| ᠮᠠᠨ ᠤ ᠤᠯᠤᠰ ᠲᠤ ᠴᠡᠴᠡᠭ ᠤᠨ ᠲᠣᠭᠤᠰᠣᠨ ᠳᠤ ᠬᠠᠷᠰᠢᠬᠤ ᠬᠥᠮᠥᠰ ᠶᠠᠪᠤᠬᠤ ᠲᠤᠰᠤᠮ ᠣᠯᠠᠰᠢᠷᠠᠵᠤ ᠂ 4 ᠰᠠᠷ᠎ᠠ ᠲᠠᠢ ᠨᠢᠯᠬ᠎ᠠ ᠬᠡᠦᠬᠡᠳ ᠠᠴᠠ ᠠᠪᠤᠭᠠᠳ | 60 ᠨᠠᠰᠤᠨ ᠠᠴᠠ ᠳᠡᠭᠡᠭᠰᠢᠬᠢ ᠨᠠᠰᠤᠲᠠᠨ ᠬᠦᠷᠲᠡᠯ᠎ᠡ ᠪᠦᠷ ᠴᠡᠴᠡᠭ ᠤᠨ ᠲᠣᠭᠤᠰᠣᠨ ᠳᠤ ᠬᠠᠷᠰᠢᠬᠤ ᠪᠠᠶᠢᠳᠠᠯ ᠢᠯᠡᠷᠡᠵᠦ ᠪᠠᠶᠢᠨ᠎ᠠ ᠃ ᠲᠡᠭᠡᠪᠡᠯ ᠴᠡᠴᠡᠭ ᠤᠨ | ᠲᠣᠭᠤᠰᠣ ᠶᠢ ᠬᠡᠷᠬᠢᠨ ᠰᠡᠷᠭᠡᠶᠢᠯᠡᠪᠡᠯ ᠵᠣᠬᠢᠬᠤ ᠪᠣᠢ ︖ ᠡᠨᠡ ᠲᠤᠬᠠᠢ ᠪᠡᠭᠡᠵᠢᠩ ᠬᠤᠲᠠ ᠶᠢᠨ ᠡᠪᠡᠳᠴᠢᠨ ᠬᠢᠵᠢᠭ ᠢ ᠰᠡᠷᠭᠡᠶᠢᠯᠡᠨ ᠳᠠᠷᠤᠬᠤ ᠲᠥᠪ ᠤᠨ ᠬᠢᠨ | ᠬᠠᠮᠢᠶᠠᠲᠠᠢ ᠮᠡᠳᠡᠭᠡ ᠨᠡᠶᠢᠲᠡᠯᠡᠵᠦ ᠣᠯᠠᠨ ᠳᠤ ᠰᠠᠨᠠᠭᠤᠯᠤᠭᠰᠠᠨ ᠪᠠᠶᠢᠨ᠎ᠠ ᠃ ᠲᠤᠬᠠᠶᠢᠯᠠᠪᠠᠯ ᠂ ᠨᠢᠭᠡ ᠳᠤ ᠂ ᠬᠤᠸᠠᠷ ᠴᠡᠴᠡᠭ ᠲᠠᠢ ᠰᠢᠭᠤᠳ ᠣᠶᠢᠷᠠᠲᠤᠬᠤ ᠦᠭᠡᠢ ᠃ | ᠭᠠᠳᠠᠭᠰᠢ ᠭᠠᠷᠬᠤ ᠪᠠᠨ ᠴᠥᠭᠡᠳᠬᠡᠵᠦ ᠂ ᠣᠨᠴᠠᠭᠠᠶᠢᠯᠠᠨ ᠴᠡᠴᠡᠭ ᠤᠨ ᠲᠣᠭᠤᠰᠣ ᠶᠡᠬᠡᠲᠡᠢ ᠦᠶᠡᠰ ᠂ ᠡᠭᠦᠳᠡ ᠴᠣᠩᠬᠤ ᠪᠠᠨ ᠪᠢᠲᠡᠭᠦᠮᠵᠢᠯᠡᠵᠦ ᠂ ᠴᠢᠳᠠᠪᠠᠯ ᠭᠡᠷ | ᠳᠣᠲᠣᠷ᠎ᠠ ᠪᠠᠨ ᠠᠭᠠᠷ ᠴᠡᠪᠡᠷᠰᠢᠭᠦᠯᠬᠦ ᠮᠠᠰᠢᠨ ᠢ ᠬᠡᠷᠡᠭᠯᠡᠬᠦ ᠬᠡᠷᠡᠭᠲᠡᠢ ᠃ ᠬᠤᠶᠠᠷ ᠲᠤ ᠂ ᠭᠠᠳᠠᠭᠰᠢ ᠭᠠᠷᠪᠠᠯ ᠰᠡᠷᠭᠡᠶᠢᠯᠡᠯᠲᠡ ᠪᠠᠨ ᠰᠠᠶᠢᠨ ᠬᠢᠬᠦ ᠬᠡᠷᠡᠭᠲᠡᠢ ᠃ ᠭᠠᠳᠠᠭᠰᠢ | ᠭᠠᠷᠬᠤ ᠳᠠᠭᠠᠨ ᠤᠷᠲᠤ ᠬᠠᠨᠴᠤᠢ ᠲᠠᠢ ᠬᠤᠪᠴᠠᠰᠤ ᠡᠮᠦᠰᠴᠦ ᠂ ᠠᠮᠠᠪᠴᠢ ᠂ ᠨᠢᠳᠦᠨ ᠰᠢᠯ ᠵᠡᠭᠦᠵᠦ ᠂ ᠮᠠᠰᠢᠨ ᠵᠢᠯᠣᠭᠤᠳᠬᠤ ᠳᠠᠭᠠᠨ ᠴᠣᠩᠬᠤ ᠶᠢ ᠨᠢ ᠴᠢᠩᠭ᠎ᠠ | ᠬᠠᠭᠠᠬᠤ ᠬᠡᠷᠡᠭᠲᠡᠢ ᠃ ᠭᠡᠷ ᠲᠡᠭᠡᠨ ᠬᠠᠷᠢᠭᠰᠠᠨ ᠤ ᠳᠠᠷᠠᠭ᠎ᠠ ᠭᠠᠳᠠᠷ ᠬᠤᠪᠴᠠᠰᠤ ᠪᠠᠨ ᠳᠠᠷᠦ᠋ᠢᠬᠠᠨ ᠰᠣᠯᠢᠵᠤ ᠂ ᠨᠢᠭᠤᠷ ᠢᠶᠠᠨ ᠤᠬᠢᠶᠠᠵᠤ ᠂ ᠠᠮᠠ ᠬᠠᠮᠠᠷ ᠢᠶᠠᠨ | ᠵᠠᠶᠢᠯᠬᠤ ᠬᠡᠷᠡᠭᠲᠡᠢ ᠃ ᠭᠤᠷᠪᠠ ᠳᠤ ᠂ ᠳᠠᠷᠬᠠᠯᠠᠭ᠎ᠠ ᠪᠠᠨ ᠰᠠᠶᠢᠵᠢᠷᠠᠭᠤᠯᠬᠤ ᠬᠡᠷᠡᠭᠲᠡᠢ ᠃ ᠡᠭᠦᠨ ᠳᠤ ᠰᠠᠶᠢᠨ ᠤᠨᠲᠠᠵᠤ ᠠᠮᠠᠷᠠᠨ ᠂ ᠢᠳᠡᠭᠡᠨ ᠤᠮᠳᠠᠭᠠᠨ ᠢᠶᠠᠨ | ᠵᠣᠬᠢᠴᠠᠭᠤᠯᠵᠤ ᠂ ᠰᠢᠨ᠎ᠡ ᠰᠣᠷᠭᠤᠭ ᠨᠣᠭᠤᠭ᠎ᠠ ᠵᠢᠮᠢᠰ ᠢᠯᠡᠭᠦᠬᠡᠨ ᠢᠳᠡᠵᠦ ᠂ ᠲᠣᠭᠲᠠᠭᠰᠠᠨ ᠬᠤᠭᠤᠴᠠᠭᠠᠨ ᠳᠤ ᠪᠡᠶ᠎ᠡ ᠪᠠᠨ ᠪᠣᠯᠪᠠᠰᠤᠷᠠᠭᠤᠯᠬᠤ ᠬᠡᠷᠡᠭᠲᠡᠢ ᠃ | ᠳᠥᠷᠪᠡ ᠳᠤ ᠂ ᠬᠠᠷᠰᠢᠬᠤ ᠪᠠᠶᠢᠳᠠᠯ ᠬᠦᠨᠳᠦᠷᠡᠪᠡᠯ ᠳᠠᠷᠦ᠋ᠢᠬᠠᠨ ᠡᠮᠴᠢᠯᠡᠭᠦᠯᠬᠦ ᠬᠡᠷᠡᠭᠲᠡᠢ ᠃ ᠠᠮᠠᠷᠬᠠᠨ ᠬᠠᠷᠰᠢᠳᠠᠭ ᠪᠠ ᠠᠭᠰᠠᠭ᠎ᠠ ᠡᠪᠡᠳᠴᠢᠨ ᠲᠠᠢ ᠬᠥᠮᠥᠰ | ᠬᠤᠪᠴᠠᠰᠤ ᠬᠤᠨᠠᠷ ᠢᠶᠠᠨ ᠲᠣᠬᠢᠷᠠᠭᠤᠯᠵᠤ ᠂ ᠵᠢᠩᠭᠢᠨᠡᠵᠦ ᠳᠠᠭᠠᠷᠠᠭᠠᠳ ᠬᠢᠮᠤᠷᠠᠭ᠎ᠠ ᠲᠠᠭᠰᠢᠭᠤᠷ ᠣᠯᠬᠤ ᠠᠴᠠ ᠪᠣᠯᠭᠤᠮᠵᠢᠯᠠᠬᠤ ᠬᠡᠷᠡᠭᠲᠡᠢ ᠃ ᠬᠠᠷᠰᠢᠬᠤ ᠪᠠᠶᠢᠳᠠᠯ | ᠬᠦᠨᠳᠦᠷᠡᠪᠡᠯ ᠳᠠᠷᠦ᠋ᠢᠬᠠᠨ ᠡᠮᠴᠢᠯᠡᠭᠦᠯᠬᠦ ᠬᠡᠷᠡᠭᠲᠡᠢ ᠃ | |