| ᠠᠷᠢᠬᠢ ᠤᠤᠭᠤᠬᠤ ᠨᠢ ᠨᠡᠶᠢᠭᠡᠮ ᠤᠨ ᠬᠠᠷᠢᠯᠴᠠᠭᠠᠨ ᠤ ᠴᠢᠬᠤᠯᠠ ᠨᠢᠭᠡᠨ ᠬᠡᠯᠪᠡᠷᠢ ᠪᠣᠯᠬᠤ ᠶᠤᠮ ᠃ ᠭᠡᠪᠡᠴᠦ ᠬᠡᠲᠦᠷᠡᠲᠡᠯ᠎ᠡ ᠨᠢ ᠤᠤᠭᠤᠬᠤ ᠨᠢ ᠪᠡᠶᠡᠨ ᠳᠤ | ᠬᠤᠣᠷᠲᠠᠢ ᠃ ᠲᠡᠭᠡᠪᠡᠯ ᠠᠷᠢᠬᠢ ᠤᠤᠭᠤᠬᠤ ᠠᠴᠠ ᠡᠮᠦᠨ᠎ᠡ ᠶᠠᠮᠠᠷ ᠬᠠᠮᠠᠭᠠᠯᠠᠯᠲᠠ ᠬᠢᠬᠦ ᠡᠰᠡ ᠪᠡᠯ ᠠᠷᠢᠬᠢ ᠤᠤᠭᠤᠭᠰᠠᠨ ᠤ ᠳᠠᠷᠠᠭ᠎ᠠ ᠶᠠᠭᠠᠬᠢᠵᠤ ᠰᠤᠪᠢᠯᠠᠬᠤ ᠲᠤᠬᠠᠢ | ᠲᠠᠨᠢᠯᠴᠠᠭᠤᠯᠤᠶ᠎ᠠ ᠃ | 1. ᠤᠰᠤ ᠤᠤᠭᠤᠬᠤ ᠃ ᠠᠷᠢᠬᠢ ᠤᠤᠭᠤᠬᠤ ᠠᠴᠠ ᠡᠮᠦᠨ᠎ᠡ ᠨᠢᠭᠡ ᠴᠣᠮᠣ ᠤᠰᠤ ᠤᠤᠭᠤᠪᠠᠯ ᠵᠣᠬᠢᠬᠤ ᠬᠡᠵᠢᠶ᠎ᠡ ᠪᠠᠷ ᠠᠷᠢᠬᠢᠨ ᠤ ᠰᠫᠢᠷᠲ ᠢ ᠰᠡᠷᠭᠡᠶᠢᠯᠡᠬᠦ | ᠦᠢᠯᠡᠳᠦᠯ ᠲᠠᠢ ᠃ ᠬᠥᠮᠥᠨ ᠤ ᠪᠡᠶᠡᠨ ᠳᠤ ᠤᠰᠤ ᠳᠤᠲᠠᠪᠠᠯ ᠡᠯᠢᠭᠡᠨ ᠳᠤ ᠨᠥᠯᠥᠭᠡ ᠪᠣᠯᠵᠤ ᠂ ᠡᠯᠢᠭᠡᠨ ᠤ ᠠᠷᠢᠬᠢᠨ ᠰᠫᠢᠷᠲ ᠢ ᠰᠢᠩᠭᠡᠭᠡᠬᠦ ᠴᠢᠳᠠᠪᠤᠷᠢ ᠶᠢ | ᠪᠠᠭᠤᠷᠠᠭᠤᠯᠬᠤ ᠪᠣᠯᠣᠨ᠎ᠠ ᠃ ᠡᠶᠢᠮᠦ ᠠᠴᠠ ᠴᠠᠭ ᠲᠤᠬᠠᠢ ᠳᠤ ᠨᠢ ᠤᠰᠤ ᠤᠤᠭᠤᠪᠠᠯ ᠤᠰᠤ ᠨᠥᠬᠦᠪᠦᠷᠢᠯᠡᠵᠦ ᠪᠡᠶᠡᠨ ᠳᠤ ᠬᠢ ᠰᠫᠢᠷᠲ ᠤᠨ ᠬᠡᠮᠵᠢᠶ᠎ᠡ ᠶᠢ ᠪᠠᠭᠠᠰᠬᠠᠵᠤ | ᠴᠢᠳᠠᠨ᠎ᠠ ᠃ | 2. ᠠᠶᠢᠷᠠᠭ ᠤᠤᠭᠤᠬᠤ ᠃ ᠠᠶᠢᠷᠠᠭ ᠵᠡᠷᠭᠡ ᠰᠦ ᠶᠢᠨ ᠪᠦᠲᠦᠭᠡᠭᠳᠡᠬᠦᠨ ᠬᠤᠳᠤᠭᠠᠳᠤ ᠶᠢᠨ ᠠᠷᠢᠬᠢᠨ ᠰᠫᠢᠷᠲ ᠰᠢᠩᠭᠡᠭᠡᠬᠦ ᠶᠢ ᠪᠠᠭᠠᠰᠬᠠᠵᠤ ᠬᠤᠣᠷᠲᠤ ᠪᠣᠳᠠᠰ ᠤᠨ | ᠪᠡᠶᠡᠨ ᠳᠤ ᠥᠭᠬᠦ ᠨᠥᠯᠥᠭᠡ ᠶᠢ ᠪᠠᠭᠠᠰᠬᠠᠵᠤ ᠴᠢᠳᠠᠬᠤ ᠪᠠᠷ ᠪᠠᠷᠠᠬᠤ ᠦᠭᠡᠢ ᠵᠣᠬᠢᠬᠤ ᠬᠡᠮᠵᠢᠶ᠎ᠡ ᠪᠠᠷ ᠰᠣᠭᠲᠣᠬᠤ ᠶᠢ ᠰᠡᠷᠭᠡᠶᠢᠯᠡᠬᠦ ᠶᠤᠮ ᠃ | 3. ᠪᠣᠣᠪᠤ ᠢᠳᠡᠬᠦ ᠃ ᠪᠣᠣᠪᠤ ᠢᠳᠡᠪᠡᠯ ᠠᠷᠢᠬᠢᠨ ᠰᠫᠢᠷᠲ ᠤᠨ ᠬᠤᠳᠣᠭᠤᠳᠤᠨ ᠳᠤ ᠰᠢᠩᠭᠡᠬᠦ ᠶᠢ ᠰᠡᠷᠭᠡᠶᠢᠯᠡᠨ᠎ᠡ ᠃ ᠲᠤᠲᠤᠷᠭ᠎ᠠ ᠂ ᠮᠢᠶᠠᠨᠪᠣᠣ ᠵᠡᠷᠭᠡ ᠢᠳᠡᠭᠡᠨ ᠴᠦ | ᠪᠣᠯᠣᠨ᠎ᠠ ᠃ ᠡᠳᠡᠭᠡᠷ ᠢᠳᠡᠭᠡᠨ ᠳᠤ ᠸᠢᠲ᠋ᠠᠮᠢᠨ B ᠠᠭᠤᠯᠤᠭᠳᠠᠬᠤ ᠤᠴᠢᠷ ᠠᠴᠠ ᠡᠯᠢᠭᠡᠨ ᠤ ᠠᠷᠢᠬᠢ ᠰᠢᠩᠭᠡᠭᠡᠬᠦ ᠳᠤ ᠵᠣᠬᠢᠬᠤ ᠦᠢᠯᠡᠳᠦᠯ ᠦᠵᠡᠭᠦᠯᠦᠨ᠎ᠡ ᠃ | 4. ᠪᠠᠯ ᠲᠠᠢ ᠤᠰᠤ ᠤᠤᠭᠤᠬᠤ ᠃ ᠠᠷᠢᠬᠢᠨ ᠤ ᠳᠠᠷᠠᠭ᠎ᠠ ᠪᠠᠯ ᠲᠠᠢ ᠤᠰᠤ ᠤᠤᠭᠤᠪᠠᠯ ᠲᠣᠯᠣᠭᠠᠢ ᠡᠪᠡᠳᠬᠦ ᠶᠢ ᠨᠠᠮᠳᠠᠭᠠᠬᠤ ᠦᠢᠯᠡᠳᠦᠯ ᠲᠠᠢ ᠃ | 5. ᠲᠥᠪᠡᠳ ᠬᠠᠰᠢ ᠶᠢᠨ ᠰᠢᠭᠦᠰᠦ ᠤᠤᠭᠤᠬᠤ ᠃ ᠠᠷᠢᠬᠢᠨ ᠤ ᠳᠠᠷᠠᠭ᠎ᠠ ᠲᠥᠪᠡᠳ ᠬᠠᠰᠢ ᠶᠢᠨ ᠰᠢᠭᠦᠰᠦ ᠤᠤᠭᠤᠪᠠᠯ ᠲᠣᠯᠣᠭᠠᠢ ᠡᠷᠭᠢᠬᠦ ᠶᠢ ᠵᠣᠭᠰᠤᠭᠠᠬᠤ | ᠦᠢᠯᠡᠳᠦᠯ ᠲᠠᠢ ᠃ | 6. ᠰᠣᠷᠭᠤᠭ ᠦᠵᠦᠮ ᠢᠳᠡᠬᠦ ᠃ ᠠᠷᠢᠬᠢᠨ ᠤ ᠳᠠᠷᠠᠭ᠎ᠠ ᠰᠣᠷᠭᠤᠭ ᠦᠵᠦᠮ ᠢᠳᠡᠪᠡᠯ ᠪᠥᠭᠡᠯᠵᠢᠬᠦ ᠂ ᠬᠤᠳᠤᠭᠠᠳᠤ ᠡᠪ ᠦᠭᠡᠶᠢᠷᠡᠬᠦ ᠶᠢ ᠨᠠᠮᠳᠠᠭᠠᠨ᠎ᠠ ᠃ | 7. ᠲᠠᠷᠪᠤᠰ ᠤᠨ ᠰᠢᠭᠦᠰᠦ ᠤᠤᠭᠤᠬᠤ ᠃ ᠠᠷᠢᠬᠢᠨ ᠤ ᠳᠠᠷᠠᠭ᠎ᠠ ᠲᠠᠷᠪᠤᠰ ᠤᠨ ᠰᠢᠭᠦᠰᠦ ᠤᠤᠭᠤᠪᠠᠯ ᠪᠦᠬᠦ ᠪᠡᠶ᠎ᠡ ᠬᠠᠯᠠᠬᠤ ᠶᠢ ᠵᠠᠰᠠᠬᠤ ᠦᠢᠯᠡᠳᠦᠯ ᠲᠠᠢ ᠃ | | |