ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠵᠠᠷᠯᠠᠯ︕ ᠥᠪᠥᠷ ᠮᠣᠩᠭᠤᠯ ᠤᠨ ᠳᠥᠷᠪᠡᠨ ᠭᠠᠵᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/4/29
    ᠣᠶᠢᠷ᠎ᠠ ᠳᠤ ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ︽ 2023 ᠣᠨ ᠤ ᠪᠥᠬᠦ ᠤᠯᠤᠰ ᠤᠨ ᠠᠶᠢᠯ ᠲᠣᠰᠬᠤᠨ ᠢ ᠴᠡᠪᠡᠷᠰᠢᠭᠦᠯᠬᠦ ᠠᠵᠢᠯᠯᠠᠭ᠎ᠠ ᠳᠠᠬᠢ ᠲᠡᠷᠢᠭᠦᠨ ᠤ ᠰᠢᠶᠠᠨ ᠤ ᠨᠡᠷᠡᠰ ᠢ ᠨᠡᠶᠢᠲᠡᠯᠡᠬᠦ ᠲᠤᠬᠠᠶ ᠵᠠᠷᠯᠠᠯ ︾ ᠢ ᠨᠡᠶᠢᠲᠡᠯᠡᠵᠦ ᠂ 2023 ᠣᠨ ᠤ ᠪᠥᠬᠦ ᠤᠯᠤᠰ ᠤᠨ ᠠᠶᠢᠯ ᠲᠣᠰᠬᠤᠨ ᠢ ᠴᠡᠪᠡᠷᠰᠢᠭᠦᠯᠬᠦ ᠠᠵᠢᠯᠯᠠᠭ᠎ᠠ ᠳᠠᠬᠢ 99 ᠲᠡᠷᠢᠭᠦᠨ ᠤ ᠰᠢᠶᠠᠨ ᠢ ᠰᠣᠩᠭᠤᠨ‌ᠭᠠᠷᠭᠠᠪᠠ᠃ᠵᠠᠷᠯᠠᠯ ᠳ᠋ᠠᠬᠢ‌ᠨᠡᠷᠡᠰ ᠢ‌ᠦᠨᠳᠦᠰᠦᠯᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠵᠡᠭᠦᠨᠭᠠᠷ ᠬᠤᠰᠢᠭᠤ ᠂ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠂ ᠪᠠᠶᠠᠨᠨᠠᠭᠤᠷ ᠬᠤᠲᠠ ᠶᠢᠨ ᠤᠷᠠᠳ ᠤᠨ ᠲᠤᠮᠳᠠᠳᠤ ᠬᠤᠰᠢᠭᠤ ᠂ ᠬᠥᠯᠥᠨ ᠪᠤᠶᠢᠷ ᠬᠤᠲᠠ ᠶᠢᠨ ᠠᠷᠤᠨ ᠬᠤᠰᠢᠭᠤ 4 ᠭᠠᠵᠠᠷ ᠰᠣᠩᠭᠤᠭᠳᠠᠨ ᠣᠷᠣᠬᠤ ᠪᠠᠷ ᠪᠤᠢ ᠃    
ᠢᠷᠡᠯᠲᠡ᠄ ᠠᠷᠠᠳ ᠤᠨ ᠰᠥᠯᠵᠢᠶ᠎ᠡ