| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠬᠢᠯᠭᠠᠨ ᠮᠡᠳᠡᠭᠡ 4 ᠰᠠᠷ᠎ᠠ ᠶᠢᠨ 1 ᠤ ᠡᠳᠦᠷ ᠬᠡᠪᠯᠡᠭᠳᠡᠭᠰᠡᠨ 7 ᠳ᠋ᠤᠭᠠᠷ ᠬᠤᠭᠤᠴᠠᠭᠠᠨ ᠤ | ︽ ᠦᠨᠡᠨ ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ ᠠᠷᠠᠳ ᠲᠦᠮᠡᠨ ᠢ ᠳᠡᠭᠡᠳᠦᠯᠡᠬᠦ ᠶᠢ ᠡᠷᠬᠡᠪᠰᠢ ᠪᠠᠷᠢᠮᠲᠠᠯᠠᠬᠤ ᠬᠡᠷᠡᠭᠲᠡᠢ ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃ ᠡᠨᠡ ᠪᠣᠯ | ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 11 ᠰᠠᠷ᠎ᠠ ᠠᠴᠠ 2023 ᠣᠨ ᠤ 12 ᠰᠠᠷ᠎ᠠ ᠪᠣᠯᠲᠠᠯᠠᠬᠢ ᠬᠤᠭᠤᠴᠠᠭᠠᠨ ᠳᠠᠬᠢ ᠬᠤᠯᠪᠣᠭᠳᠠᠯ ᠪᠦᠬᠦᠢ | ᠴᠢᠬᠤᠯᠠ ᠥᠭᠦᠯᠡᠯᠲᠡ ᠶᠢᠨ ᠲᠣᠪᠴᠢᠯᠠᠪᠤᠷᠢ ᠪᠣᠯᠣᠨ᠎ᠠ ᠃ | ᠵᠣᠬᠢᠶᠠᠯ ᠳᠤ ᠂ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ ᠂ ᠠᠷᠠᠳ ᠲᠦᠮᠡᠨ ᠪᠣᠯ ᠵᠢᠩᠬᠢᠨᠢ ᠪᠠᠭᠠᠲᠤᠷ ᠮᠥᠨ ᠃ ᠮᠠᠨ ᠤ ᠨᠠᠮ ᠪᠣᠯ | ᠠᠷᠠᠳ ᠲᠦᠮᠡᠨ ᠤ ᠳᠤᠮᠳᠠ ᠠᠴᠠ ᠢᠷᠡᠵᠦ ᠂ ᠠᠷᠠᠳ ᠲᠦᠮᠡᠨ ᠤ ᠳᠤᠮᠳᠠ ᠦᠨᠳᠦᠰᠦᠯᠡᠵᠦ ᠂ ᠠᠷᠠᠳ ᠲᠦᠮᠡᠨ ᠳᠤ ᠦᠢᠯᠡᠴᠢᠯᠡᠳᠡᠭ ᠂ ᠨᠠᠮ ᠤᠨ ᠦᠨᠳᠦᠰᠦ | ᠰᠠᠭᠤᠷᠢ ᠨᠢ ᠠᠷᠠᠳ ᠲᠦᠮᠡᠨ ᠤ ᠳᠤᠮᠳᠠ ᠪᠠᠶᠢᠵᠤ ᠂ ᠠᠮᠢᠨ ᠰᠤᠳᠠᠰᠤ ᠨᠢ ᠠᠷᠠᠳ ᠲᠦᠮᠡᠨ ᠤ ᠳᠤᠮᠳᠠ ᠪᠠᠶᠢᠵᠤ ᠂ ᠬᠦᠴᠦᠨ ᠴᠢᠳᠠᠯ ᠨᠢ ᠠᠷᠠᠳ ᠲᠦᠮᠡᠨ ᠤ ᠳᠤᠮᠳᠠ | ᠪᠠᠶᠢᠳᠠᠭ ᠃ ᠠᠷᠠᠳ ᠲᠦᠮᠡᠨ ᠪᠣᠯ ᠮᠠᠨ ᠤ ᠨᠠᠮ ᠤᠨ ᠲᠥᠷᠥ ᠪᠠᠷᠢᠬᠤ ᠬᠠᠮᠤᠭ ᠤᠨ ᠶᠡᠭᠡ ᠢᠳᠡ ᠬᠦᠴᠦᠨ ᠮᠥᠨ ᠂ ᠮᠠᠨ ᠤ ᠪᠦᠭᠦᠳᠡ ᠨᠠᠶᠢᠷᠠᠮᠳᠠᠬᠤ ᠤᠯᠤᠰ ᠤᠨ | ᠪᠠᠲᠤ ᠪᠠᠬᠢ ᠦᠨᠳᠦᠰᠦ ᠰᠠᠭᠤᠷᠢ ᠮᠥᠨ ᠂ ᠮᠠᠨ ᠤ ᠨᠠᠮ ᠢᠶᠠᠨ ᠬᠦᠴᠦᠷᠬᠡᠭᠵᠢᠭᠦᠯᠵᠦ ᠤᠯᠤᠰ ᠢᠶᠠᠨ ᠮᠠᠨᠳᠤᠭᠤᠯᠬᠤ ᠶᠢᠨ ᠦᠨᠳᠦᠰᠦ ᠰᠠᠭᠤᠷᠢ ᠮᠥᠨ ᠃ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ ᠃ ᠳᠤᠮᠳᠠᠳᠤ ᠤᠯᠤᠰ ᠤᠨ ᠡᠪ | ᠬᠠᠮᠲᠤᠴᠤᠳ ᠤᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠣᠯ ᠳᠠᠷᠤᠢ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ ᠂ | ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠣᠨ᠎ᠠ ᠃ ᠡᠨᠡ ᠬᠦ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠣᠯ | ᠳᠤᠮᠳᠠᠳᠤ ᠤᠯᠤᠰ ᠤᠨ ᠡᠪ ᠬᠠᠮᠲᠤᠴᠤᠳ ᠢ ᠤᠷᠮᠠᠰᠢᠭᠤᠯᠤᠨ ᠵᠣᠷᠢᠭᠵᠢᠭᠤᠯᠵᠤ ᠲᠠᠰᠤᠷᠠᠯᠲᠠ ᠦᠭᠡᠢ ᠤᠷᠤᠭᠰᠢᠯᠠᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ | ᠭᠡᠵᠦ ᠴᠢᠬᠤᠯᠠᠴᠢᠯᠠᠪᠠ ᠃ | ᠵᠣᠬᠢᠶᠠᠯ ᠳᠤ ᠂ ᠲᠥᠷᠥ ᠭᠥᠷᠥᠨ ᠪᠣᠯ ᠠᠷᠠᠳ ᠲᠦᠮᠡᠨ ᠮᠥᠨ ᠂ ᠠᠷᠠᠳ ᠲᠦᠮᠡᠨ ᠪᠣᠯ ᠲᠥᠷᠥ ᠭᠦᠴᠦᠨ ᠮᠥᠨ ᠂ ᠲᠥᠷᠥ ᠭᠥᠷᠥᠨ ᠢ ᠪᠠᠶᠢᠭᠤᠯᠵᠤ ᠂ ᠲᠥᠷᠥ | ᠭᠥᠷᠥᠨ ᠢ ᠰᠠᠬᠢᠬᠤ ᠳᠤ ᠰᠠᠬᠢᠵᠤ ᠪᠠᠶᠢᠭ᠎ᠠ ᠨᠢ ᠳᠠᠷᠤᠢ ᠠᠷᠠᠳ ᠲᠦᠮᠡᠨ ᠤ ᠰᠡᠳᠬᠢᠯ ᠢ ᠰᠠᠬᠢᠵᠤ ᠪᠠᠶᠢᠨ᠎ᠠ ᠃ ᠠᠷᠠᠳ ᠲᠦᠮᠡᠨ ᠤ ᠵᠣᠭᠰᠣᠯᠲᠠ ᠪᠣᠯ ᠳᠤᠮᠳᠠᠳᠤ | ᠤᠯᠤᠰ ᠤᠨ ᠡᠪ ᠬᠠᠮᠲᠤ ᠨᠠᠮ ᠤᠨ ᠦᠨᠳᠦᠰᠦᠨ ᠤᠯᠤᠰ ᠲᠥᠷᠥ ᠶᠢᠨ ᠵᠣᠭᠰᠣᠯᠲᠠ ᠮᠥᠨ ᠂ ᠮᠠᠷᠺᠰ ᠤᠨ ᠦᠵᠡᠯ ᠤᠨ ᠲᠥᠷᠥ ᠶᠢᠨ ᠨᠠᠮ ᠪᠣᠯᠣᠨ ᠲᠥᠷᠥ ᠶᠢᠨ | ᠨᠠᠮ ᠠᠴᠠ ᠢᠯᠭᠠᠭᠳᠠᠬᠤ ᠢᠯᠡᠷᠬᠡᠢ ᠰᠢᠨᠵᠢ ᠲᠡᠮᠳᠡᠭ ᠮᠥᠨ ᠃ ᠨᠠᠮ ᠠᠷᠠᠳ ᠲᠦᠮᠡᠨ ᠤ ᠠᠰᠢᠭ ᠲᠤᠰᠠ ᠠᠴᠠ ᠭᠠᠳᠠᠨ᠎ᠠ ᠥᠪᠡᠷ ᠤᠨ ᠣᠨᠴᠠᠭᠠᠢ ᠠᠰᠢᠭ ᠲᠤᠰᠠ | ᠭᠡᠵᠦ ᠪᠠᠶᠢᠬᠤ ᠦᠭᠡᠢ ᠂ ᠨᠠᠮ ᠤᠨ ᠠᠯᠢᠪᠠ ᠠᠵᠢᠯ ᠪᠣᠯ ᠴᠥᠮ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ | ᠪᠡᠶᠡᠯᠡᠭᠦᠯᠵᠦ ᠂ ᠰᠠᠶᠢᠲᠤᠷ ᠬᠠᠮᠠᠭᠠᠯᠠᠵᠤ ᠂ ᠰᠠᠶᠢᠲᠤᠷ ᠬᠥᠭᠵᠢᠭᠦᠯᠬᠦ ᠶᠢᠨ ᠲᠥᠯᠥᠭᠡ ᠶᠤᠮ ᠃ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ | ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠨ ᠂ ᠣᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ | ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠨ ᠂ ᠠᠷᠠᠳ ᠣᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ ᠪᠠᠲᠤᠯᠠᠵᠤ ᠂ | ᠠᠷᠠᠳ ᠲᠦᠮᠡᠨ ᠲᠠᠢ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠨ ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠂ ᠠᠷᠠᠳ ᠲᠦᠮᠡᠨ ᠤ ᠪᠣᠳᠣᠵᠤ | ᠪᠠᠶᠢᠭ᠎ᠠ ᠵᠦᠢᠯ ᠢ ᠰᠠᠨᠠᠭᠠᠰᠢᠷᠠᠨ ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠭᠦᠢᠴᠡᠳᠬᠡᠵᠦ ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ | ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠷᠠᠳ ᠲᠦᠮᠡᠨ ᠪᠣᠯ | ᠰᠢᠢᠳᠪᠦᠷᠢᠯᠡᠭᠴᠢ ᠴᠢᠨᠠᠷᠲᠠᠢ ᠬᠦᠴᠦᠨ ᠮᠥᠨ ᠃ ᠡᠷᠬᠡᠪᠰᠢ ᠪᠥᠬᠦ ᠠᠷᠠᠳ ᠲᠦᠮᠡᠨ ᠬᠠᠮᠲᠤ ᠪᠠᠷ ᠣᠷᠣᠯᠴᠠᠬᠤ ᠂ ᠬᠠᠮᠲᠤ ᠪᠠᠷ ᠪᠦᠲᠦᠭᠡᠨ ᠪᠠᠶᠢᠭᠤᠯᠬᠤ ᠂ ᠬᠠᠮᠲᠤ ᠪᠠᠷ | ᠡᠳ᠋ᠯᠡᠬᠦ ᠶᠢ ᠪᠠᠷᠢᠮᠲᠠᠯᠠᠵᠤ ᠂ ᠪᠥᠬᠦ ᠠᠷᠠᠳ ᠲᠦᠮᠡᠨ ᠤ ᠰᠡᠳᠬᠢᠯ ᠨᠢᠭᠡᠳᠦᠨ ᠬᠠᠮᠲᠤᠷᠠᠯᠴᠠᠬᠤ ᠂ ᠶᠡᠭᠡ ᠦᠢᠯᠡᠰ ᠢ ᠬᠠᠮᠲᠤ ᠪᠠᠷ ᠪᠦᠲᠦᠭᠡᠬᠦ ᠳᠤ ᠴᠢᠩᠭ᠎ᠠ ᠲᠦᠰᠢᠭᠯᠡᠬᠦ | ᠬᠡᠷᠡᠭᠲᠡᠢ ᠃ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠬᠥᠭᠵᠢᠭᠦᠯᠵᠦ ᠂ ᠨᠠᠮ ᠤᠨ ᠤᠳᠤᠷᠢᠳᠤᠯᠭ᠎ᠠ ᠂ ᠠᠷᠠᠳ ᠲᠦᠮᠡᠨ ᠡᠵᠡᠨ ᠰᠠᠭᠤᠵᠤ ᠡᠷᠬᠡ | ᠮᠡᠳᠡᠬᠦ ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠᠶᠢᠭᠤᠯᠤᠯ ᠤᠨ | ᠰᠢᠰᠲ᠋ᠧᠮ ᠢ ᠲᠡᠭᠦᠯᠳᠡᠷᠵᠢᠭᠦᠯᠵᠦ ᠂ ᠪᠥᠬᠦ ᠠᠷᠠᠳ ᠲᠦᠮᠡᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠬᠦ ᠬᠡᠷᠡᠭᠲᠡᠢ ᠃ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ ᠂ ᠠᠷᠠᠳ ᠣᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ | ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠥᠬᠦ ᠠᠷᠠᠳ ᠲᠦᠮᠡᠨ ᠳᠤ | ᠨᠡᠩ ᠣᠯᠠᠨ ᠨᠡᠩ ᠭᠤᠣᠯᠴᠢ ᠪᠠᠷ ᠬᠦᠷᠲᠡᠭᠡᠵᠦ ᠂ ᠪᠥᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠨᠡᠩ ᠢᠯᠡᠷᠬᠡᠢ ᠮᠥᠨ ᠴᠢᠨᠠᠷ ᠤᠨ | ᠠᠬᠢᠴᠠ ᠲᠠᠢ ᠪᠣᠯᠭᠠᠬᠤ ᠬᠡᠷᠡᠭᠲᠡᠢ ᠃ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠂ ᠤᠯᠤᠰ ᠤᠨ ᠳᠣᠲᠣᠭᠠᠳᠤ | ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ ᠂ ᠢᠳᠡᠪᠬᠢ ᠬᠦᠴᠦᠨ ᠵᠦᠢᠯ | ᠪᠥᠬᠦᠨ ᠢ ᠭᠦᠢᠴᠡᠳ ᠳᠠᠶᠢᠴᠢᠯᠠᠨ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠦᠷ | ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | | |