ᠲᠦᠪᠡᠳ ᠬᠠᠰᠢ ᠲᠠᠷᠢᠬᠤ ᠮᠡᠷᠭᠡᠵᠢᠯ ︵ᠨᠢᠭᠡ︶
ᠨᠡᠶᠢᠲᠡᠯᠡᠭᠰᠡᠨ ᠴᠠᠭ᠄
2024/4/28
  1. ᠰᠦᠯᠢᠶᠤᠦ ᠲᠤᠮᠦ ᠫᠸᠩ ᠪᠠ ᠬᠦᠯᠡᠮᠵᠢ ᠳᠦ ᠲᠠᠷᠢᠬᠤ︵1︶ ᠴᠢᠬᠢ ᠪᠤᠶᠢᠵᠢᠭᠤᠯᠬᠤ ᠴᠢᠬᠢ ᠪᠤᠶᠢᠵᠢᠭᠤᠯᠬᠤ ᠳᠦ ᠬᠠᠰᠢᠯᠭ᠎ᠠ ᠪᠡᠯᠡᠳᠭᠡᠬᠦ᠄ ᠦᠷᠡᠯᠡᠨ ᠲᠠᠷᠢᠬᠤ ᠬᠡᠯᠪᠡᠷᠢ᠂ ᠦᠷᠡᠯᠡᠨ ᠲᠠᠷᠢᠬᠤ ᠬᠡᠮᠵᠢᠶ᠎ᠡ ᠪᠠ ᠬᠠᠪᠤᠷ ᠵᠠᠳᠠᠭᠠᠢ ᠲᠠᠷᠢᠶᠠᠨ ᠳᠤ ᠴᠢᠬᠢ ᠪᠤᠶᠢᠵᠢᠭᠤᠯᠬᠤ ᠮᠡᠷᠭᠡᠵᠢᠯ ᠵᠡᠷᠭᠡ ᠲᠠᠯ᠎ᠠ ᠪᠠᠷ ᠬᠠᠮᠭᠠᠯᠠᠯᠳᠠ ᠶᠢᠨ ᠲᠠᠷᠢᠶᠠᠨ ᠳᠤ ᠲᠠᠷᠢᠬᠤ ᠲᠠᠢ ᠨᠡᠯᠢᠶᠠᠳ ᠠᠳᠠᠯᠢᠪᠳᠤᠷ ᠪᠠᠶᠢᠳᠠᠭ᠂ ᠯᠠᠪᠯᠠᠯᠠᠳᠠ ᠪᠤᠯᠭᠠᠬᠤ ᠲᠠᠯ᠎ᠠ ᠲᠠᠢ ᠪᠤᠯᠪᠠᠴᠦ ᠬᠠᠪᠤᠷ ᠤᠨ ᠬᠠᠮᠭᠠᠯᠠᠯᠳᠠ ᠶᠢᠨ ᠲᠠᠷᠢᠶᠠᠨ ᠳᠤ  ᠲᠦᠪᠡᠳ ᠬᠠᠰᠢ ᠲᠠᠷᠢᠪᠠᠯ 2︱3 ᠳ᠋ᠤᠭᠠᠷ ᠰᠠᠷ᠎ᠠ ᠳᠤ ᠰᠠᠭᠤᠯᠭᠠᠵᠤ  ᠪᠤᠯᠤᠨ᠎ᠠ᠃ ᠡᠨᠡ ᠦᠶᠡᠰ ᠲᠦ ᠤᠮᠠᠷᠠᠳᠤ ᠤᠷᠤᠨ ᠳᠤ ᠲᠡᠮᠡᠢ ᠲᠤᠯᠭᠠᠷᠠᠭᠠᠳᠤᠢ ᠪᠤᠯᠬᠤᠷ ᠴᠢᠬᠢ ᠰᠠᠭᠤᠯᠭᠠᠬᠤ ᠦᠶᠡᠰ ᠢᠳᠡᠷᠡᠬᠦᠨ ᠴᠢᠬᠢ ᠶᠢ ᠱᠠᠭᠠᠷᠳᠠᠳᠠᠭ ᠪᠦᠭᠡᠳ ᠴᠢᠬᠢ ᠪᠤᠶᠢᠵᠢᠭᠤᠯᠬᠤ  ᠱᠠᠭᠠᠷᠳᠠᠯᠭ᠎ᠠ ᠴᠢᠩᠭ᠎ᠠ ᠪᠠᠶᠢᠳᠠᠭ᠃  ᠴᠢᠬᠢ ᠪᠤᠶᠢᠵᠢᠭᠤᠯᠬᠤ ᠭᠠᠵᠠᠷ ᠢᠶᠠᠨ ᠰᠤᠩᠭᠤᠬᠤ᠄ ᠴᠢᠬᠢ ᠪᠤᠶᠢᠵᠢᠭᠤᠯᠬᠤ  ᠬᠤᠭᠤᠴᠠᠭ᠎ᠠ ᠨᠢ ᠤᠮᠠᠷᠠᠳᠤ ᠤᠷᠤᠨ ᠤ ᠡᠪᠤᠯ ᠬᠠᠬᠢᠷ ᠬᠦᠢᠳᠡᠨ᠂ ᠠᠭᠤᠷ ᠠᠮᠢᠰᠬᠤᠯ ᠤᠨ ᠬᠤᠪᠢᠷᠠᠯᠳᠠ ᠶᠡᠬᠡ᠂ ᠴᠢᠬᠢ ᠪᠤᠶᠢᠵᠢᠭᠤᠯᠬᠤ ᠬᠤᠭᠤᠴᠠᠭᠠᠨ ᠳᠤ ᠪᠦᠷᠭᠦᠭ ᠡᠳᠤᠷ ᠪᠠ ᠴᠠᠰᠤ  ᠤᠷᠤᠪᠠᠯ ᠡᠳᠤᠷ ᠰᠦᠨᠢ ᠶᠢᠨ ᠲᠤᠯᠠᠭᠠᠨ ᠤ ᠬᠡᠮᠵᠢᠶ᠎ᠡ ᠶᠢᠨ ᠵᠦᠷᠢᠶ᠎ᠡ ᠶᠡᠬᠡ ᠪᠠᠶᠢᠳᠠᠭ᠂ ᠡᠶᠢᠮᠦ ᠡᠴᠡ ᠴᠢᠬᠢ ᠪᠤᠶᠢᠵᠢᠭᠤᠯᠬᠤ  ᠭᠠᠵᠠᠷ ᠢᠶᠠᠨ ᠵᠦᠪ ᠰᠤᠩᠭᠤᠬᠤ ᠬᠡᠷᠡᠭᠳᠠᠢ᠃ᠴᠢᠬᠢ ᠪᠤᠶᠢᠵᠢᠭᠤᠯᠬᠤ ᠬᠤᠭᠤᠴᠠᠭ᠎ᠠ ᠨᠢ ᠲᠤᠬᠢᠷᠠᠮᠵᠢᠳᠠᠢ ᠪᠠᠶᠢᠬᠤ᠄ ᠦᠷᠡᠯᠡᠨ ᠲᠠᠷᠢᠬᠤ ᠬᠤᠭᠤᠴᠠᠭ᠎ᠠ ᠶᠢ ᠰᠠᠭᠤᠯᠭᠠᠬᠤ ᠬᠤᠭᠤᠴᠠᠭ᠎ᠠ ᠪᠠᠷ ᠲᠤᠠᠠᠳᠠᠭᠠᠵᠤ᠂ ᠬᠠᠷᠢᠨ ᠰᠠᠭᠤᠯᠭᠠᠬᠤ ᠬᠤᠭᠤᠴᠠᠭ᠎ᠠ ᠶᠢ ᠲᠤᠬᠠᠢ ᠶᠢᠨ ᠭᠠᠵᠠᠷ ᠤᠷᠤᠨ ᠤ ᠠᠭᠤᠷ ᠠᠮᠢᠰᠬᠤᠯ ᠪᠤᠯᠤᠨ ᠬᠦᠯᠡᠮᠵᠢ ᠶᠢᠨ ᠬᠡᠯᠪᠡᠷᠢ ᠪᠡᠷ ᠲᠤᠠᠠᠳᠠᠭᠠᠨ᠎ᠠ᠃ᠴᠢᠬᠢᠯᠡᠬᠦ ᠬᠤᠭᠤᠴᠠᠭᠠᠨ ᠳᠠᠬᠢ ᠲᠤᠯᠠᠭᠠᠨ ᠤ ᠬᠡᠮᠵᠢᠶ᠎ᠡ ᠶᠢ ᠡᠵᠡᠮᠰᠢᠬᠦ᠄ ᠦᠷ᠎ᠡ ᠬᠦᠷᠦᠰᠤ ᠲᠦᠯᠬᠢᠨ ᠴᠤᠬᠤᠶᠢᠬᠤ ᠠᠴᠠ ᠡᠮᠦᠨ᠎ᠡ ᠬᠦᠷᠤᠰᠤᠨ ᠤ ᠲᠤᠯᠠᠭᠠᠨ ᠤ ᠬᠡᠮᠵᠢᠶ᠎ᠡ ᠶᠢ20℃ ᠡᠴᠡ ᠲᠡᠭᠡᠭᠡᠰᠢ ᠪᠠᠶᠢᠯᠭᠠᠪᠠᠯ ᠴᠢᠬᠢ ᠪᠠᠷᠢᠬᠤ ᠨᠢ ᠵᠢᠭᠳᠡ᠃ 
ᠢᠷᠡᠯᠲᠡ᠄ 《ᠮᠠᠯᠴᠢᠨ ᠲᠠᠷᠢᠶᠠᠴᠢᠨ ᠤ ᠠᠯᠳᠠᠨ ᠲᠦᠯᠬᠢᠬᠦᠷ》 ᠴᠤᠪᠤᠷᠠᠯ ᠪᠢᠴᠢᠭ ᠠᠴᠠ ᠪᠠᠭᠤᠯᠭᠠᠪᠠ