| ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠠᠴᠠ ᠨᠠᠭᠠᠰᠢ ᠂ ᠵᠡᠭᠦᠨᠭᠠᠷ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠨᠢᠭᠡ | ᠭᠠᠷᠠᠭ ᠤᠨ ᠰᠤᠷᠭᠠᠭᠤᠯᠢ ᠶᠢᠨ ᠬᠦᠷᠢᠶᠡᠨ᠎ᠡ ᠰᠤᠷᠤᠯᠴᠠᠯᠭ᠎ᠠ ᠪᠠᠨ ᠪᠡᠶᠡᠯᠡᠬᠦᠯᠬᠦ ᠠᠴᠠ ᠭᠠᠳᠠᠨ᠎ᠠ ᠂ ᠭᠠᠷᠠᠭ ᠤᠨ ᠰᠡᠭᠦᠯᠴᠢ ᠶᠢᠨ ᠴᠠᠭ ᠢ ᠠᠰᠢᠭᠯᠠᠨ ᠡᠯ᠎ᠡ ᠲᠥᠷᠥᠯ ᠤᠨ | ᠳᠤᠷ᠎ᠠ ᠰᠣᠨᠢᠷᠬᠠᠯ ᠤᠨ ᠠᠩᠭᠢ ᠂ ᠲᠠᠮᠢᠷ ᠤᠨ ᠲᠠᠯᠠᠪᠤᠷ ᠢᠶᠠᠷ ᠬᠦᠷᠴᠤ ᠂ ᠰᠤᠷᠤᠯᠭ᠎ᠠ ᠠᠮᠢᠳᠤᠷᠠᠯ ᠢᠶᠠᠨ ᠪᠠᠶᠠᠯᠢᠭᠵᠢᠭᠤᠯᠤᠨ ᠂ ᠰᠤᠷᠭᠠᠭᠤᠯᠢ ᠶᠢᠨ ᠬᠦᠷᠢᠶᠡᠨ ᠤ | ᠭᠠᠳᠠᠨᠠᠬᠢ ᠪᠠᠶᠠᠳᠡᠨ ᠦᠢᠯᠠᠭᠠᠯᠴᠠᠭ᠎ᠠ ᠪᠠᠨ ᠲᠡᠭᠦᠯᠳᠡᠷᠵᠢᠭᠦᠯᠵᠦ ᠂ ᠦᠰᠦᠨ ᠪᠤᠶᠢᠵᠢᠬᠤ ᠵᠠᠮ ᠲᠡᠭᠡᠷ᠎ᠠ ᠪᠠᠨ ᠥᠪᠡᠷ ᠤᠨ ᠪᠡᠶ᠎ᠡ ᠳᠡᠭᠡᠨ《 ᠴᠠᠬᠢᠯᠭᠠᠨ | ᠴᠡᠨᠡᠭᠯᠡᠵᠦ》ᠠᠶᠠᠯᠠᠯ ᠤᠨ ᠵᠠᠯᠠᠭᠤᠷ ᠢᠶᠠᠨ ᠦᠷᠭᠦᠯᠵᠢᠯᠡᠨ ᠵᠠᠯᠠᠨ᠎ᠠ ᠃ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠵᠡᠭᠦᠨᠭᠠᠷ ᠠᠵᠤ ᠦᠢᠯᠡᠰ ᠤᠨ ᠬᠦᠷᠢᠶᠡᠯᠡᠩ ᠤᠨ ᠨᠢᠭᠡᠨ ᠥᠳᠥᠨ ᠪᠥᠮᠪᠦᠭᠡ ᠶᠢᠨ ᠪᠣᠯᠪᠠᠰᠤᠷᠠᠯ ᠤᠨ | ᠰᠠᠭᠤᠷᠢᠨ ᠭᠠᠵᠠᠷ ᠲᠤ ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠥᠳᠥᠨ ᠪᠥᠮᠪᠦᠭᠡ ᠶᠢᠨ ᠪᠣᠯᠪᠠᠰᠤᠷᠠᠯ ᠬᠦᠷᠳᠡᠨ᠎ᠡ ᠃ ᠲᠡᠳᠡ ᠦᠳᠦᠨ ᠪᠥᠮᠪᠥᠭᠡᠨ | ᠫᠠᠶᠢᠰᠠ ᠪᠠᠨ ᠬᠤᠷᠤᠶᠢᠯᠵᠠᠭᠤᠯᠤᠨ ᠂ ᠪᠥᠮᠪᠥᠭᠡᠨ ᠲᠠᠯᠠᠪᠤᠷ ᠲᠡᠬᠡᠷ᠎ᠠ ᠨᠠᠭᠠᠰᠢ ᠴᠠᠭᠠᠰᠢ ᠪᠠᠨ ᠬᠦᠶᠦᠯᠳᠦᠨᠠ ᠃ ᠡᠳᠦᠷ ᠪᠦᠷᠢ ᠬᠤᠶᠠᠷ ᠴᠠᠭ ᠤᠨ ᠪᠣᠯᠪᠠᠰᠤᠷᠠᠯ ᠨᠢ | ᠬᠡᠦᠬᠡᠳ ᠤᠨ ᠭᠠᠷᠠᠭ ᠤᠨ ᠰᠡᠭᠦᠯᠴᠢ ᠶᠢᠨ ᠡᠷᠡᠬᠦᠯ ᠠᠮᠢᠳᠤᠷᠠᠯ ᠢ ᠨᠡᠩ ᠰᠠᠶᠢᠨ ᠲᠡᠬᠦᠯᠳᠡᠷᠵᠢᠬᠦᠯᠪᠡ ᠃ | | ︽ ᠭᠠᠷᠠᠭ ᠤᠨ ᠰᠡᠬᠦᠯᠴᠢ ᠪᠤᠯᠭᠠᠨ ᠂ ᠪᠢ ᠠᠳᠡ ᠢᠷᠡᠵᠦ ᠥᠳᠥᠨ ᠪᠥᠮᠪᠦᠭᠡ ᠨᠠᠭᠠᠳᠳᠠᠭ ᠃ ᠥᠳᠥᠨ ᠪᠥᠮᠪᠦᠭᠡ ᠨᠠᠭᠠᠳᠬᠤ ᠨᠢ ᠮᠠᠰᠢ ᠰᠠᠶᠢᠨ ᠪᠠᠶᠢᠵᠦ ᠂ ᠪᠡᠶ᠎ᠡ | ᠮᠠᠬᠠᠪᠤᠳ ᠢᠶᠠᠨ ᠪᠤᠯᠪᠠᠰᠤᠷᠠᠭᠤᠯᠬᠤ ᠪᠠᠷ ᠪᠠᠷᠠᠬᠤ ᠦᠭᠡᠢ ᠪᠠᠰᠠ ᠤᠯᠠᠨ ᠨᠠᠶᠢᠵᠠ ᠲᠠᠢ ᠨᠠᠶᠢᠵᠠᠯᠠᠳᠠᠭ ᠪᠣᠯᠬᠤᠷ ᠮᠠᠰᠢ ᠲᠡᠬᠦᠯᠳᠡᠷ ᠰᠠᠨᠠᠬᠳᠠᠳᠠᠭ ︾ ᠭᠡᠵᠦ ᠪᠠᠭ᠎ᠠ | ᠰᠤᠷᠭᠠᠭᠤᠯᠢ ᠶᠢᠨ ᠰᠤᠷᠤᠭᠴᠢ ᠳ᠋ᠦᠩ ᠬᠠᠨ ᠢ ᠶᠠᠷᠢᠨ᠎ᠠ ᠃ | ᠨᠥᠭᠦᠭᠡ ᠲᠠᠯ᠎ᠠ ᠳᠠᠬᠢ ᠶᠢᠦ ᠴᠢ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠲᠥᠪ ᠲᠠᠬᠢ ᠂ ᠳᠤᠷ᠎ᠠ ᠰᠣᠨᠢᠷᠬᠠᠯ ᠤᠨ ᠤᠯᠠᠨ ᠲᠦᠷᠦᠯ ᠤᠨ ᠬᠢᠴᠢᠶᠡᠯ ᠤᠳ | ᠨᠢ ᠳᠤᠮᠳᠠᠳᠤ ᠪᠠᠭ᠎ᠠ ᠰᠤᠷᠭᠠᠭᠤᠯᠢ ᠶᠢᠨ ᠤᠯᠠᠨ ᠰᠣᠷᠤᠬᠴᠢᠳ ᠤᠨ ᠰᠣᠨᠢᠷᠬᠠᠯ ᠢ ᠲᠠᠳᠠᠨ᠎ᠠ ᠃ ᠵᠢᠷᠤᠭ ᠤᠨ ᠠᠩᠭᠢ ᠳᠤ ᠂ ᠬᠡᠦᠬᠡᠳ ᠤᠳ ᠥᠩᠭᠡᠲᠦ ᠪᠢᠷ ᠠᠳᠬᠤᠵᠦ ᠂ | ᠪᠠᠭᠰᠢ ᠪᠠᠨ ᠲᠠᠭᠠᠨ ᠵᠢᠷᠤᠵᠦ ᠰᠤᠷᠤᠨ᠎ᠠ ᠃ ᠵᠢᠷᠤᠬᠤ ᠳᠤᠷᠠᠲᠠᠢ ᠭᠤᠸ ᠽᠢ ᠵᠢᠶᠧ ᠠᠳᠡ ᠢᠷᠡᠵᠦ ᠭᠠᠷᠠᠭ ᠤᠨ ᠰᠡᠭᠦᠯᠴᠢ ᠪᠠᠨ ᠪᠠᠶᠠᠷ ᠬᠥᠷ ᠲᠠᠢ ᠪᠠᠷ | ᠦᠡᠭᠬᠡᠷᠡᠬᠦᠯᠵᠦ ᠪᠠᠶᠢᠨ᠎ᠠ ᠃ ︽ ᠪᠢ ᠵᠢᠷᠤᠭ ᠲᠤ ᠪᠠᠭ᠋ᠠᠳᠡᠢ ᠂ ᠵᠢᠷᠤᠭ ᠰᠤᠷᠤᠭᠠᠳ ᠬᠤᠶᠠᠷ ᠵᠢᠯ ᠪᠤᠯᠵᠦ ᠪᠠᠶᠢᠨ᠎ᠠ ᠂ ᠭᠠᠷᠠᠭ ᠤᠨ ᠰᠡᠭᠦᠯᠴᠢ ᠪᠤᠯᠭᠠᠨ ᠢᠶᠠᠷ ᠢᠷᠠᠵᠦ | ᠰᠤᠷᠳᠠᠭ ︾ ᠭᠡᠵᠦ ᠭᠤᠤ ᠽᠢ ᠵᠢᠶᠧ ᠶᠠᠷᠢᠨ᠎ᠠ ᠃ | | ᠭᠠᠷᠠᠭ ᠤᠨ ᠰᠡᠭᠦᠯᠴᠢ ᠪᠠᠷ ᠨᠣᠮ ᠤᠨ ᠰᠠᠩ ᠢᠶᠠᠷ ᠲᠤᠭᠤᠷᠢᠵᠦ ᠬᠡᠦᠬᠡᠳ ᠢᠶᠠᠨ ᠮᠡᠳᠡᠯᠭᠡ ᠶᠢᠨ ᠲᠠᠯᠠᠢ ᠪᠠᠷ ᠱᠤᠩᠪᠠᠭᠤᠯᠬᠤ ᠨᠢ ᠨᠢᠭᠡᠨᠲᠡ ᠡᠵᠢ ᠠᠪᠤ ᠪᠤᠯᠤᠬᠰᠠᠳ | ᠤᠨ ᠬᠡᠦᠬᠡᠳ ᠲᠠᠢ ᠪᠠᠨ ᠬᠠᠮᠲᠤ ᠪᠠᠶᠢᠯᠴᠠᠬᠤ ᠶᠢᠨ ᠲᠡᠷᠢᠭᠦᠨ ᠰᠣᠩᠭᠤᠯᠲᠠ ᠪᠤᠯᠤᠬᠰᠠᠨ ᠪᠠᠶᠢᠨ᠎ᠠ ᠃ ᠵᠡᠭᠦᠨᠭᠠᠷ ᠬᠤᠰᠢᠭᠤᠨ ᠤ ᠪᠠᠭᠠᠴᠤᠳ ᠬᠡᠦᠬᠡᠳ ᠤᠨ ᠨᠣᠮ ᠤᠨ | ᠰᠠᠩ ᠤᠨ ᠴᠡᠪᠡᠷ ᠴᠡᠮᠴᠡᠭᠡᠷ ᠲᠡᠷᠢ ᠲᠡᠭᠰᠢ ᠪᠠᠶᠢᠷᠢᠯᠠᠭᠤᠯᠤᠯᠲᠠ ᠨᠢ ᠪᠢᠴᠢᠬᠠᠨ ᠤᠡᠭᠰᠢᠬᠴᠢ ᠳᠤ ᠰᠠᠶᠢᠨ ᠰᠠᠶᠢᠬᠠᠨ ᠤᠩᠰᠢᠯᠭ᠎ᠠ ᠶᠢᠨ ᠣᠷᠴᠢᠨ ᠲᠣᠭᠤᠷᠢᠨ ᠢ | ᠬᠠᠨᠭ᠍ᠭᠠᠵᠦ ᠦᠭᠬᠦᠭᠰᠡᠨ ᠢᠶᠠᠷ ᠂ ᠭᠡᠷ ᠤᠨ ᠠᠬᠠᠮᠠᠳ ᠬᠡᠦᠬᠡᠳ ᠲᠡᠭᠡᠨ ᠬᠠᠨᠢ ᠪᠣᠯᠵᠤ ᠨᠣᠮ ᠤᠩᠰᠢᠬᠤ ᠶᠢᠨ ᠲᠠᠭᠠᠤ ᠬᠡᠤᠬᠡᠳ ᠲᠡᠭᠡᠨ ᠰᠤᠷᠤᠯᠴᠠᠬᠤ ᠰᠠᠶᠢᠨ ᠰᠠᠶᠢᠬᠠᠨ | ᠳᠠᠳᠬᠠᠯ ᠢ ᠪᠦᠷᠢᠯᠳᠦᠬᠦᠯᠦᠨ ᠦᠭᠴᠤ ᠂ ᠲᠡᠳᠡ ᠨᠡᠩ ᠤᠯᠠᠨ ︽ ᠨᠣᠮ ᠤᠨ ᠬᠤᠷᠤᠬᠠᠢ ︾ ᠲᠠᠢ ᠲᠠᠨᠢᠯᠴᠠᠨ ᠂ ᠤᠩᠰᠢᠯᠭ᠎ᠠ ᠶᠢᠨ ᠬᠠᠪᠤ ᠴᠡᠩᠭᠡᠯ ᠢ ᠡᠳ᠋ᠯᠡᠨ᠎ᠠ ᠃ | | ︽ ᠠᠳᠡᠬᠢ ᠣᠷᠴᠢᠨ ᠲᠣᠭᠤᠷᠢᠨ ᠨᠢ ᠮᠠᠰᠢ ᠰᠠᠶᠢᠬᠠᠨ ᠂ ᠨᠣᠮ ᠪᠢᠴᠢᠭ ᠨᠢ ᠠᠷᠪᠢᠨ ᠪᠣᠯᠬᠤᠷ ᠲᠤᠮᠤᠴᠤᠤᠯ ᠴᠤ ᠠᠳᠡ ᠢᠷᠡᠵᠦ ᠰᠤᠷᠤᠯᠴᠠᠵᠦ ᠪᠤᠯᠳᠠᠭ ᠃ | ᠬᠡᠦᠬᠡᠳ ᠤᠳ ᠳᠠᠰᠬᠠᠯ ᠳᠠᠭᠠᠭᠠᠯᠭᠠᠪᠤᠷᠢ ᠪᠠᠨ ᠠᠪᠴᠢᠷᠡᠵᠦ ᠬᠢᠬᠡᠳ ᠬᠢᠴᠢᠶᠡᠯ ᠤᠨ ᠭᠠᠳᠠᠭᠤᠷᠬᠢ ᠨᠣᠮ ᠢ ᠰᠤᠩᠭᠤᠨ ᠤᠡᠭᠰᠢᠬᠤ ᠨᠢ ᠲᠡᠳᠡᠨ ᠳᠤ ᠨᠠᠩ ᠢᠯᠡᠭᠦᠦ | ᠰᠤᠶᠤᠯ ᠤᠨ ᠰᠢᠮ᠎ᠡ ᠲᠡᠵᠢᠭᠡᠯ ᠬᠦᠷᠲᠡᠭᠡᠬᠦ ᠪᠠᠷ ᠪᠠᠷᠠᠬᠤ ᠦᠭᠡᠢ ᠦᠰᠦᠨ ᠪᠤᠶᠢᠵᠢᠯᠳᠠ ᠳᠤᠨᠢ ᠨᠠᠩ ᠠᠰᠢᠭᠲᠠᠢ ᠪᠠᠶᠢᠳᠠᠭ ︾ ᠬᠡᠵᠦ ᠯᠠᠨ ᠲᠢᠶᠠᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠠᠢ ᠶᠦᠨ ᠨᠡᠶᠢᠭᠡᠮ ᠲᠣᠭᠤᠷᠢᠭ ᠤᠨ ᠰᠢᠤᠸᠠᠢ ᠮᠧᠢ ᠯᠢ ᠰᠠᠭᠤᠭᠠᠯᠢ ᠲᠤᠭᠤᠷᠢᠭ ᠤᠨ ᠯᠢᠦ ᠢ ᠶᠠᠷᠢᠨ᠎ᠠ ᠃ | ᠰᠤᠷᠭᠠᠨ ᠬᠦᠮᠥᠵᠢᠬᠦᠯᠬᠦ ᠦᠢᠯᠠᠭᠠᠬᠳᠠᠬᠤᠨ ᠤ ᠲᠠᠰᠤᠷᠠᠯᠳᠠ ᠦᠭᠡᠢ ᠬᠤᠪᠢᠷᠠᠬᠤ ᠶᠢ ᠳᠠᠭᠠᠯᠳᠤᠨ ᠂ ᠨᠡᠩ ᠣᠯᠠᠨ ᠭᠡᠷ ᠤᠨ ᠠᠬᠠᠮᠠᠳ ᠬᠡᠦᠬᠡᠳ ᠢᠶᠠᠨ ᠪᠦᠬᠦ | ᠲᠠᠯ᠎ᠠ ᠪᠠᠷ ᠬᠦᠮᠦᠵᠢᠬᠦᠯᠵᠦ ᠡᠬᠢᠯᠡᠪᠠ ᠃ ᠭᠠᠷᠠᠭ ᠤᠨ ᠰᠡᠭᠦᠯᠴᠢ ᠶᠢᠨ ᠴᠠᠭ ᠢ ᠠᠰᠢᠭᠯᠠᠨ ᠂ ᠬᠡᠤᠬᠡᠳ ᠤᠨ ᠰᠣᠶᠣᠯ ᠤᠨ ᠬᠠᠷᠠᠭ᠎ᠠ ᠶᠢ ᠥᠷᠭᠡᠳᠬᠡᠵᠦ ᠂ ᠡᠭᠦᠳᠦᠨ | ᠪᠦᠲᠦᠭᠡᠬᠦ ᠳᠠᠯᠳᠠ ᠴᠢᠳᠠᠪᠤᠷᠢ ᠶᠢ ᠨᠢ ᠬᠥᠭᠵᠢᠭᠡᠨ ᠂ ᠳᠤᠷ᠎ᠠ ᠰᠣᠨᠢᠷᠬᠠᠯ ᠢᠶᠠᠷ ᠬᠡᠤᠬᠡᠳ ᠤᠨ ᠣᠶᠤᠨ ᠤᠬᠠᠭᠠᠨ ᠢ ᠬᠡᠷᠡᠯᠳᠦᠬᠦᠯᠵᠦ ᠂ ᠬᠡᠦᠬᠡᠳ ᠢ ᠡᠷᠡᠭᠦᠯ ᠴᠢᠭᠢᠷᠠᠭ | ᠪᠠᠶᠠᠷ ᠪᠠᠶᠠᠰᠬᠤᠯᠠᠩ ᠲᠠᠢ ᠪᠠᠷ ᠦᠰᠬᠡᠨ ᠪᠤᠶᠢᠵᠢᠭᠤᠯᠬᠤ ᠪᠤᠯᠪᠠ ᠃ | | |