| 3 ᠳ᠋ᠤᠭᠠᠷ ᠰᠠᠷ᠎ᠠ ᠶᠢᠨ 28 ᠤ ᠡᠳᠦᠷ ᠂ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠮᠡᠳᠡᠭᠡ ᠨᠡᠶᠢᠲᠡᠯᠡᠵᠦ ᠂ ᠥᠷᠭᠡᠨ ᠣᠯᠠᠨ | ᠵᠢᠭᠤᠯᠴᠢᠯᠠᠭᠰᠠᠳ ᠲᠤ ᠠᠰᠢᠭ ᠬᠦᠷᠲᠡᠭᠡᠨ ᠂ ᠳᠥᠷᠪᠡᠨ ᠵᠦᠭ ᠨᠠᠢᠮᠠᠨ ᠵᠣᠪᠬᠢᠰ ᠤᠨ ᠨᠠᠶᠢᠵᠠ ᠨᠠᠷ ᠢ ᠪᠠᠶᠠᠷᠯᠠᠨ ᠤᠭᠲᠤᠬᠤ ᠶᠢᠨ ᠲᠥᠯᠥᠭᠡ ᠂ ᠪᠥᠬᠦ ᠣᠷᠣᠨ ᠤ A | ᠲᠠᠰ ᠤᠨ 80 ᠵᠢᠭᠤᠯᠴᠢᠯᠠᠯ ᠦᠵᠡᠮᠵᠢ ᠶᠢᠨ ᠣᠷᠣᠨ ᠤ ᠶᠡᠭᠡ ᠡᠭᠦᠳᠡᠨ ᠪᠢᠯᠧᠲ ᠢ 4 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ | ᠡᠳᠦᠷ ᠪᠣᠯᠲᠠᠯᠠᠬᠢ ᠬᠤᠭᠤᠴᠠᠭᠠᠨ ᠳᠤ ᠬᠡᠯᠲᠦᠷᠢᠭᠦᠯᠦᠨ᠎ᠡ ᠭᠡᠵᠡᠢ ᠃ | A ᠳᠡᠰ ᠤᠨ 80 ᠵᠢᠭᠤᠯᠴᠢᠯᠠᠯ ᠦᠵᠡᠮᠵᠢ ᠶᠢᠨ ᠣᠷᠣᠨ ᠨᠢ ᠪᠦᠬᠦ ᠣᠷᠣᠨ ᠤ 12 ᠠᠶᠢᠮᠠᠭ ᠬᠤᠲᠠ ᠳᠤ ᠲᠥᠭᠡᠵᠡᠢ ᠂ ᠡᠭᠦᠨ ᠳᠤ ᠬᠥᠬᠡᠬᠤᠲᠠ ᠶᠢᠨ ᠮᠧᠩ | ᠼᠤᠤ · ᠼᠤᠤ ᠪᠥᠸᠧ ᠶᠤᠸᠠᠨ ᠦᠵᠡᠮᠵᠢ ᠶᠢᠨ ᠣᠷᠣᠨ ᠂ ᠪᠤᠭᠤᠲᠤ ᠬᠤᠲᠠ ᠶᠢᠨ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠵᠢᠭᠤᠯᠴᠢᠯᠠᠯ ᠤᠨ | ᠣᠷᠣᠨ ᠂ ᠬᠥᠯᠥᠨ ᠪᠤᠶᠢᠷ ᠬᠤᠲᠠ ᠶᠢᠨ ᠬᠥᠯᠥᠨ ᠪᠤᠶᠢᠷ ᠤᠨ ᠡᠷᠲᠡᠨ ᠤ ᠬᠤᠲᠠ ᠶᠢᠨ ᠵᠢᠭᠤᠯᠴᠢᠯᠠᠯ ᠤᠨ ᠣᠷᠣᠨ ᠂ ᠬᠢᠩᠭᠠᠨ ᠠᠶᠢᠮᠠᠭ ᠤᠨ ᠷᠠᠰᠢᠶᠠᠨ | ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠬᠥ᠋ ᠢᠦᠢ ᠶᠤᠸᠠᠨ ᠦᠵᠡᠮᠵᠢ ᠶᠢᠨ ᠣᠷᠣᠨ ᠂ ᠤᠯᠠᠭᠠᠨᠬᠠᠳᠠ ᠬᠤᠲᠠ ᠶᠢᠨ | ᠯᠢᠤᠢ ᠶᠤᠸᠠᠨ ᠠᠮᠢ ᠠᠬᠤᠢ ᠶᠢᠨ ᠦᠵᠡᠮᠵᠢ ᠶᠢᠨ ᠣᠷᠣᠨ ᠂ ᠰᠢᠯᠢ ᠶᠢᠨ ᠭᠤᠣᠯ ᠠᠶᠢᠮᠠᠭ ᠤᠨ ᠰᠢᠯᠢ ᠶᠢᠨ ᠬᠤᠲᠠ ᠶᠢᠨ ᠪᠠᠶᠢᠰᠡ ᠶᠢᠨ ᠰᠦᠮ᠎ᠡ ᠶᠢᠨ ᠵᠢᠭᠤᠯᠴᠢᠯᠠᠯ | ᠦᠵᠡᠮᠵᠢ ᠶᠢᠨ ᠣᠷᠣᠨ ᠂ ᠤᠯᠠᠭᠠᠨᠴᠠᠪ ᠬᠤᠲᠠ ᠶᠢᠨ ᠪᠠ ᠸᠠᠩ ᠾᠧ ᠠᠮᠢ ᠠᠬᠤᠢ ᠶᠢᠨ ᠴᠡᠴᠡᠷᠯᠢᠭ ᠤᠨ ᠦᠵᠡᠮᠵᠢ ᠶᠢᠨ ᠣᠷᠣᠨ ᠂ ᠣᠷᠳᠣᠰ ᠬᠤᠲᠠ ᠶᠢᠨ ᠡᠩᠬᠡᠪᠡᠢ | ᠵᠢᠭᠤᠯᠴᠢᠯᠠᠯ ᠤᠨ ᠣᠷᠣᠨ ᠂ ᠪᠠᠶᠠᠨᠨᠠᠭᠤᠷ ᠬᠤᠲᠠ ᠶᠢᠨ ᠲᠡᠮᠡᠭᠡᠨ ᠵᠢᠩ ᠤᠨ ᠤᠯᠠᠭ᠎ᠠ ᠥᠷᠲᠡᠭᠡ ᠵᠢᠭᠤᠯᠴᠢᠯᠠᠯ ᠤᠨ ᠣᠷᠣᠨ ᠂ ᠦᠬᠠᠢ ᠬᠤᠲᠠ ᠶᠢᠨ ᠬᠠᠨ ᠰᠧᠨ | ᠡᠳ᠋ᠯᠡᠩ ᠤᠨ ᠦᠵᠡᠮᠵᠢ ᠶᠢᠨ ᠣᠷᠣᠨ ᠂ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠤ ᠣᠪᠣᠭᠠᠨ ᠠᠭᠤᠯᠠ ᠵᠢᠭᠤᠯᠴᠢᠯᠠᠯ ᠤᠨ ᠣᠷᠣᠨ ᠵᠡᠷᠭᠡ ᠶᠢ | ᠪᠠᠭᠲᠠᠭᠠᠭᠰᠠᠨ ᠤᠯᠠᠨ ᠨᠡᠷᠡᠳᠦ ᠦᠵᠡᠮᠵᠢ ᠶᠢᠨ ᠭᠠᠵᠠᠷ ᠴᠥᠮ ᠨᠡᠷᠡᠰ ᠤᠨ ᠵᠢᠭᠰᠠᠭᠠᠯᠲᠠ ᠳᠤ ᠣᠷᠣᠪᠠ ᠃ | ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠰᠠᠶᠢᠵᠢᠷᠠᠭᠤᠯᠬᠤ ᠶᠢᠨ ᠲᠥᠯᠥᠭᠡ ᠂ ᠮᠠᠨ ᠤ ᠣᠷᠣᠨ 5 ᠳ᠋ᠤᠭᠠᠷ ᠰᠠᠷ᠎ᠠ ᠶᠢᠨ 1 ᠤ ᠡᠳᠦᠷ ᠠᠴᠠ ︽ 2024 | ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠵᠢᠭᠤᠯᠴᠢᠯᠠᠭᠰᠠᠳ ᠢ ᠣᠷᠢᠨ ᠠᠪᠴᠢᠷᠠᠭᠰᠠᠨ ᠢ ᠱᠠᠩᠨᠠᠬᠤ ᠠᠷᠭ᠎ᠠ ︾ ᠶᠢ ᠬᠡᠷᠡᠭᠵᠢᠭᠦᠯᠬᠦ | ᠪᠣᠯᠣᠨ᠎ᠠ ᠂ ᠲᠤᠬᠠᠢ ᠶᠢᠨ ᠦᠶᠡᠰ ᠲᠤ ᠨᠠᠩ ᠣᠯᠠᠨ ᠬᠠᠷᠠᠭᠠᠯᠵᠠᠯ ᠂ ᠨᠠᠩ ᠣᠯᠠᠨ ᠭᠡᠨᠡᠳᠲᠡ ᠶᠢᠨ ᠪᠠᠶᠠᠷ ᠢ ᠨᠡᠶᠢᠲᠡᠯᠡᠨ᠎ᠡ ᠃ | | |