| ︽5.1︾ ᠵᠡᠷᠭᠡ ᠪᠠᠶᠠᠷ ᠳᠤᠷᠠᠰᠬᠠᠯ ᠤᠨ ᠡᠳᠦᠷ ᠤᠨ | ᠠᠮᠠᠷᠠᠯᠲᠠ ᠶᠢᠨ ᠬᠤᠭᠤᠴᠠᠭᠠᠨ ᠤ ᠴᠠᠯᠢᠩ ᠢ ᠴᠤᠬᠤᠮ ᠬᠡᠵᠢᠶ᠎ᠡ | ᠦᠭᠭᠦ ᠪᠤᠶ︖ ●ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ | ᠡᠳᠦᠷ ᠲᠣᠬᠢᠶᠠᠯᠳᠤᠪᠠᠯ᠂ ᠪᠠᠶᠢᠭᠤᠯᠭ᠎ᠠ ᠤᠷᠢᠳᠴᠢᠯᠠᠨ ᠴᠠᠯᠢᠩ | ᠥᠭᠭᠦᠨ᠎ᠡ ᠦᠦ︖ ᠴᠠᠯᠢᠩ ᠥᠭᠬᠦ ᠨᠢ ︽5.1︾ ᠤ ᠠᠮᠠᠷᠠᠯᠲᠠ ᠶᠢᠨ | ᠬᠤᠭᠤᠴᠠᠭ᠎ᠠ ᠲᠠᠢ ᠬᠤᠯᠪᠣᠭᠳᠠᠯ ᠦᠭᠡᠶ᠂ ᠬᠥᠮᠦᠨ ᠬᠡᠷᠡᠭᠯᠡᠵᠦ | ᠪᠠᠶᠢᠭ᠎ᠠ ᠨᠢᠭᠡᠴᠡ ᠤᠤᠯ ᠤᠨ ᠲᠣᠭᠲᠠᠭᠠᠭᠰᠠᠨ ᠴᠠᠯᠢᠩ ᠥᠭᠬᠦ | ᠡᠳᠦᠷ ᠶᠣᠰᠣᠭᠠᠷ ᠴᠠᠯᠢᠩ ᠦᠭᠭᠦᠨ᠎ᠡ᠂ ᠴᠠᠯᠢᠩ ᠥᠭᠬᠦ ᠶᠢ | ᠬᠤᠶᠢᠰᠢᠯᠠᠭᠤᠯᠬᠤ ᠦᠭᠡᠶ ᠪᠣᠯ ᠬᠠᠤᠯᠢ ᠠᠴᠠ ᠵᠥᠷᠢᠴᠡᠬᠦ ᠦᠭᠡᠶ᠃ | ᠬᠡᠷᠪᠡ ᠴᠠᠯᠢᠩ ᠥᠭᠬᠦ ᠡᠳᠦᠷ ᠨᠢ ᠶᠠᠭ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠲᠤᠬᠢᠶᠠᠯᠳᠤᠬᠰᠠᠨ ᠪᠠᠶᠢᠪᠠᠯ᠂ | ᠨᠢᠭᠡᠴᠡ ᠶᠢᠨ ᠬᠢᠨᠴᠠᠯᠢᠩ ᠢ ᠤᠷᠢᠳᠴᠢᠯᠠᠨ ᠦᠭᠪᠡᠯ | ᠵᠤᠬᠢᠨ᠎ᠠ᠃ ︽ᠴᠠᠯᠢᠩ ᠥᠭᠬᠦ ᠲᠦᠷ ᠬᠡᠷᠡᠭᠵᠢᠭᠦᠯᠬᠦ | ᠲᠣᠭᠲᠠᠭᠠᠯ︾ ᠤᠨ ᠳᠣᠯᠣᠳᠤᠭᠠᠷ ᠵᠦᠢᠯ ᠢ ᠦᠨᠳᠦᠰᠦᠯᠡᠪᠡᠯ᠂ | ᠴᠠᠯᠢᠩ ᠢ ᠡᠷᠬᠡᠪᠰᠢ ᠬᠥᠮᠦᠨ ᠬᠡᠷᠡᠭᠯᠡᠵᠦ ᠪᠠᠶᠢᠭ᠎ᠠ ᠨᠢᠭᠡᠴᠡ | ᠪᠣᠯᠤᠨ ᠬᠥᠳᠡᠯᠮᠦᠷᠢᠴᠢᠨ ᠤ ᠪᠣᠯᠵᠣᠨ ᠲᠣᠭᠲᠠᠭᠰᠠᠨ ᠡᠳᠦᠷ | ᠬᠤᠭᠤᠴᠠᠭᠠᠨ ᠳᠤ ᠥᠭᠬᠦ ᠬᠡᠷᠡᠭᠲᠡᠢ᠃ ᠬᠡᠷᠪᠡ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠪᠤᠶᠤ ᠠᠮᠠᠷᠠᠯᠲᠠ ᠶᠢᠨ | ᠡᠳᠦᠷ ᠲᠤᠬᠢᠶᠠᠯᠳᠤᠬᠤ ᠳᠤ ᠬᠦᠷᠪᠡᠯ᠂ ᠬᠠᠮᠤᠭ ᠤᠢᠢᠷ᠎ᠠ ᠶᠢᠨ | ᠠᠵᠢᠯ ᠤᠨ ᠡᠳᠦᠷ ᠲᠤ ᠤᠷᠢᠳᠴᠢᠯᠠᠨ ᠥᠭᠬᠦ ᠬᠡᠷᠡᠭᠲᠡᠢ᠃ | ᠴᠠᠯᠢᠩ ᠢ ᠨᠠᠭᠠᠳᠤ ᠵᠠᠬ᠎ᠠ ᠳᠠᠭᠠᠨ ᠰᠠᠷ᠎ᠠ ᠪᠦᠷᠢ ᠨᠢᠭᠡ | ᠤᠳᠠᠭ᠎ᠠ ᠥᠭᠬᠦ ᠬᠡᠷᠡᠭᠲᠡᠶ᠂ ᠭᠠᠷᠠᠭ᠂ ᠡᠳᠦᠷ᠂ ᠴᠠᠭ ᠤᠨ | ᠴᠠᠯᠢᠩ ᠤᠨ ᠳᠦᠷᠢᠮ ᠢ ᠬᠡᠷᠡᠭᠵᠢᠭᠦᠯᠵᠦ ᠪᠠᠶᠢᠭ᠎ᠠ ᠪᠣᠯ | ᠭᠠᠷᠠᠭ᠂ ᠡᠳᠦᠷ᠂ ᠴᠠᠭ ᠢᠶᠠᠷ ᠴᠠᠯᠢᠩ ᠥᠭᠴᠦ ᠪᠣᠯᠤᠨ᠎ᠠ᠃ ● ︽5. | 1︾ ᠤ ᠠᠮᠠᠷᠠᠯᠲᠠ ᠶᠢᠨ ᠬᠤᠭᠤᠴᠠᠭᠠᠨ ᠳᠤ ᠴᠠᠭ ᠨᠡᠮᠡᠵᠦ | ᠠᠵᠢᠯᠯᠠᠪᠠᠯ ᠴᠠᠯᠢᠩ ᠢ ᠶᠠᠭᠠᠬᠢᠵᠦ ᠪᠤᠳᠤᠬᠤ ᠪᠣᠶ︖ ᠡᠨᠡ | ᠵᠢᠯ ᠤᠨ ᠠᠮᠠᠷᠠᠯᠲᠠ ᠶᠢᠨ ᠲᠣᠬᠢᠷᠠᠭᠤᠯᠤᠯᠲᠠ ᠶᠢ | ᠦᠨᠳᠦᠰᠦᠯᠡᠪᠡᠯ᠂ 5 ᠰᠠᠷ᠎ᠠ ᠶᠢᠨ 1 ᠤ ᠡᠳᠦᠷ ᠠᠵᠢᠯᠯᠠᠪᠠᠯ | 3ᠳᠠᠬᠢᠨ ᠴᠠᠯᠢᠩ ᠥᠭᠭᠦᠨ᠎ᠡ᠂ 5 ᠰᠠᠷ᠎ᠠ ᠶᠢᠨ 2 ᠤᠨ ᠡᠳᠦᠷ ᠠᠴᠠ | 5 ᠤ ᠡᠳᠦᠷ ᠪᠣᠯᠲᠠᠯ᠎ᠠ ᠠᠵᠢᠯᠯᠠᠪᠠᠯ 2 ᠳᠠᠬᠢᠨ ᠴᠠᠯᠢᠩ | ᠥᠭᠭᠦᠨ᠎ᠡ᠃ | | |