳᠤ ᠬᠤᠶᠠᠷ ᠤᠯᠤᠰ ᠤᠨ | ᠠᠵᠤ ᠠᠬᠤᠶᠢᠯᠠᠯ ᠤᠨ ᠡᠲᠡᠭᠡᠳ ᠤᠨ ᠨᠢᠭᠲᠠ ᠰᠠᠶᠢᠨ ᠬᠠᠮᠲᠤᠷᠠᠯᠴᠠᠭ᠎ᠠ ᠳᠤ ᠭᠦᠨ ᠰᠠᠭᠤᠭᠳᠠᠯ ᠲᠠᠢ ᠪᠣᠯᠵᠠᠢ ᠃ ᠭᠧᠷᠮᠠᠨ ᠤ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠦᠷᠭᠦᠯᠵᠢᠯᠡᠨ ᠬᠤᠶᠠᠷ ᠤᠯᠤᠰ ᠤᠨ ᠬᠠᠷᠢᠯᠴᠠᠭ᠎ᠠ ᠪᠠᠨ ᠴᠢᠩᠭᠠᠳᠬᠠᠵᠤ ᠂ ᠡᠯ᠎ᠡ ᠬᠦᠷᠢᠶᠡᠨ ᠤ ᠬᠤᠶᠠᠷ ᠲᠠᠯ᠎ᠠ ᠶᠢᠨ ᠶᠠᠷᠢᠯᠴᠠᠭ᠎ᠠ ᠪᠣᠯᠣᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠰᠤᠷᠭᠠᠨ ᠬᠥᠮᠦᠵᠢᠯ ᠂ ᠰᠣᠶᠣᠯ ᠵᠡᠷᠭᠡ ᠬᠦᠷᠢᠶᠡᠨ ᠤ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠤᠨ᠎ᠠ ᠂ | ᠡᠨᠡ ᠨᠢ ᠭᠧᠷᠮᠠᠨ ᠳᠤᠮᠳᠠᠳᠤ ᠬᠤᠶᠠᠷ ᠤᠯᠤᠰ ᠵᠢᠴᠢ ᠳᠡᠯᠡᠬᠡᠢ ᠳ᠋ᠠᠬᠢᠨ ᠳᠤ ᠴᠥᠮ ᠲᠦᠢᠯ ᠤᠨ ᠴᠢᠬᠤᠯᠠ ᠶᠤᠮ ᠃ ᠭᠧᠷᠮᠠᠨ ᠤ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠥᠷᠢᠰᠦᠯᠳᠦᠭᠡᠨ ᠢ | ᠬᠠᠮᠲᠤ ᠪᠠᠷ ᠠᠷᠭᠠᠴᠠᠭᠠᠵᠤ ᠂ ᠤᠯᠠᠨ ᠲᠠᠯᠠᠲᠤ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠬᠤ ᠪᠠᠷ ᠴᠢᠷᠮᠠᠶᠢᠵᠤ ᠂ ᠳᠡᠯᠡᠬᠡᠢ ᠶᠢᠨ ᠡᠩᠬᠡ ᠲᠠᠶᠢᠪᠤᠩ ᠪᠣᠯᠣᠨ | ᠬᠥᠭᠵᠢᠯᠲᠡ ᠶᠢ ᠠᠬᠢᠭᠤᠯᠵᠤ ᠂ ᠡᠰᠡᠷᠭᠦᠴᠡᠯᠳᠦᠨ ᠲᠡᠮᠡᠴᠡᠯᠳᠦᠬᠦ ᠶᠢ ᠵᠥᠪᠰᠢᠶᠡᠷᠡᠬᠦ ᠦᠭᠡᠢ ᠃ ᠭᠧᠷᠮᠠᠨ ᠤ ᠲᠠᠯ᠎ᠠ ᠶᠢᠨ ᠬᠢᠨ ᠬᠠᠮᠠᠭᠠᠯᠠᠬᠤ ᠦᠵᠡᠯ ᠢ ᠡᠰᠡᠷᠭᠦᠴᠡᠵᠦ ᠂ | ᠴᠢᠯᠦᠭᠡᠲᠦ ᠠᠷᠠᠯᠵᠢᠶ᠎ᠠ ᠶᠢ ᠳᠠᠮᠵᠢᠨ᠎ᠠ ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠴᠢᠬᠤᠯᠠ ᠪᠦᠷᠢᠯᠳᠦᠭᠦᠨ ᠪᠣᠯᠤᠭᠰᠠᠨ ᠤ ᠬᠤᠪᠢ ᠳᠤ ᠂ ᠭᠧᠷᠮᠠᠨ | ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠰᠠᠶᠢᠨ ᠰᠠᠶᠢᠬᠠᠨ ᠬᠥᠭᠵᠢᠯᠲᠡ ᠶᠢ | ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ ᠃ | ᠬᠤᠶᠠᠷ ᠤᠯᠤᠰ ᠤᠨ ᠤᠳᠤᠷᠢᠳᠬᠤ ᠬᠥᠮᠥᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠳᠤᠮᠳᠠᠳᠤ ᠭᠧᠷᠮᠠᠨ ᠴᠥᠮ | ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠵᠢᠷᠤᠮᠯᠠᠬᠤ ᠪᠠᠷ ᠴᠢᠷᠮᠠᠶᠢᠵᠤ ᠂ ᠴᠥᠮ᠎ᠡ ᠶᠢᠨ ᠵᠡᠪᠰᠡᠭ | ᠬᠡᠷᠡᠭᠯᠡᠬᠦ ᠪᠤᠶᠤ ᠡᠩᠬᠡ ᠲᠠᠶᠢᠪᠤᠩ ᠴᠥᠮ᠎ᠡ ᠶᠢᠨ ᠲᠥᠬᠦᠭᠡᠷᠦᠮᠵᠢ ᠶᠢ ᠳᠠᠭᠠᠷᠢᠬᠤ ᠶᠢ ᠡᠰᠡᠷᠭᠦᠴᠡᠵᠦ ᠂ ᠣᠯᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ | ᠠᠰᠠᠭᠤᠳᠠᠯ ᠢ ᠲᠣᠬᠢᠲᠠᠢ ᠰᠢᠢᠳᠪᠦᠷᠢᠯᠡᠵᠦ ᠂ ᠣᠯᠠᠨ ᠤᠯᠤᠰ ᠤᠨ ᠬᠥᠮᠦᠯᠢᠭ ᠦᠵᠡᠯ ᠤᠨ ᠬᠠᠤᠯᠢ ᠶᠢ ᠵᠢᠷᠤᠮᠯᠠᠨ᠎ᠠ ᠭᠡᠵᠦ ᠢᠯᠡᠳᠬᠡᠪᠡ ᠃ | ᠰᠢ ᠶᠢᠨ ᠫᠢᠩ ᠂ ᠣᠳᠣᠬᠠᠨ ᠤ ᠪᠠᠶᠢᠳᠠᠯ ᠳᠣᠣᠷ᠎ᠠ ᠮᠥᠷᠭᠦᠯᠳᠦᠭᠡᠨ ᠤ ᠡᠷᠭᠢᠭᠦᠯᠭᠡᠨ ᠭᠡᠯᠪᠡᠷᠢ ᠪᠠᠷ ᠲᠡᠰ ᠳᠡᠪᠰᠢᠬᠦ ᠴᠢᠨᠠᠭᠰᠢᠯᠠᠪᠠᠯ ᠡᠵᠡᠮᠰᠢᠯ ᠢᠶᠠᠨ ᠠᠯᠳᠠᠬᠤ ᠠᠴᠠ | ᠰᠡᠷᠭᠡᠶᠢᠯᠡᠬᠦ ᠶᠢᠨ ᠲᠥᠯᠥᠭᠡ ᠂ ᠡᠯ᠎ᠡ ᠲᠠᠯ᠎ᠠ ᠶᠢᠨ ᠬᠢᠨ ᠡᠩᠬᠡ ᠲᠠᠶᠢᠪᠤᠩ ᠢ ᠡᠷᠲᠡᠬᠡᠨ ᠰᠡᠷᠭᠦᠭᠡᠬᠦ ᠪᠠᠷ ᠬᠠᠮᠲᠤ ᠪᠠᠷ ᠴᠢᠷᠮᠠᠶᠢᠪᠠᠯ ᠵᠣᠬᠢᠨ᠎ᠠ ᠃ ᠡᠶᠢᠮᠦ ᠠᠴᠠ ᠳᠣᠣᠷᠠᠬᠢ | ᠬᠡᠳᠦᠨ ᠵᠠᠷᠴᠢᠮ ᠢ ᠪᠠᠷᠢᠮᠲᠠᠯᠠᠪᠠᠯ ᠵᠣᠬᠢᠨ᠎ᠠ ᠄ ᠨᠢᠭᠡ ᠳᠤ ᠡᠩᠬᠡ ᠲᠠᠶᠢᠪᠤᠩ ᠲᠣᠭᠲᠠᠭᠤᠨ ᠪᠠᠶᠢᠬᠤ ᠶᠡᠭᠡ ᠲᠠᠯ᠎ᠠ ᠶᠢ ᠴᠢᠬᠤᠯᠠᠴᠢᠯᠠᠵᠤ ᠂ ᠬᠤᠪᠢ ᠶᠢᠨ ᠠᠰᠢᠭ | ᠲᠤᠰᠠ ᠪᠠᠨ ᠬᠥᠭᠡᠭᠡᠴᠡᠯᠳᠦᠬᠦ ᠦᠭᠡᠢ ᠪᠠᠶᠢᠬᠤ ᠬᠡᠷᠡᠭᠲᠡᠢ ᠃ ᠬᠤᠶᠠᠷ ᠲᠤ ᠴᠠᠭ ᠤᠨ ᠪᠠᠶᠢᠳᠠᠯ ᠤᠨ ᠬᠠᠯᠠᠭᠤᠷᠠᠯ ᠢ ᠨᠠᠮᠳᠠᠭᠤᠯᠵᠤ ᠂ ᠨᠣᠴᠣᠭᠰᠠᠨ ᠭᠠᠯ ᠳᠡᠭᠡᠷ᠎ᠡ ᠲᠣᠰᠣ | ᠨᠡᠮᠡᠬᠦ ᠦᠭᠡᠢ ᠪᠠᠶᠢᠬᠤ ᠬᠡᠷᠡᠭᠲᠡᠢ ᠃ ᠭᠤᠷᠪᠠ ᠳᠤ ᠡᠩᠬᠡ ᠲᠠᠶᠢᠪᠤᠩ ᠢ ᠰᠡᠷᠭᠦᠭᠡᠬᠦ ᠳᠤ ᠨᠥᠬᠦᠴᠡᠯ ᠬᠤᠷᠠᠮᠳᠤᠭᠤᠯᠵᠤ ᠂ ᠵᠥᠷᠢᠴᠡᠯ ᠢ ᠴᠢᠨᠠᠭᠰᠢᠳᠠ ᠬᠤᠷᠴᠠᠳᠬᠠᠬᠤ | ᠦᠭᠡᠢ ᠪᠠᠶᠢᠬᠤ ᠬᠡᠷᠡᠭᠲᠡᠢ ᠃ ᠳᠥᠷᠪᠡ ᠳᠤ ᠳᠡᠯᠡᠬᠡᠢ ᠶᠢᠨ ᠠᠵᠤ ᠠᠬᠤᠢ ᠳᠤ ᠦᠵᠡᠭᠦᠯᠭᠦ ᠨᠠᠵᠠᠭᠠᠢ ᠨᠥᠯᠥᠭᠡ ᠶᠢ ᠪᠠᠭᠠᠰᠬᠠᠵᠤ ᠂ ᠪᠦᠭᠦ ᠪᠥᠮᠪᠥᠷᠴᠡᠭ ᠤᠨ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠡᠪᠳᠡᠬᠦ ᠦᠭᠡᠢ ᠪᠠᠶᠢᠬᠤ ᠬᠡᠷᠡᠭᠲᠡᠢ ᠃ ᠳᠤᠮᠳᠠᠳᠤ ᠤᠯᠤᠰ ᠪᠣᠯ ᠦᠺᠷᠠᠶᠢᠨ ᠤ ᠬᠢᠮᠤᠷᠠᠯ ᠤᠨ | ᠬᠤᠯᠪᠤᠭ᠎ᠠ ᠲᠠᠢ ᠲᠠᠯ᠎ᠠ ᠂ ᠣᠷᠣᠯᠴᠠᠬᠰᠠᠨ ᠲᠠᠯ᠎ᠠ ᠪᠢᠰᠢ ᠂ ᠭᠡᠪᠡᠴᠦ ᠥᠪᠡᠷ ᠤᠨ ᠠᠷᠭ᠎ᠠ ᠪᠠᠷ ᠢᠶᠠᠨ ᠡᠪᠰᠡᠬᠦ ᠶᠢ ᠢᠳᠬᠠᠵᠤ ᠬᠡᠯᠡᠯᠴᠡᠭᠡ ᠬᠢᠬᠦ ᠶᠢ ᠠᠬᠢᠭᠤᠯᠤᠭᠰᠠᠭᠠᠷ | ᠢᠷᠡᠵᠡᠶ ᠃ ᠳᠤᠮᠳᠠᠳᠤ ᠤᠯᠤᠰ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠵᠣᠷᠢᠭᠵᠢᠭᠤᠯᠤᠨ ᠲᠡᠮᠵᠢᠵᠥ ᠂ ᠤᠷᠤᠰ | ᠦᠺᠷᠠᠶᠢᠨ ᠬᠤᠶᠠᠷ ᠲᠠᠯ᠎ᠠ ᠶᠢᠨ ᠬᠢᠨ ᠪᠦᠷ ᠮᠡᠳᠡᠷᠡᠬᠦ ᠂ ᠡᠯ᠎ᠡ ᠲᠠᠯ᠎ᠠ ᠶᠢᠨ ᠬᠢᠨ ᠡᠷᠬᠡ ᠲᠡᠭᠰᠢ ᠪᠠᠷ ᠣᠷᠤᠯᠴᠠᠬᠤ ᠂ ᠪᠤᠢ ᠪᠦᠬᠦᠢ ᠨᠠᠶᠢᠷᠠᠮᠳᠠᠯ ᠤᠨ ᠲᠥᠰᠥᠯ ᠢ ᠡᠷᠬᠡ | ᠲᠡᠭᠰᠢ ᠪᠠᠷ ᠶᠠᠷᠢᠯᠴᠠᠬᠤ ᠤᠯᠠᠨ ᠤᠯᠤᠰ ᠤᠨ ᠡᠩᠬᠡ ᠲᠠᠶᠢᠪᠤᠩ ᠤᠨ ᠬᠤᠷᠠᠯ ᠢ ᠴᠠᠭ ᠲᠠᠭᠠᠨ ᠲᠣᠬᠢᠷᠠᠭᠤᠯᠤᠨ ᠬᠤᠷᠠᠯᠳᠤᠭᠤᠯᠬᠤ ᠶᠢ ᠲᠡᠮᠵᠢᠵᠥ ᠂ ᠳᠤᠷᠠᠲᠠᠶ᠎ᠠ ᠭᠧᠷᠮᠠᠨ ᠢ | ᠪᠠᠭᠲᠠᠭᠠᠭᠰᠠᠨ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠨᠢᠭᠲᠠ ᠣᠯᠣᠯᠴᠠᠭ᠎ᠠ ᠪᠠᠨ ᠪᠠᠲᠤᠯᠠᠨ᠎ᠠ ᠭᠡᠵᠦ ᠴᠢᠬᠤᠯᠠᠴᠢᠯᠠᠪᠠ ᠃ | ᠬᠤᠶᠠᠷ ᠲᠠᠯ᠎ᠠ ᠪᠠᠷ ᠢᠶᠠᠨ ᠪᠠᠰᠠ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ | ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ ᠃ ᠬᠤᠶᠠᠷ ᠲᠠᠯ᠎ᠠ ᠪᠠᠷ ᠢᠶᠠᠨ ᠂ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠠᠶᠤᠯ ᠦᠭᠡᠢ ᠶᠢᠨ | ᠵᠥᠪᠯᠡᠯ ᠤᠨ 2728 ᠳ᠋ᠤᠭᠠᠷ ᠲᠣᠭᠠᠲᠤ ᠰᠢᠢᠳᠪᠦᠷᠢ ᠶᠢ ᠨᠠᠶᠢᠳᠠᠪᠤᠷᠢᠵᠢᠭᠤᠯᠵᠤ ᠂ ᠬᠡᠷᠡᠭ ᠶᠡᠬᠡᠳᠬᠦ ᠶᠢ ᠰᠡᠷᠭᠡᠶᠢᠯᠡᠵᠦ ᠂ ᠪᠠᠶᠢᠳᠠᠯ ᠴᠢᠨᠠᠭᠰᠢᠳᠠ ᠮᠠᠭᠤᠳᠠᠬᠤ ᠠᠴᠠ | ᠵᠠᠶᠢᠯᠠᠰᠬᠢᠵᠦ ᠂ ᠭᠠᠽᠠ ᠣᠷᠣᠨ ᠤ ᠬᠠᠷᠰᠢ ᠰᠠᠭᠠᠳ ᠦᠭᠡᠢ ᠂ ᠦᠷᠭᠦᠯᠵᠢᠯᠡᠬᠦ ᠬᠥᠮᠦᠯᠢᠭ ᠦᠵᠡᠯ ᠤᠨ ᠣᠷᠣᠬᠤ ᠵᠥᠪᠰᠢᠶᠡᠷᠡᠯ ᠢ ᠪᠠᠲᠤᠯᠠᠵᠤ ᠂ ᠫᠠᠯᠧᠰᠲ᠋ᠠᠶᠢᠨ ᠤ | ᠠᠰᠠᠭᠤᠳᠠᠯ ᠢ ︽ ᠬᠤᠶᠠᠷ ᠤᠯᠤᠰ ᠤᠨ ᠲᠥᠰᠥᠯ ︾ ᠤᠨ ᠰᠠᠭᠤᠷᠢᠨ ᠳᠡᠭᠡᠷ᠎ᠡ ᠡᠷᠲᠡᠬᠡᠨ ᠬᠡᠯᠡᠯᠴᠡᠭᠡ ᠬᠢᠬᠦ ᠪᠠᠷ ᠳᠠᠮᠵᠢᠨ ᠰᠢᠢᠳᠪᠦᠷᠢᠯᠡᠬᠦ ᠶᠢ ᠳᠡᠮᠵᠢᠵᠦ ᠂ ᠨᠥᠯᠥᠭᠡᠯᠡᠬᠦ | ᠬᠦᠴᠦᠨ ᠲᠠᠢ ᠤᠯᠤᠰ ᠢ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ ᠶᠢ ᠤᠷᠢᠶᠠᠯᠠᠵᠤ ᠂ | ᠫᠠᠯᠧᠰᠲ᠋ᠠᠶᠢᠨ ᠤ ᠠᠰᠠᠭᠤᠳᠠᠯ ᠤᠨ ᠡᠷᠲᠡᠬᠡᠨ ᠪᠦᠭᠦ ᠲᠠᠯ᠎ᠠ ᠶᠢᠨ ᠂ ᠲᠥᠪ ᠭᠤᠣᠯᠴᠢ ᠂ ᠤᠳᠠᠭᠠᠨ ᠳᠠᠭᠠᠭᠠᠮᠠᠭᠠᠢ ᠪᠠᠷ ᠰᠢᠢᠳᠪᠦᠷᠢᠯᠡᠭᠳᠡᠬᠦ ᠶᠢ ᠠᠬᠢᠭᠤᠯᠪᠠᠯ ᠵᠣᠬᠢᠨ᠎ᠠ | ᠭᠡᠵᠦ ᠦᠵᠡᠪᠡ ᠃ | ᠠᠭᠤᠯᠵᠠᠯᠲᠠ ᠶᠢᠨ ᠳᠠᠷᠠᠭ᠎ᠠ ᠂ ᠰᠢ ᠶᠢᠨ ᠫᠢᠩ ᠱᠦᠸᠧᠷᠼᠢ ᠲᠠᠢ ᠬᠠᠮᠲᠤ ᠰᠡᠯᠡᠭᠦᠴᠡᠨ ᠠᠯᠬᠤᠬᠤ ᠶᠢᠨ ᠬᠠᠮᠲᠤ ᠦᠳᠡ ᠶᠢᠨ ᠬᠤᠭᠤᠯᠠ ᠵᠣᠭᠤᠭᠯᠠᠵᠤ ᠂ ᠥᠷᠭᠡᠨ | ᠳᠡᠯᠭᠡᠷ ᠵᠥᠪᠯᠡᠬᠦ ᠵᠦᠢᠯ ᠤᠨ ᠲᠤᠬᠠᠢ ᠰᠠᠨᠠᠯ ᠢᠶᠠᠨ ᠴᠢᠨᠠᠭᠰᠢᠳᠠ ᠭᠦᠨᠵᠡᠭᠡᠢ ᠰᠣᠯᠢᠯᠴᠠᠪᠠ ᠃ | ᠸᠠᠩ ᠢ ᠠᠭᠤᠯᠵᠠᠯᠲᠠ ᠳᠤ ᠣᠷᠣᠯᠴᠠᠵᠠᠢ ᠃ | | |