| ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ ᠂ 4 | ᠰᠠᠷ᠎ᠠ ᠶᠢᠨ ᠰᠡᠭᠦᠯᠴᠢ ᠪᠠᠷ ᠮᠠᠨ ᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ ᠠᠭᠠᠵᠢᠮ ᠢᠶᠠᠷ ᠣᠷᠭᠢᠯ ᠤᠨ ᠱᠠᠲᠤᠨ ᠳᠤ ᠣᠷᠣᠬᠤ ᠪᠣᠯᠣᠨ᠎ᠠ ᠂ ᠣᠳᠣᠬᠠᠨ ᠳᠤ | ᠪᠥᠬᠦ ᠣᠷᠣᠨ ᠢᠶᠠᠷ ᠢᠶᠠᠨ 107 ᠲᠦᠮᠡ ᠭᠠᠷᠤᠢ ᠲᠷᠠᠺᠲ᠋ᠣᠷ ᠪᠣᠯᠣᠨ 146 ᠲᠦᠮᠡ ᠭᠠᠷᠤᠢ ᠢᠵᠢ ᠪᠦᠷᠢᠳᠦᠭᠰᠡᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ | ᠪᠡᠯᠡᠬᠡᠨ ᠪᠣᠯᠭᠠᠭᠰᠠᠨ ᠪᠤᠶᠤ ᠠᠵᠢᠯᠯᠠᠭᠤᠯᠵᠤ ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠬᠠᠩᠭᠠᠵᠤ ᠪᠠᠶᠢᠨ᠎ᠠ ᠃ | ᠡᠨᠡ ᠵᠢᠯ ᠮᠠᠨ ᠤ ᠣᠷᠣᠨ ᠤ ᠲᠠᠷᠢᠶ᠎ᠠ ᠲᠥᠮᠥᠰᠥ ᠲᠠᠷᠢᠬᠤ ᠰᠠᠨᠠᠮᠵᠢ ᠶᠢᠨ ᠲᠠᠯᠠᠪᠠᠢ 1.3 ᠳ᠋ᠦᠩᠰᠢᠭᠤᠷ ᠮᠦ ᠶᠢ ᠳᠠᠪᠠᠵᠤ ᠂ ᠡᠭᠦᠨ ᠳᠤ ᠠᠮᠤ ᠪᠤᠳᠠᠭᠠᠨ ᠤ | ᠲᠠᠷᠢᠮᠠᠯ ᠲᠠᠷᠢᠬᠤ ᠰᠠᠨᠠᠮᠵᠢ ᠶᠢᠨ ᠲᠠᠯᠠᠪᠠᠢ 1.1 ᠳ᠋ᠦᠩᠰᠢᠭᠤᠷ ᠮᠦ ᠶᠢ ᠳᠠᠪᠠᠨ ᠂ ᠲᠣᠰᠣᠯᠢᠭ ᠲᠠᠷᠢᠮᠠᠯ ᠲᠠᠷᠢᠬᠤ ᠰᠠᠨᠠᠮᠵᠢ ᠶᠢᠨ ᠲᠠᠯᠠᠪᠠᠢ 1000 ᠲᠦᠮᠡᠨ ᠮᠦ ᠶᠢ | ᠳᠠᠪᠠᠵᠤ ᠂ ᠴᠥᠮ ᠨᠢᠳᠤᠨᠤᠨ ᠤ ᠬᠢ ᠠᠴᠠ ᠡᠳᠦᠢ ᠲᠡᠳᠦᠢ ᠨᠡᠮᠡᠭᠳᠡᠵᠡᠢ ᠃ ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ ᠶᠢᠨ ᠲᠤᠭ᠎ᠠ ᠪᠠᠷᠢᠮᠲᠠ ᠶᠢ | ᠦᠨᠳᠦᠰᠦᠯᠡᠪᠡᠯ ᠂ ᠣᠳᠣᠬᠠᠨ ᠪᠣᠯᠲᠠᠯ᠎ᠠ ᠮᠠᠨ ᠤ ᠣᠷᠣᠨ ᠨᠢᠭᠡᠨᠲᠡ 145.2 ᠲᠦᠮᠡᠨ ᠮᠦ ᠠᠮᠤ ᠪᠤᠳᠠᠭᠠᠨ ᠤ ᠲᠠᠷᠢᠮᠠᠯ ᠲᠠᠷᠢᠵᠤ ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠲᠠᠢ ᠦᠨᠳᠦᠰᠦᠨ ᠳᠡᠭᠡᠨ ᠠᠳᠠᠯᠢ ᠪᠠᠶᠢᠨ᠎ᠠ ᠃ ᠡᠭᠦᠨ ᠳᠤ 107.4 ᠲᠦᠮᠡᠨ ᠮᠦ ᠪᠤᠭᠤᠳᠠᠢ ᠂ 17 ᠲᠦᠮᠡᠨ ᠮᠦ ᠡᠷᠳᠡᠨᠢ ᠰᠢᠰᠢ ᠂ 12.8 | ᠲᠦᠮᠡᠨ ᠮᠦ ᠲᠥᠮᠥᠰᠥ ᠲᠠᠷᠢᠭᠠᠳ ᠪᠣᠢ ᠃ ᠪᠥᠬᠦ ᠣᠷᠣᠨ ᠤ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠤᠨ ᠬᠢᠨᠠᠨ ᠬᠡᠮᠵᠢᠯᠲᠡ ᠶᠢᠨ ᠦᠷ᠎ᠡ ᠳ᠋ᠦᠩ ᠠᠴᠠ | ᠦᠵᠡᠪᠡᠯ ᠂ ᠨᠢᠭᠡᠳᠦᠭᠡᠷ ᠲᠥᠷᠥᠯ ᠂ ᠬᠤᠶᠠᠳᠤᠭᠠᠷ ᠲᠥᠷᠥᠯ ᠪᠠ ᠭᠤᠷᠪᠠᠳᠤᠭᠠᠷ ᠲᠥᠷᠥᠯ ᠤᠨ ᠴᠢᠭᠢᠭ ᠪᠠᠷᠢᠭᠰᠠᠨ ᠲᠠᠯᠠᠪᠠᠢ ᠨᠢ ᠲᠣᠰ ᠲᠣᠰ ᠪᠥᠬᠦ ᠲᠠᠯᠠᠪᠠᠢ ᠶᠢᠨ 22. | 3% ᠂ 21.9% ᠪᠠ 55.8% ᠶᠢ ᠡᠵᠡᠯᠡᠵᠦ ᠂ ᠡᠭᠦᠨ ᠳᠤ ᠲᠠᠷᠢᠶᠠᠯᠠᠬᠤ ᠣᠷᠣᠨ ᠤ ᠴᠢᠭᠢᠭ ᠪᠠᠷᠢᠭᠰᠠᠨ ᠪᠠᠶᠢᠳᠠᠯ ᠨᠢ ᠨᠢᠳᠤᠨᠤᠨ ᠤ ᠠᠳᠠᠯᠢ | ᠬᠤᠭᠤᠴᠠᠭᠠᠨ ᠤ ᠬᠢ ᠲᠠᠢ ᠣᠶᠢᠷᠠᠳᠴᠤ ᠂ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠵᠤ ᠂ ᠶᠡᠷᠦᠩᠬᠡᠢ ᠳᠡᠭᠡᠨ ᠬᠠᠪᠤᠷ ᠤᠨ | ᠲᠠᠷᠢᠶᠠᠯᠠᠭ᠎ᠠ ᠳᠤ ᠠᠰᠢᠭᠲᠠᠢ ᠪᠠᠶᠢᠨ᠎ᠠ ᠃ | ᠡᠨᠡ ᠵᠢᠯ ᠮᠠᠨ ᠤ ᠣᠷᠣᠨ ᠠᠮᠤ ᠪᠤᠳᠠᠭ᠎ᠠ ᠪᠠ ᠲᠣᠰᠣᠯᠢᠭ ᠲᠠᠷᠢᠮᠠᠯ ᠵᠡᠷᠭᠡ ᠭᠤᠣᠯ ᠪᠣᠯᠬᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ ᠂ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠂ ᠮᠡᠷᠭᠡᠵᠢᠯ ᠢ ᠬᠤᠷᠠᠮᠳᠤᠭᠤᠯᠬᠤ ᠂ ᠪᠣᠬᠢᠷᠲᠤᠯ ᠦᠭᠡᠢ ᠪᠠᠷ | ᠲᠠᠷᠢᠶᠠᠯᠠᠵᠤ ᠦᠷ᠎ᠡ ᠠᠰᠢᠭ ᠢ ᠨᠡᠮᠡᠭᠳᠡᠭᠦᠯᠬᠦ ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠂ ᠣᠨᠴᠠᠯᠢᠭᠲᠤ ᠲᠠᠷᠢᠮᠠᠯ ᠲᠠᠷᠢᠬᠤ ᠂ ᠥᠨᠳᠥᠷ ᠤᠨᠠᠯᠲᠠ ᠶᠢ ᠡᠭᠦᠳᠬᠦ | ᠵᠡᠷᠭᠡ 6 ᠢᠨᠵᠧᠨᠧᠷᠢᠩ ᠢ ᠰᠠᠶᠢᠲᠤᠷ ᠬᠡᠷᠡᠭᠵᠢᠭᠦᠯᠵᠦ ᠂ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ 600 ᠲᠦᠮᠡᠨ ᠮᠦ ᠶᠢᠨ ᠵᠢᠱᠢᠶ᠎ᠡ ᠦᠵᠡᠭᠦᠯᠬᠦ ᠣᠷᠣᠨ ᠢ | ᠪᠥᠬᠦ ᠬᠦᠴᠦᠨ ᠢᠶᠠᠷ ᠢᠶᠠᠨ ᠰᠠᠶᠢᠲᠤᠷ ᠪᠦᠲᠦᠭᠡᠨ ᠪᠠᠶᠢᠭᠤᠯᠵᠤ ᠂ ᠨᠢᠭᠡᠨᠲᠡ ᠬᠤᠷᠠᠮᠳᠤᠭᠤᠯᠤᠭᠰᠠᠨ 27 ᠵᠦᠢᠯ ᠤᠨ ᠮᠦ ᠨᠢᠭᠡᠴᠢ ᠶᠢᠨ ᠤᠨᠠᠯᠲᠠ ᠢ ᠳᠡᠭᠡᠭᠰᠢᠯᠡᠭᠦᠯᠬᠦ | ᠮᠡᠷᠭᠡᠵᠢᠯ ᠤᠨ ᠵᠠᠭᠪᠤᠷ ᠢ ᠪᠣᠳᠠᠲᠤ ᠭᠠᠷᠤᠯᠲᠠ ᠪᠣᠯᠭᠠᠨ ᠬᠤᠪᠢᠷᠠᠭᠤᠯᠵᠤ ᠂ ᠮᠦ ᠨᠢᠭᠡᠴᠢ ᠶᠢᠨ ᠤᠨᠠᠯᠲᠠ ᠶᠢ ᠶᠡᠭᠡ ᠪᠠᠷ ᠳᠡᠭᠡᠭᠰᠢᠯᠡᠭᠦᠯᠬᠦ ᠶᠢ ᠳᠠᠶᠢᠴᠢᠯᠠᠬᠤ ᠪᠣᠯᠣᠨ᠎ᠠ ᠃ | | | | |