| | 4 ᠰᠠᠷ᠎ᠠ ᠶᠢᠨ 23 ᠤ ᠡᠳᠦᠷ ᠂ ᠵᠡᠭᠦᠨᠭᠠᠷ ᠬᠤᠰᠢᠭᠤ ︽ᠰᠡᠳᠬᠢᠯ ᠢᠶᠠᠨ ᠨᠢᠭᠡᠳᠬᠡᠬᠦ ᠶᠠᠷᠢᠶᠠᠨ ᠤ ᠲᠠᠪᠴᠠᠩ︾ ᠤᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠢ ᠰᠡᠳᠦᠪᠲᠦ ᠪᠣᠯᠪᠠᠰᠤᠷᠠᠯ ᠵᠢᠴᠢ ᠵᠡᠭᠦᠨᠭᠠᠷ ᠬᠤᠰᠢᠭᠤᠨ ᠤ ᠨᠠᠮ ᠤᠨ | ᠬᠤᠷᠢᠶ᠎ᠠ ᠶᠢᠨ ᠪᠦᠷᠢᠯᠳᠦᠭᠦᠨ ᠰᠠᠯᠠᠭ᠎ᠠ ᠮᠥᠴᠢᠷ ᠬᠠᠮᠲᠤᠷᠠᠨ ᠨᠠᠮ ᠤᠨ ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠲᠤᠰᠬᠠᠢ ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠦᠨᠳᠦᠰᠦᠲᠡᠨ ᠤ ᠵᠢᠷᠤᠭᠲᠤ ᠰᠡᠳᠬᠦᠯ ᠤᠨ ᠬᠤᠷᠢᠶ᠎ᠠ ᠶᠢᠨ | ᠨᠠᠶᠢᠷᠠᠭᠤᠯᠬᠤ ᠭᠡᠯᠳᠡᠰ ᠂ ᠮᠣᠩᠭᠤᠯ ᠨᠠᠶᠢᠷᠠᠭᠤᠯᠬᠤ ᠭᠡᠯᠳᠡᠰ ︵ᠮᠣᠩᠭᠤᠯ ᠬᠢᠲᠠᠳ ᠬᠤᠣᠰ ᠬᠡᠯᠡᠨ ᠤ ᠬᠡᠪᠯᠡᠯ︶ ᠤᠨ ᠡᠷᠬᠢᠯᠡᠭᠴᠢ᠂ ᠤᠯᠤᠰ ᠤᠨ ᠦᠨᠳᠦᠰᠦᠲᠡᠨ ᠤ ᠬᠡᠷᠡᠭ | ᠡᠷᠬᠢᠯᠡᠬᠦ ᠵᠦᠪᠯᠡᠯ ᠤᠨ ᠢᠳᠡᠷ ᠵᠠᠯᠠᠭᠤ ᠴᠢᠳᠠᠪᠤᠷᠢᠲᠠᠨ᠂ ᠲᠦᠷᠦᠭᠦᠦ ᠪᠦᠯᠦᠭ ︽ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠰᠣᠶᠣᠯ ᠤᠨ ᠨᠡᠷᠡᠳᠦ | ᠬᠥᠮᠥᠰ︾ ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠬᠡᠪᠯᠡᠭᠳᠡᠬᠦᠨ ᠢ ᠬᠢᠨᠠᠨ ᠤᠩᠰᠢᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢᠨ | ᠪᠦᠷᠢᠯᠳᠦᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠂ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠰᠤᠳᠤᠯᠭᠠᠨ ᠤ ᠤᠶᠤᠨ ᠤ ᠬᠥᠮᠥᠷᠭᠡ ᠶᠢᠨ ᠣᠨᠴᠠ ᠤᠷᠢᠭᠰᠠᠨ ᠲᠤᠰᠬᠠᠢ ᠮᠡᠷᠭᠡᠵᠢᠯᠲᠡᠨ ᠲᠡᠮᠦᠷᠪᠠᠭᠠᠨ᠎ᠠ ᠶᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ | ᠵᠡᠭᠦᠨᠭᠠᠷ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠂ ᠦᠨᠳᠦᠰᠦᠲᠡᠨ ᠤ ᠬᠡᠷᠡᠭ | ᠡᠷᠭᠢᠯᠡᠬᠦ ᠵᠥᠪᠯᠡᠯ ᠤᠨ ᠪᠥᠬᠦ ᠤᠳᠤᠷᠢᠳᠬᠤ ᠺᠠᠳ᠋ᠷ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠨᠢᠭᠡᠳᠦᠮᠡᠯ ᠹᠷᠣᠨᠲ ᠤᠨ | ᠭᠡᠰᠢᠭᠦᠨ ᠂ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ | ᠬᠤᠪᠢᠶᠠᠷᠢᠯᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠂ ᠨᠢᠭᠡᠳᠦᠮᠡᠯ ᠹᠷᠣᠨᠲ ᠤᠨ ᠲᠥᠯᠥᠭᠡᠯᠡᠭᠴᠢ ᠬᠥᠮᠥᠰ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠤᠷᠠᠯ ᠤᠨ ᠭᠡᠰᠢᠭᠦᠨ ᠂ ᠵᠡᠭᠦᠨᠭᠠᠷ ᠬᠤᠰᠢᠭᠤᠨ ᠤ ᠨᠠᠮ ᠤᠨ ᠬᠤᠷᠢᠶ᠎ᠠ ᠶᠢᠨ ᠪᠦᠷᠢᠯᠳᠦᠭᠦᠨ | ᠰᠠᠯᠠᠭ᠎ᠠ ᠮᠥᠴᠢᠷ ᠤᠨ ᠬᠤᠯᠪᠤᠭᠠᠯᠠᠬᠰᠠᠨ ᠨᠠᠮ ᠤᠨ ᠬᠤᠷᠢᠶ᠎ᠠ ᠶᠢᠨ ᠨᠠᠮ ᠤᠨ ᠭᠡᠰᠢᠭᠦᠨ ᠵᠡᠷᠭᠡ 100 ᠭᠠᠷᠤᠢ ᠬᠥᠮᠥᠨ ᠣᠷᠣᠯᠴᠠᠵᠠᠢ ᠃ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ ᠢᠦᠢ ᠵᠢᠶᠧ ᠬᠤᠷᠠᠯ ᠢ ᠡᠷᠭᠢᠯᠡᠭᠰᠡᠨ ᠤ ᠬᠠᠮᠳᠤ ᠶᠠᠷᠢᠶ᠎ᠠ ᠲᠠᠯᠪᠢᠪᠠ ᠃ | | | | ᠲᠡᠮᠦᠷᠪᠠᠭᠠᠨ᠎ᠠ ᠫᠷᠤᠹᠧᠰᠰᠤᠷ ᠵᠡᠭᠦᠨᠭᠠᠷ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠤᠬᠠᠭᠤᠯᠭ᠎ᠠ ᠬᠥᠮᠦᠵᠢᠯ ᠤᠨ ᠡᠭᠦᠷᠭᠡ ᠱᠠᠭᠠᠷᠳᠠᠯᠭ᠎ᠠ ᠪᠠ | ᠭᠤᠣᠯ ᠠᠭᠤᠯᠭ᠎ᠠ ᠂ ᠤᠯᠠᠮᠵᠢᠯᠠᠨ ᠳᠠᠮᠵᠢᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠂ ᠤᠯᠠᠮᠵᠢᠯᠠᠨ ᠳᠠᠮᠵᠢᠭᠤᠯᠬᠤ ᠠᠭᠤᠯᠭ᠎ᠠ ᠶᠢ ᠪᠠᠶᠠᠯᠢᠭᠵᠢᠭᠤᠯᠬᠤ ᠂ | ᠤᠯᠠᠮᠵᠢᠯᠠᠨ ᠳᠠᠮᠵᠢᠭᠤᠯᠬᠤ ᠵᠠᠮ ᠮᠦᠷ ᠢ ᠥᠷᠭᠡᠳᠬᠡᠬᠦ ᠵᠡᠷᠭᠡ ᠲᠠᠯ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠬᠴᠠᠯᠠᠬᠰᠠᠨ ᠲᠡᠷᠢᠭᠦᠨ ᠤ ᠨᠡᠶᠢᠲᠡᠯᠢᠭ ᠵᠢᠱᠢᠶ᠎ᠡ ᠵᠢᠴᠢ ᠠᠮᠵᠢᠯᠲᠠ ᠲᠠᠢ ᠲᠤᠷᠰᠢᠯᠭ᠎ᠠ ᠶᠢ ᠬᠡᠷᠬᠢᠨ ᠤᠬᠠᠭᠤᠯᠤᠨ ᠳᠡᠯᠭᠡᠷᠡᠭᠦᠯᠵᠦ ᠂ ᠡᠭᠦᠨ ᠤ ᠤᠯᠠᠮ ᠠᠴᠠ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠤᠯᠠᠮ ᠨᠢᠭᠡ ᠠᠯᠬᠤᠮ ᠠᠬᠢᠭᠤᠯᠵᠤ ᠂ ᠦᠨᠳᠦᠰᠦᠲᠡᠨ ᠨᠦᠭᠦᠳ ᠤᠨ ᠤᠯᠠᠨ ᠲᠦᠮᠡᠨ | ᠬᠠᠮᠲᠤ ᠰᠠᠭᠤᠵᠤ ᠬᠠᠮᠲᠤ ᠰᠤᠷᠤᠯᠴᠠᠬᠤ ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠂ ᠬᠠᠮᠲᠤ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠣᠷᠴᠢᠨ | ᠠᠬᠤᠢ ᠶᠢ ᠪᠤᠢ ᠪᠣᠯᠭᠠᠬᠤ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠵᠠᠢ᠃ | | | | ᠲᠤᠰ ᠤᠳᠠᠭ᠎ᠠ ᠶᠢᠨ ᠲᠠᠶᠢᠯᠤᠮᠵᠢ ᠨᠢ ᠠᠭᠤᠯᠭ᠎ᠠ ᠪᠠᠷ ᠪᠠᠶᠠᠯᠢᠭ ᠂ ᠯᠣᠭᠢᠭ ᠢᠶᠠᠷ ᠨᠠᠷᠢᠨ ᠨᠢᠭᠲᠠ᠂ ᠤᠨᠤᠯ ᠤᠨ ᠵᠠᠳᠠᠯᠤᠯᠲᠠ ᠵᠢᠯᠣᠭᠤᠳᠤᠯᠭ᠎ᠠ ᠲᠠᠢ ᠪᠥᠭᠡᠳ ᠪᠠᠰᠠ | ᠶᠡᠭᠡ ᠬᠡᠮᠵᠢᠶᠡᠨ ᠤ ᠪᠣᠳᠠᠲᠤ ᠵᠢᠱᠢᠶ᠎ᠡ ᠲᠠᠢ ᠪᠠᠶᠢᠵᠤ ᠂ ᠬᠤᠶᠢᠰᠢᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠤᠬᠴᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠳᠤ ᠡᠷᠬᠢᠮ ᠨᠠᠨᠳᠢᠨ ᠤᠨᠤᠯ ᠤᠨ ᠳᠤᠯᠢᠳᠠᠯ ᠪᠠ ᠤᠬᠠᠭᠤᠯᠭ᠎ᠠ ᠶᠢᠨ ᠲᠤᠷᠰᠢᠯᠭ᠎ᠠ ᠶᠢᠨ | ᠵᠢᠯᠣᠭᠤᠳᠤᠯᠭ᠎ᠠ ᠬᠠᠩᠭᠠᠵᠠᠢ᠃ ᠳᠠᠷᠠᠭᠠᠴᠢ ᠶᠢᠨ ᠠᠯᠬᠤᠮ ᠳᠤ ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠡᠩ ᠭᠦᠨᠵᠡᠭᠡᠢ ᠰᠤᠷᠤᠯᠴᠠᠨ ᠣᠶᠢᠯᠠᠭᠠᠵᠤ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠶᠢ ᠰᠤᠷᠤᠯᠴᠠᠨ ᠳᠤᠭᠤᠰᠢᠯᠠᠭᠤᠯᠬᠤ ᠶᠢ ᠴᠢᠬᠤᠯᠠ ᠶᠡᠭᠡ ᠤᠯᠤᠰ | ᠲᠦᠷᠦ ᠶᠢᠨ ᠡᠭᠦᠷᠭᠡ ᠪᠠᠨ ᠪᠣᠯᠭᠠᠵᠤ ᠂ ᠡᠯ᠎ᠡ ᠳᠦᠷᠤᠯ ᠤᠨ ᠠᠵᠢᠯ ᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ | ᠴᠤᠬᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠂ ᠲᠡᠭᠦᠨ ᠠᠴᠠ ᠥᠴᠥᠬᠡᠨ ᠴᠦ ᠵᠠᠶᠢᠳᠠᠭᠤᠯᠬᠤ ᠦᠭᠡᠢ ᠪᠠᠶᠢᠯᠭᠠᠬᠤ ᠶᠢ ᠠᠬᠢᠭᠤᠯᠵᠤ ᠂ | ᠲᠤᠰ ᠲᠤᠰ ᠤᠨ ᠬᠦᠷᠢᠶ᠎ᠡ ᠴᠠᠷᠠᠭ᠎ᠠ ᠪᠤᠯᠤᠨ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠦᠨᠡᠨ ᠪᠤᠳᠠᠳᠠᠢ ᠦᠷᠦ ᠵᠢᠷᠤᠭᠡᠨ ᠠᠴᠠ ᠪᠠᠨ ᠪᠦᠲᠦᠮᠵᠢᠲᠡᠢ ᠪᠠᠷ ᠪᠠᠳᠤ ᠴᠤᠬᠴᠠᠯᠠᠨ᠎ᠠ᠃ | | | |