| ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠬᠤ ᠶᠢᠨ ᠲᠥᠯᠥᠭᠡ ᠂ 4 ᠳ᠋ᠦ᠋ᠭᠡᠷ ᠰᠠᠷ᠎ᠠ ᠶᠢᠨ 28 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠳᠣᠲᠣᠭᠠᠳᠤ ᠶᠢ ᠬᠠᠮᠠᠭᠠᠯᠠᠬᠤ ᠲᠢᠩᠬᠢᠮ ᠂ ᠡᠳ᠋ ᠤᠨ ᠵᠠᠰᠠᠭ ᠤᠨ | ᠲᠢᠩᠬᠢᠮ ᠵᠢᠴᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ 5 ᠰᠠᠯᠠᠭ᠎ᠠ ᠮᠥᠴᠢᠷ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠬᠡᠷᠡᠭᠵᠢᠭᠦᠯᠬᠦ ᠲᠥᠰᠥᠯ ︾ ︵ ᠳᠣᠷᠣᠭᠰᠢ ︽ ᠬᠡᠷᠡᠭᠵᠢᠭᠦᠯᠬᠦ ᠲᠥᠰᠥᠯ ︾ ᠭᠡᠵᠦ ᠲᠣᠪᠴᠢᠯᠠᠪᠠ ︶ ᠢ ᠳᠠᠷᠤᠮᠠᠯᠯᠠᠨ ᠲᠠᠷᠬᠠᠭᠠᠪᠠ ᠃ | ︽ ᠬᠡᠷᠡᠭᠵᠢᠭᠦᠯᠬᠦ ᠲᠥᠰᠥᠯ ︾ ᠳᠤ ᠨᠥᠬᠦᠪᠦᠷᠢ ᠥᠭᠬᠦ ᠬᠡᠪᠴᠢᠶ᠎ᠡ ᠪᠠ ᠪᠠᠷᠢᠮᠵᠢᠶ᠎ᠠ ᠶᠢ ᠲᠣᠳᠣᠷᠬᠠᠶᠢᠯᠠᠪᠠ ᠃ 2024 ᠣᠨ ᠤ 4 ᠳ᠋ᠦ᠋ᠭᠡᠷ ᠰᠠᠷ᠎ᠠ ᠶᠢᠨ 24 ᠤ | ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠂ ᠬᠤᠪᠢ ᠬᠥᠮᠥᠨ ᠤ ᠬᠡᠷᠡᠭᠯᠡᠭᠴᠢᠳ ᠠᠴᠠ ᠨᠡᠷ᠎ᠡ ᠳᠡᠭᠡᠷᠡᠬᠢ ᠤᠯᠤᠰ ᠤᠨ | ᠭᠤᠷᠪᠠᠳᠤᠭᠠᠷ ᠱᠠᠲᠤᠨ ᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠤᠯᠲᠠ ᠶᠢᠨ ᠪᠠᠷᠢᠮᠵᠢᠶᠠᠲᠤ ᠲᠣᠰᠣ ᠰᠢᠲᠠᠭᠠᠬᠤ ᠰᠠᠭᠤᠳᠠᠯ ᠤᠨ ᠮᠠᠰᠢᠨ | ᠲᠡᠷᠭᠡ ᠪᠤᠶᠤ 2018 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ︵ ᠲᠣᠰ ᠡᠳᠦᠷ ᠢ ᠪᠠᠭᠲᠠᠭᠠᠨ᠎ᠠ ᠂ ᠳᠣᠷᠣᠭᠰᠢ ᠠᠳᠠᠯᠢ ︶ ᠳᠠᠩᠰᠠᠯᠠᠭᠤᠯᠤᠨ | ᠪᠦᠷᠢᠳᠬᠡᠭᠦᠯᠦᠭᠰᠡᠨ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠡᠯ᠎ᠡ | ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠮᠠᠰᠢᠨ ᠲᠡᠷᠭᠡ ᠪᠣᠷᠣᠯᠠᠭᠤᠯᠬᠤ | ᠪᠠᠶᠢᠭᠤᠯᠤᠮᠵᠢ ᠠᠴᠠ ᠰᠢᠨ᠎ᠡ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠴᠤ ᠂ ᠲᠤᠬᠠᠢ ᠶᠢᠨ ᠭᠠᠵᠠᠷ ᠤᠨ ᠮᠠᠰᠢᠨᠲᠤ ᠲᠡᠷᠭᠡ ᠶᠢᠨ ᠨᠢᠭᠡᠳᠦᠯᠲᠡᠢ | ᠪᠣᠷᠣᠯᠠᠭᠤᠯᠤᠭᠰᠠᠨ ᠪᠠᠷᠢᠮᠲᠠ ᠪᠢᠴᠢᠭᠦᠯᠵᠦ ᠂ ᠲᠤᠬᠠᠢ ᠶᠢᠨ ᠭᠠᠵᠠᠷ ᠲᠤ ᠪᠠᠨ ᠳᠠᠩᠰᠠᠯᠠᠭᠤᠯᠤᠨ ᠫᠠᠶᠢᠰᠠ ᠡᠯᠭᠦᠪᠡᠯ ᠂ ᠨᠢᠭᠡ ᠤᠳᠠᠭ᠎ᠠ ᠶᠢᠨ ᠴᠢᠨᠠᠷᠲᠠᠢ ᠮᠠᠰᠢᠨ ᠲᠡᠷᠭᠡ | ᠬᠤᠳᠠᠯᠳᠤᠨ ᠠᠪᠬᠤ ᠨᠥᠬᠦᠪᠦᠷᠢ ᠭᠤᠶᠤᠴᠢᠯᠠᠵᠤ ᠪᠣᠯᠣᠨ᠎ᠠ ᠃ ᠬᠤᠪᠢ ᠬᠥᠮᠥᠨ ᠤ ᠬᠡᠷᠡᠭᠯᠡᠭᠴᠢᠳ ᠳᠡᠭᠡᠷ᠎ᠡ ᠳᠤᠷᠠᠳᠤᠭᠰᠠᠨ ᠬᠤᠶᠠᠷ ᠲᠥᠷᠥᠯ ᠤᠨ ᠬᠠᠭᠤᠴᠢᠨ | ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ︽ ᠲᠡᠷᠭᠡ ᠬᠥᠰᠬᠡ ᠬᠤᠳᠠᠯᠳᠤᠨ ᠠᠪᠬᠤ | ᠭᠠᠶᠢᠯᠢ ᠶᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠡᠷᠭᠡᠨ ᠬᠡᠯᠪᠡᠷᠢ ᠶᠢᠨ ᠭᠠᠷᠴᠠᠭ ︾ ᠲᠤ ᠣᠷᠣᠭᠤᠯᠤᠭᠰᠠᠨ ᠰᠢᠨ᠎ᠡ ᠡᠨᠧᠷᠭᠢ ᠶᠢᠨ | ᠰᠠᠭᠤᠳᠠᠯ ᠤᠨ ᠮᠠᠰᠢᠨ ᠢ ᠬᠤᠳᠠᠯᠳᠤᠨ ᠠᠪᠬᠤ ᠳᠤ ᠲᠡᠷᠭᠡ ᠪᠦᠷᠢ 12000 ᠲᠥᠭᠦᠷᠢᠭ ᠤᠨ ᠨᠥᠬᠦᠪᠦᠷᠢ ᠭᠤᠶᠤᠴᠢᠯᠠᠵᠤ ᠪᠣᠯᠣᠨ᠎ᠠ ︔ ᠤᠯᠤᠰ ᠤᠨ ᠭᠤᠷᠪᠠᠳᠤᠭᠠᠷ | ᠱᠠᠲᠤᠨ ᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠤᠯᠲᠠ ᠶᠢᠨ ᠪᠠᠷᠢᠮᠵᠢᠶᠠᠲᠤ ᠲᠣᠰᠣ ᠰᠢᠲᠠᠭᠠᠬᠤ ᠰᠠᠭᠤᠳᠠᠯ ᠤᠨ ᠮᠠᠰᠢᠨ ᠲᠡᠷᠭᠡ ᠶᠢ | ᠬᠡᠷᠡᠭᠯᠡᠭᠡᠨ ᠠᠴᠠ ᠭᠠᠷᠭᠠᠬᠤ ᠶᠢᠨ ᠬᠠᠮᠲᠤ 2.0L ︵ ᠪᠠᠭᠲᠠᠨ᠎ᠠ ︶ ᠭᠠᠳᠠᠭᠰᠢᠯᠠᠭᠤᠯᠬᠤ ᠪᠠᠷᠢᠮᠵᠢᠶ᠎ᠠ ᠠᠴᠠ ᠳᠣᠷᠣᠭᠰᠢᠬᠢ ᠲᠣᠰᠣ ᠰᠢᠲᠠᠭᠠᠬᠤ ᠰᠠᠭᠤᠳᠠᠯ ᠤᠨ ᠮᠠᠰᠢᠨ | ᠲᠡᠷᠭᠡ ᠬᠤᠳᠠᠯᠳᠤᠨ ᠠᠪᠬᠤ ᠳᠤ ᠲᠡᠷᠭᠡ ᠪᠦᠷᠢ 9000 ᠲᠥᠭᠦᠷᠢᠭ ᠤᠨ ᠨᠥᠬᠦᠪᠦᠷᠢ ᠭᠤᠶᠤᠴᠢᠯᠠᠵᠤ ᠪᠣᠯᠣᠨ᠎ᠠ ᠃ | ︽ ᠬᠡᠷᠡᠭᠵᠢᠭᠦᠯᠬᠦ ᠲᠥᠰᠥᠯ ︾ ᠳᠤ ᠨᠥᠬᠦᠪᠦᠷᠢ ᠶᠢ ᠭᠤᠶᠤᠴᠢᠯᠠᠬᠤ ᠴᠣᠪᠣᠷᠠᠯ ᠢ ᠲᠣᠳᠣᠷᠬᠠᠶᠢᠯᠠᠪᠠ ᠃ ᠨᠥᠬᠦᠴᠡᠯ ᠳᠤ ᠨᠡᠶᠢᠴᠡᠭᠰᠡᠨ ᠬᠤᠪᠢ ᠬᠥᠮᠥᠨ ᠤ | ᠬᠡᠷᠡᠭᠯᠡᠭᠴᠢᠳ 2025 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ᠂ ᠪᠥᠬᠦ ᠤᠯᠤᠰ ᠤᠨ ᠮᠠᠰᠢᠨ ᠲᠡᠷᠭᠡᠨ ᠤ ᠭᠦᠢᠯᠭᠡᠭᠡᠨ ᠤ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠤᠨ ᠰᠦᠯᠵᠢᠶᠡᠨ ᠥᠷᠲᠡᠭᠡ ᠪᠤᠶᠤ ︽ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ︾ ᠵᠢᠵᠢᠭ ᠫᠷᠦᠭᠷᠡᠮ ᠳᠤ ᠭᠠᠷᠬᠤ ᠪᠠᠷ | ᠳᠠᠮᠵᠢᠭᠤᠯᠤᠨ ᠂ ᠨᠥᠬᠦᠪᠦᠷᠢ ᠶᠢ ᠭᠥᠯᠢᠶᠡᠨ ᠠᠪᠴᠤ ᠰᠢᠢᠳᠪᠦᠷᠢᠯᠡᠬᠦ ᠭᠠᠵᠠᠷ ︵ ᠳᠠᠷᠤᠢ ︽ ᠮᠠᠰᠢᠨᠲᠤ ᠲᠡᠷᠭᠡᠨ ᠤ ᠪᠣᠷᠤᠯᠠᠭᠤᠯᠭ᠎ᠠ ᠶᠢᠨ ᠨᠢᠭᠡᠳᠦᠯᠲᠡᠢ ᠪᠠᠷᠢᠮᠲᠠ ︾ | ᠪᠢᠴᠢᠵᠦ ᠥᠭᠭᠦᠭᠰᠡᠨ ᠭᠠᠵᠠᠷ ︶ ᠲᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠬᠤ ᠪᠥᠭᠡᠳ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠤᠰᠢᠶᠠᠵᠤ ᠂ | ᠬᠢᠨᠠᠨ ᠬᠠᠷᠭᠤᠭᠤᠯᠤᠭᠠᠳ ᠮᠡᠳᠡᠭᠡ ᠵᠠᠩᠭᠢ ᠨᠢ ᠦᠨᠡᠨ ᠪᠣᠳᠠᠲᠠᠢ ᠪᠥᠭᠡᠳ ᠪᠦᠷᠢᠨ ᠭᠦᠢᠴᠡᠳ ᠪᠠᠶᠢᠵᠤ ᠂ ᠨᠥᠬᠦᠪᠦᠷᠢ ᠥᠭᠬᠦ ᠨᠥᠬᠦᠴᠡᠯ ᠳᠤ ᠨᠡᠶᠢᠴᠡᠭᠰᠡᠨ ᠪᠠᠶᠢᠪᠠᠯ | ᠬᠢᠨᠠᠨ ᠬᠠᠷᠭᠤᠭᠤᠯᠵᠤ ᠪᠠᠲᠤᠯᠠᠭᠤᠯᠤᠨ᠎ᠠ ᠃ | ︽ ᠬᠡᠷᠡᠭᠵᠢᠭᠦᠯᠬᠦ ᠲᠥᠰᠥᠯ ︾ ᠳᠤ ᠪᠡᠯᠡ ᠮᠥᠩᠭᠦ ᠶᠢᠨ ᠢᠷᠡᠯᠲᠡ ᠂ ᠰᠢᠯᠵᠢᠭᠦᠯᠦᠨ ᠥᠭᠬᠦ ᠠᠷᠭ᠎ᠠ ᠮᠠᠶ᠋ᠢᠭ ᠵᠢᠴᠢ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ | ᠲᠣᠳᠣᠷᠬᠠᠶᠢᠯᠠᠪᠠ ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭᠠᠨ ᠳᠤ ᠂ ᠲᠥᠪ ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ | ᠨᠥᠬᠦᠴᠡᠯ ᠳᠤ ᠨᠡᠶᠢᠴᠡᠬᠦ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠲᠡᠷᠭᠡ ᠬᠥᠰᠬᠡ ᠶᠢᠨ ᠨᠥᠬᠦᠪᠦᠷᠢ ᠶᠢᠨ ᠪᠡᠯᠡ ᠮᠥᠩᠭᠦ ᠶᠢ ᠬᠠᠷᠢᠴᠠᠯ ᠶᠣᠰᠣᠭᠠᠷ | ᠬᠤᠪᠢᠳᠠᠨ ᠡᠭᠦᠷᠭᠡᠯᠡᠵᠦ ᠂ ᠲᠥᠪ ᠤᠨ ᠡᠳ᠋ ᠤᠨ ᠵᠠᠰᠠᠭ ᠤᠨ ᠡᠭᠦᠷᠭᠡᠯᠡᠬᠦ ᠦᠯᠡᠳᠡᠪᠦᠷᠢ ᠬᠡᠰᠡᠭ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ | ᠵᠠᠰᠠᠭ ᠠᠴᠠ ᠲᠣᠰ ᠲᠣᠰ 50% ᠶᠢᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ ᠃ ᠡᠯ᠎ᠡ ᠠᠶᠢᠮᠠᠭ ᠬᠤᠲᠠ ᠨᠤᠭᠤᠳ ᠬᠡᠷᠡᠭᠯᠡᠭᠡᠨ ᠠᠴᠠ ᠭᠠᠷᠭᠠᠭᠰᠠᠨ ᠮᠠᠰᠢᠨ | ᠲᠡᠷᠭᠡ ᠶᠢ ᠵᠢᠭᠠᠨ ᠲᠣᠭᠲᠠᠭᠠᠭᠰᠠᠨ ᠠᠵᠤ ᠠᠬᠤᠶᠢᠯᠠᠯ ᠳᠤ ᠲᠤᠰᠢᠶᠠᠨ ᠬᠤᠳᠠᠯᠳᠤᠭᠤᠯᠬᠤ ᠪᠠᠷ ᠱᠠᠭᠠᠷᠳᠠᠵᠤ ᠪᠣᠯᠬᠤ ᠦᠭᠡᠢ ᠂ ᠣᠷᠣᠨ ᠪᠦᠰᠡ ᠶᠢᠨ ᠴᠢᠨᠠᠷᠲᠠᠢ ᠂ | ᠮᠡᠷᠭᠡᠵᠢᠯ ᠤᠨ ᠦᠢᠯᠡᠳᠬᠦᠨ ᠤ ᠴᠢᠭᠯᠡᠯ ᠤᠨ ᠴᠢᠨᠠᠷᠲᠠᠢ ᠨᠥᠬᠦᠪᠦᠷᠢ ᠶᠢᠨ ᠭᠠᠷᠴᠠᠭ ᠪᠤᠶᠤ ᠠᠵᠤ ᠠᠬᠤᠶᠢᠯᠠᠯ ᠤᠨ ᠨᠡᠷᠡᠰ ᠢ ᠠᠰ ᠲᠤ ᠨᠢ ᠲᠣᠭᠲᠠᠭᠠᠵᠤ ᠪᠣᠯᠬᠤ ᠦᠭᠡᠢ ᠃ | ᠡᠯ᠎ᠡ ᠠᠶᠢᠮᠠᠭ ᠬᠤᠲᠠ ᠨᠤᠭᠤᠳ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠯᠠᠪᠯᠠᠭ᠎ᠠ ᠶᠢᠨ ᠬᠠᠯᠠᠮᠰᠢᠯ ᠤᠲᠠᠰᠤ ᠭᠠᠷᠭᠠᠵᠤ ᠂ ᠣᠯᠠᠨ ᠨᠡᠶᠢᠲᠡ ᠶᠢᠨ | ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤ ᠨᠢ ᠬᠠᠷᠢᠭᠤ ᠥᠭᠴᠦ ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ ᠃ | | |