| ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠣᠶᠢᠯᠠᠭᠠᠭᠰᠠᠨ ᠢᠶᠠᠷ ᠂ ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠨᠢᠭᠡᠳᠦᠮᠡᠯ ᠹᠷᠣᠨᠲ ᠤᠨ ᠬᠡᠯᠲᠡᠰ ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠂ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠂ ᠬᠠᠤᠯᠢ ᠴᠠᠭᠠᠵᠠ ᠶᠢᠨ ᠲᠢᠩᠬᠢᠮ ᠬᠠᠮᠲᠤᠷᠠᠨ ︽ 2024 ᠣᠨ ᠤ ᠪᠥᠬᠦ ᠣᠷᠣᠨ ᠤ ︿ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ﹀ ︿ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ﹀ ᠤᠨ ᠠᠵᠢᠯ ᠤᠨ ᠲᠥᠰᠥᠯ ︾ ︵ ᠳᠣᠷᠣᠭᠰᠢ ︿ | ᠠᠵᠢᠯ ᠤᠨ ᠲᠥᠰᠥᠯ ﹀ ᠭᠡᠵᠦ ᠲᠣᠪᠴᠢᠯᠠᠪᠠ ︶ ᠢ ᠳᠠᠷᠤᠮᠠᠯᠯᠠᠨ ᠲᠠᠷᠬᠠᠭᠠᠵᠤ ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃ | ︽ ᠠᠵᠢᠯ ᠤᠨ ᠲᠥᠰᠥᠯ ︾ ᠳᠤ ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ | ᠦᠵᠡᠯ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ | ᠰᠢᠵᠢᠮ ᠪᠣᠯᠭᠠᠵᠤ ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠶᠡᠭᠡ ᠪᠠᠷ | ᠴᠢᠩᠭᠠᠳᠬᠠᠨ ᠂ ︽ ᠭᠤᠷᠪᠠᠨ ᠰᠠᠯᠵᠤ ᠴᠢᠳᠠᠬᠤ ᠦᠭᠡᠢ ︾ ︽ ᠲᠦᠷᠪᠡᠨ ᠬᠠᠮᠲᠤ ᠪᠠᠷ ︾ ︽ ᠳᠦᠷᠪᠡ ᠶᠢ ᠬᠠᠮᠲᠤᠳᠬᠠᠬᠤ ︾ ︽ ᠲᠠᠪᠤᠨ ᠬᠠᠮᠲᠤ ᠶᠢᠨ ᠲᠠᠨᠢᠯᠲᠠ ︾ ︽ | ᠲᠠᠪᠤᠨ ᠦᠵᠡᠯᠲᠡ ︾ ᠪᠣᠯᠣᠨ ︽ ᠲᠤᠯᠤᠭᠠᠨ ᠲᠠᠯ᠎ᠠ ᠪᠠᠷ ᠵᠢᠱᠢᠶᠡᠴᠢ ᠪᠣᠯᠬᠤ ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠭᠦᠨᠵᠡᠭᠡᠢ ᠤᠬᠠᠭᠤᠯᠤᠨ | ᠲᠠᠶᠢᠯᠪᠤᠷᠢᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠯᠢᠭᠡᠷ ᠢ ᠰᠠᠶᠢᠲᠤᠷ ᠶᠠᠷᠢᠨ᠎ᠠ ᠭᠡᠵᠦ ᠳᠤᠷᠠᠳᠪᠠ ᠃ | ︽ ᠠᠵᠢᠯ ᠤᠨ ᠲᠥᠰᠥᠯ ︾ ᠳᠤ ᠂ 2024 ᠣᠨ ᠤ ᠪᠥᠬᠦ ᠣᠷᠣᠨ ᠤ ︽ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ︾ ᠶᠢᠨ | ᠴᠠᠭ ᠨᠢ 5 ᠳ᠋ᠤᠭᠠᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠂ ︽ ᠦᠨᠳᠦᠰᠦᠲᠡᠨ ᠤ ᠬᠠᠤᠯᠢ ᠪᠠᠷ ᠵᠠᠰᠠᠬᠤ | ᠤᠬᠠᠭᠤᠯᠭ᠎ᠠ ᠶᠢᠨ ᠭᠠᠷᠠᠭ ︾ ᠤᠨ ᠴᠠᠭ ᠨᠢ 5 ᠳ᠋ᠤᠭᠠᠷ ᠰᠠᠷ᠎ᠠ ᠶᠢᠨ 25 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠪᠠᠶᠢᠵᠤ ᠂ ᠠᠵᠢᠯ ᠤᠨ | ᠰᠡᠳᠦᠪ ᠨᠢ ︽ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠠᠶᠢᠭᠤᠯᠤᠨ᠎ᠠ ︾ ᠂ ᠲᠤᠰᠬᠠᠢ ᠬᠦᠷᠢᠶᠡᠨ ᠤ ᠭᠤᠣᠯᠳᠠᠯᠭ᠎ᠠ ᠲᠠᠢ ᠠᠵᠢᠯ | ᠪᠠ ᠭᠤᠣᠯ ᠲᠠᠯᠠᠪᠤᠷ ᠤᠨ ᠭᠤᠣᠯᠳᠠᠯᠭ᠎ᠠ ᠲᠠᠢ ᠠᠵᠢᠯ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ | ᠬᠤᠯᠪᠤᠭᠠᠯᠠᠨ ᠥᠷᠨᠢᠭᠦᠯᠦᠨ᠎ᠡ ᠭᠡᠵᠦ ᠲᠣᠳᠣᠷᠬᠠᠶᠢᠯᠠᠵᠠᠢ ᠃ | ︽ ᠠᠵᠢᠯ ᠤᠨ ᠲᠥᠰᠥᠯ ︾ ᠳᠤ ᠱᠠᠭᠠᠷᠳᠠᠭᠰᠠᠨ ᠨᠢ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠡᠯ᠎ᠡ ᠵᠦᠢᠯ ᠤᠨ ᠠᠵᠢᠯ ᠤᠨ | ᠡᠭᠦᠷᠭᠡ ᠪᠠᠨ ᠨᠠᠷᠢᠯᠢᠭᠵᠢᠭᠤᠯᠤᠨ ᠬᠤᠪᠢᠶᠠᠷᠢᠯᠠᠵᠤ ᠂ ᠱᠠᠭᠠᠷᠳᠠᠯᠭ᠎ᠠ ᠲᠠᠢ ᠂ ᠠᠴᠢᠶᠠᠯᠠᠪᠤᠷᠢ ᠲᠠᠢ ᠂ ᠭᠠᠷᠳᠠᠴᠠ ᠲᠠᠢ ᠂ ᠳ᠋ᠦᠩᠨᠡᠯᠲᠡ ᠲᠠᠢ ᠠᠵᠢᠯᠯᠠᠬᠤ ᠬᠡᠷᠡᠭᠲᠡᠢ ᠃ ᠪᠥᠬᠦ | ᠣᠷᠣᠨ ᠤ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠢ ᠂ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠢ ᠨᠦᠭᠦᠳ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ ︔ | ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠂ ᠰᠣᠶᠣᠯ ᠦᠵᠡᠰᠬᠦᠯᠡᠩ ᠤᠨ ᠲᠠᠯᠠᠪᠤᠷ ᠨᠢ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠬᠡᠷᠡᠭᠲᠡᠢ ︔ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ | ᠪᠦᠲᠦᠮᠵᠢᠲᠡᠶ ᠠᠷᠭ᠎ᠠ ᠬᠢᠳᠡᠯ ᠪᠠ ᠲᠤᠷᠰᠢᠯᠭ᠎ᠠ ᠪᠠᠨ ᠴᠠᠭ ᠲᠤᠬᠠᠢ ᠳᠤ ᠨᠢ ᠳ᠋ᠦᠩᠨᠡᠵᠦ ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ | ᠬᠡᠷᠡᠭᠲᠡᠢ ᠭᠡᠵᠡᠢ ᠃ | |