ᠠᠩᠬᠠᠷ︕ ᠬᠤᠭᠤᠯᠠ ᠢᠳᠡᠬᠦ ᠦᠶᠡᠰ ᠪᠢᠲᠡᠭᠡᠶ ᠢᠩᠭᠢᠵᠦ ᠬᠢ᠂ ᠡᠷᠡᠭᠦᠯ ᠮᠡᠨᠳᠦ ᠶᠢ ᠨᠥᠯᠥᠭᠡᠯᠡᠨ᠎ᠡ
ᠨᠡᠶᠢᠲᠡᠯᠡᠭᠰᠡᠨ ᠴᠠᠭ᠄
2024/4/29
     ᠲᠡᠳᠡᠭᠡᠷ ᠬᠤᠭᠤᠯᠠ ᠪᠠᠨ ᠲᠦᠷᠭᠡᠨ ᠢᠳᠡᠵᠦ ᠳᠠᠳᠤᠭᠰᠠᠨ ᠬᠥᠮᠦᠰ ᠲᠤ ᠠᠪᠴᠤ ᠬᠡᠯᠡᠪᠡᠯ ᠂ ᠶᠡᠭᠡ ᠲᠠᠷᠢᠬᠢ ᠨᠢ ᠴᠠᠳᠤᠬᠰᠠᠨ ᠳᠣᠬᠢᠶ᠎ᠠ ᠣᠯᠬᠤ ᠠᠴᠠ ᠡᠮᠦᠨ᠎ᠡ ᠂ ᠲᠡᠳᠡ ᠨᠢᠭᠡᠨᠲᠡ ᠤᠬᠠᠮᠰᠠᠷ ᠦᠭᠡᠢ ᠪᠠᠷ ᠬᠡᠲᠦᠷᠬᠡᠶ ᠣᠯᠠᠨ ᠢᠳᠡᠭᠡᠨ ᠢᠳᠡᠭᠰᠡᠨ ᠪᠠᠶᠢᠳᠠᠭ ᠃ ᠢᠡᠭᠭᠢᠵᠦ ᠰᠠᠨᠠᠮᠰᠠᠷ ᠦᠭᠡᠢ ᠪᠠᠷ ᠬᠡᠲᠦᠷᠡᠲᠡᠯ᠎ᠡ ᠢᠳᠡᠬᠦ ᠨᠢ ᠴᠠᠭ ᠤᠨ ᠤᠳᠠᠭᠠᠨ ᠳᠠᠭᠠᠨ ᠪᠡᠶ᠎ᠡ ᠶᠢᠨ ᠬᠦᠨᠳᠦ ᠶᠢ ᠠᠭᠠᠵᠢᠮ ᠢᠶᠠᠷ ᠳᠡᠭᠡᠭᠰᠢᠯᠡᠭᠦᠯᠬᠦ ᠶᠢᠨ ᠤᠯᠠᠮ ᠢᠶᠠᠷ ᠮᠠᠷᠢᠶᠠᠯᠠᠬᠤ ᠂ ᠴᠢᠰᠤᠨ ᠤ ᠥᠭᠡᠬᠦ ᠥᠨᠳᠥᠷᠵᠢᠬᠦ ᠭᠡᠮ ᠪᠠ ᠰᠣᠯᠢᠯᠴᠠᠭ᠎ᠠ ᠶᠢᠨ ᠬᠤᠷᠠᠮᠠᠯ ᠭᠡᠮ ᠵᠡᠷᠭᠡ ᠡᠷᠡᠭᠦᠯ ᠮᠡᠨᠳᠦ ᠶᠢᠨ ᠲᠦᠭᠰᠢᠭᠦᠷᠢ ᠶᠢ ᠨᠡᠮᠡᠭᠳᠡᠭᠦᠯᠬᠦ ᠪᠣᠯᠤᠯᠴᠠᠭ᠎ᠠ ᠲᠠᠢ ᠶᠤᠮ ᠃ ᠡᠭᠦᠨ ᠠᠴᠠ ᠭᠠᠳᠠᠨ᠎ᠠ ᠂ ᠲᠦᠷᠭᠡᠨ ᠵᠠᠯᠭᠢᠬᠤ ᠨᠢ ᠰᠢᠩᠭᠡᠭᠡᠯᠲᠡ ᠶᠢ ᠮᠠᠭᠤᠳᠠᠭᠤᠯᠵᠤ ᠮᠡᠳᠡᠨ᠎ᠡ ᠂ ᠤᠴᠢᠷ ᠨᠢ ᠭᠦᠢᠴᠡᠳ ᠰᠠᠶᠢᠨ ᠵᠠᠵᠢᠯᠤᠭᠰᠠᠨ ᠦᠭᠡᠢ ᠢᠳᠡᠭᠡᠨ ᠨᠢ ᠬᠤᠳᠣᠭᠤᠳᠣᠨ ᠤ ᠳᠠᠷᠤᠭᠠᠰᠤ ᠶᠢ ᠬᠦᠨᠳᠦᠷᠡᠭᠦᠯᠳᠡᠭ ᠪᠤᠯᠬᠤᠷ ᠤᠷᠲᠤ ᠬᠤᠭᠤᠴᠠᠭ᠎ᠠ ᠪᠠᠷ ᠢᠡᠭᠭᠢᠭᠡᠳ ᠪᠠᠶᠢᠪᠠᠯ ᠬᠤᠳᠣᠭᠤᠳᠣᠨ ᠦᠷᠪᠢᠰᠦᠯ ᠵᠡᠷᠭᠡ ᠬᠤᠳᠣᠭᠤᠳᠣ ᠭᠡᠳᠡᠰᠦᠨ ᠤ ᠠᠰᠠᠭᠤᠳᠠᠯ ᠢ ᠡᠭᠦᠰᠭᠡᠵᠦ ᠮᠡᠳᠡᠨ᠎ᠡ ᠃ ᠣᠳᠣᠬᠠᠨ ᠳᠤ ᠬᠤᠭᠤᠯᠠ ᠢᠳᠡᠬᠦ ᠬᠤᠷᠳᠤᠴᠠ ᠶᠢᠨ ᠲᠤᠬᠠᠢ ᠰᠤᠳᠤᠯᠤᠬᠰᠠᠨ ᠵᠥᠪ ᠣᠨᠣᠪᠴᠢᠲᠠᠶ ᠲᠠᠨᠢᠯᠴᠠᠭᠤᠯᠭ᠎ᠠ ᠭᠡᠵᠦ ᠪᠠᠶᠢᠬᠤ ᠦᠭᠡᠶ ᠂ ᠨᠡᠶᠢᠳᠡᠮ ᠳᠡᠭᠡᠨ ᠨᠢᠭᠡ ᠡᠷᠡᠨ ᠤ ᠬᠤᠭᠤᠯᠠ ᠶᠢ ᠢᠳᠡᠬᠦ ᠲᠤᠬᠢᠷᠠᠮᠵᠢᠳᠠᠢ ᠬᠤᠷᠳᠤᠴᠠ ᠨᠢ ᠪᠠᠷᠤᠭ 20 ᠠᠴᠠ 30 ᠮᠢᠨᠦ᠋ᠲ ᠪᠠᠶᠢᠪᠠᠯ ᠵᠣᠬᠢᠨ᠎ᠠ ᠭᠡᠵᠦ ᠦᠵᠡᠵᠦ ᠪᠤᠢ ᠂ ᠤᠴᠢᠷ ᠨᠢ ᠶᠡᠭᠡ ᠲᠠᠷᠢᠬᠢ ᠴᠠᠳᠤᠬᠰᠠᠨ ᠳᠣᠬᠢᠶ᠎ᠠ ᠶᠢ ᠬᠦᠯᠢᠶᠡᠨ ᠠᠪᠬᠤ ᠳᠤ ᠪᠠᠷᠤᠭ ᠡᠳᠦᠶ ᠴᠠᠭ ᠬᠡᠷᠡᠭᠰᠡᠳᠡᠭ ᠃ ᠬᠠᠮᠤᠭ ᠰᠡᠭᠦᠯ ᠳᠤ ᠂ ᠬᠤᠭᠤᠯᠠ ᠢᠳᠡᠬᠦ ᠦᠶᠡᠰ ᠰᠡᠳᠬᠢᠯ ᠬᠤᠪᠢᠶᠠᠭᠳᠠᠬᠤ ᠠᠴᠠ ᠵᠠᠶᠢᠯᠠᠬᠤ ᠨᠢ ᠴᠤ ᠮᠠᠰᠢ ᠴᠢᠬᠤᠯᠠ ᠶᠤᠮ ᠃ ᠴᠢᠳᠠᠬᠤ ᠶᠢᠨ ᠲᠤᠳᠤᠷ᠎ᠠ ᠪᠢᠲᠡᠭᠡᠶ ᠬᠤᠭᠤᠯᠠ ᠢᠳᠡᠵᠦ ᠪᠠᠶᠢᠭᠠᠳ ᠲᠧᠯᠸᠢᠰ ᠦᠵᠡᠬᠦ ᠪᠤᠶᠤ ᠭᠠᠷ ᠤᠲᠠᠰᠤ ᠪᠠᠷ ᠢᠶᠠᠨ ᠨᠠᠭᠠᠳ ᠂ ᠤᠴᠢᠷ ᠨᠢ ᠢᠡᠭᠭᠢᠪᠡᠯ ᠲᠠᠨ ᠤ ᠬᠤᠭᠤᠯᠠ ᠢᠳᠡᠬᠦ ᠬᠤᠷᠳᠤᠴᠠ ᠶᠢ ᠴᠢᠨᠢ ᠥᠪᠡᠷ ᠤᠨ ᠡᠷᠬᠡ ᠦᠭᠡᠢ ᠲᠦᠷᠭᠡᠳᠬᠡᠳᠡᠭ ᠃    
ᠢᠷᠡᠯᠲᠡ᠄ ᠠᠷᠠᠳ ᠤᠨ ᠰᠥᠯᠵᠢᠶ᠎ᠡ