| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 3 ᠤ ᠦᠳᠡ ᠶᠢᠨ ᠡᠮᠦᠨ᠎ᠡ ᠨᠡᠶᠢᠰᠯᠡᠯ ᠤᠨ ᠠᠯᠪᠠᠨ ᠵᠢᠷᠤᠮ ᠤᠨ | ᠮᠣᠳᠣ ᠲᠠᠷᠢᠬᠤ ᠠᠵᠢᠯᠯᠠᠭ᠎ᠠ ᠳᠤ ᠣᠷᠤᠯᠴᠠᠬᠤ ᠳᠠᠭᠠᠨ ᠂ ᠬᠠᠩᠰᠢ ᠶᠢᠨ ᠡᠳᠦᠷ ᠤᠨ ᠤᠷᠢᠳ ᠬᠤᠵᠢᠳ ᠢᠶᠠᠷ ᠳᠤᠮᠳᠠᠳᠤ ᠶᠢᠨ ᠡᠬᠡ ᠭᠠᠵᠠᠷ ᠲᠤ ᠠᠮᠢᠵᠢᠷᠠᠯ ᠤᠨ | ᠬᠦᠴᠦᠨ ᠢᠶᠠᠷ ᠪᠢᠯᠬᠠᠵᠤ ᠂ ᠶᠠᠭ ᠮᠣᠳᠣ ᠲᠠᠷᠢᠬᠤ ᠰᠠᠶᠢᠬᠠᠨ ᠴᠠᠭ ᠪᠣᠯᠣᠨ᠎ᠠ ᠃ ᠡᠨᠡ ᠡᠳᠦᠷ ᠪᠢᠳᠡ ᠬᠠᠮᠲᠤ ᠪᠠᠷ ᠮᠣᠳᠣ ᠲᠠᠷᠢᠬᠤ ᠨᠢ ᠳᠠᠷᠤᠢ ᠤᠯᠠᠨ ᠢᠶᠠᠷ ᠢᠶᠠᠨ | ᠬᠥᠳᠡᠯᠦᠯᠴᠡᠵᠦ ᠂ ᠮᠣᠳᠣ ᠲᠠᠷᠢᠵᠤ ᠣᠶᠢᠵᠢᠭᠤᠯᠬᠤ ᠳᠤ ᠢᠳᠡᠪᠬᠢᠲᠡᠢ ᠣᠷᠣᠯᠴᠠᠵᠤ ᠂ ᠬᠥᠮᠥᠨ ᠪᠦᠭᠦᠨ ᠨᠣᠭᠤᠭᠠᠨ ᠥᠩᠭᠡ ᠶᠢᠨ ᠡᠯᠴᠢᠨ ᠂ ᠠᠮᠢ ᠠᠬᠤᠢ ᠶᠢᠨ | ᠬᠤᠰᠢᠭᠤᠴᠢ ᠪᠤᠯᠬᠤ ᠪᠠᠷ ᠴᠢᠷᠮᠠᠶᠢᠵᠤ ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠨᠣᠭᠤᠭᠠᠨ ᠥᠩᠭᠡ ᠨᠡᠮᠡᠷᠢᠯᠡᠵᠦ ᠂ ᠬᠥᠮᠥᠨ | ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ | ᠪᠢᠴᠢᠭᠯᠡᠬᠦ ᠶᠢ ᠤᠷᠢᠶᠠᠯᠠᠵᠤ ᠪᠠᠶᠢᠨ᠎ᠠ ᠭᠡᠵᠦ ᠴᠢᠬᠤᠯᠠᠴᠢᠯᠠᠪᠠ ᠃ | | 4 ᠰᠠᠷ᠎ᠠ ᠶᠢᠨ 3 ᠤ ᠡᠳᠦᠷ ᠂ ᠨᠠᠮ ᠪᠠ ᠲᠥᠷᠥ ᠶᠢᠨ ᠤᠳᠤᠷᠢᠳᠬᠤ ᠬᠥᠮᠥᠨ ᠰᠢ ᠶᠢᠨ ᠫᠢᠩ ᠂ ᠯᠢ ᠴᠢᠶᠠᠩ ᠂ ᠵᠣᠣ ᠯᠧ ᠵᠢᠢ ᠂ ᠸᠠᠩ ᠬᠤ᠋ ᠨᠢᠩ ᠂ ᠼᠠᠢ ᠴᠢ ᠂ | ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠨᠠᠷ ᠪᠡᠭᠡᠵᠢᠩ ᠬᠤᠲᠠ ᠶᠢᠨ ᠲᠦᠩᠵᠸᠦ ᠲᠣᠭᠤᠷᠢᠭ ᠤᠨ ᠯᠦᠴᠧᠩ ᠪᠠᠯᠭᠠᠰᠤᠨ ᠳᠤ ᠬᠦᠷᠴᠦ ᠂ ᠨᠡᠶᠢᠰᠯᠡᠯ ᠤᠨ | ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ ᠃ ᠵᠢᠷᠤᠭ ᠪᠣᠯ ᠰᠢ ᠶᠢᠨ ᠫᠢᠩ ᠤᠯᠠᠨ ᠲᠠᠢ ᠬᠠᠮᠲᠤ ᠮᠣᠳᠣ ᠲᠠᠷᠢᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠪᠡᠭᠡᠵᠢᠩ ᠤᠨ ᠬᠤᠳᠠ ᠶᠢᠨ ᠲᠡᠭᠦᠷᠭᠡ ᠳᠤ ᠬᠠᠪᠤᠷ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ ᠃ ᠦᠳᠡ ᠶᠢᠨ ᠡᠮᠦᠨᠡᠬᠢ 10 ᠴᠠᠭ 40 ᠮᠢᠨᠦ᠋ᠲ ᠤᠨ | ᠦᠶ᠎ᠡ ᠪᠠᠷ ᠨᠠᠮ ᠪᠠ ᠲᠥᠷᠥ ᠶᠢᠨ ᠤᠳᠤᠷᠢᠳᠬᠤ ᠬᠥᠮᠥᠨ ᠰᠢ ᠶᠢᠨ ᠫᠢᠩ ᠂ ᠯᠢ ᠴᠢᠶᠠᠩ ᠂ ᠵᠣᠣ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ | ᠯᠢ ᠰᠢ ᠂ ᠬᠠᠨ ᠵᠧᠩ ᠨᠠᠷ ᠬᠠᠮᠲᠤ ᠪᠠᠷ ᠮᠠᠰᠢᠨ ᠲᠡᠷᠭᠡᠨ ᠳᠤ ᠰᠠᠭᠤᠵᠤ ᠪᠡᠭᠡᠵᠢᠩ ᠬᠤᠲᠠ ᠶᠢᠨ ᠲᠦᠩᠵᠸᠦ ᠲᠣᠭᠤᠷᠢᠭ ᠤᠨ ᠯᠦᠴᠧᠩ ᠪᠠᠯᠭᠠᠰᠤᠨ ᠳᠤ ᠬᠦᠷᠴᠦ ᠂ | ᠨᠡᠶᠢᠰᠯᠡᠯ ᠤᠨ ᠣᠯᠠᠨ ᠲᠦᠮᠡᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ ᠃ | ᠮᠣᠳᠣ ᠲᠠᠷᠢᠬᠤ ᠭᠠᠵᠠᠷ ᠨᠢ ᠪᠡᠭᠡᠵᠢᠩ ᠬᠤᠳᠠ ᠶᠢᠨ ᠲᠦᠩᠵᠸᠤ ᠲᠣᠭᠤᠷᠢᠭ ᠪᠣᠯᠣᠨ ᠾᠧᠪᠧᠢ ᠮᠤᠵᠢ ᠶᠢᠨ ᠯᠠᠩᠹᠠᠩ ᠬᠤᠳᠠ ᠶᠢᠨ ᠬᠤᠶᠢᠲᠤ ᠭᠤᠷᠪᠠᠨ | ᠰᠢᠶᠠᠨ ᠤ ᠠᠭᠤᠯᠵᠠᠷ ᠲᠠᠬᠢ ᠴᠤᠤ ᠪᠠᠢ ᠾᠧ ᠭᠤᠣᠯ ᠤᠨ ᠬᠥᠪᠡᠭᠡᠨ ᠳᠠᠬᠢ ᠪᠡᠭᠡᠵᠢᠩ ᠾᠧᠪᠧᠢ ᠶᠢᠨ ᠠᠩᠬᠠᠳᠠᠭᠴᠢ ᠬᠢᠯᠢ ᠠᠯᠤᠰᠯᠠᠨ ᠬᠠᠮᠲᠤ ᠪᠠᠷ ᠪᠠᠶᠢᠭᠤᠯᠤᠭᠰᠠᠨ | ᠤᠢ ᠰᠢᠭᠤᠢ ᠶᠢᠨ ᠴᠡᠴᠡᠷᠯᠢᠭ ᠲᠤ ᠪᠠᠶᠢᠷᠢᠯᠠᠵᠤ ᠂ ᠤᠰᠤ ᠶᠢ ᠬᠠᠪᠢᠳᠠᠭᠰᠠᠨ ᠮᠠᠰᠢ ᠰᠠᠶᠢᠨ ᠠᠮᠢ ᠠᠬᠤᠢ ᠶᠢᠨ ᠨᠥᠬᠦᠴᠡᠯ ᠲᠠᠢ ᠶᠤᠮ ᠃ | ᠶᠡᠷᠦᠩᠬᠡᠢ ᠱᠦᠵᠢ ᠢᠷᠡᠭᠰᠡᠨ ᠢ ᠦᠵᠡᠭᠡᠳ ᠮᠣᠳᠣ ᠲᠠᠷᠢᠵᠤ ᠪᠠᠶᠢᠭᠰᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠲᠠᠢ ᠬᠠᠯᠠᠭᠤᠮᠰᠤᠭ ᠢᠶᠠᠷ ᠮᠡᠨᠳᠦᠴᠢᠯᠡᠪᠡ ᠃ | ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ ᠂ ᠬᠦᠷᠵᠡ ᠪᠠᠷᠢᠨ ᠮᠣᠳᠣ ᠲᠠᠷᠢᠬᠤ ᠭᠠᠵᠠᠷ ᠲᠤ ᠬᠦᠷᠴᠦ ᠂ ᠪᠡᠭᠡᠵᠢᠩ ᠬᠤᠳᠠ ᠂ ᠤᠯᠤᠰ ᠤᠨ ᠤᠢ | ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠨᠡᠶᠢᠰᠯᠡᠯ ᠤᠨ ᠺᠠᠳ᠋ᠷ ᠤᠯᠠᠨ ᠲᠦᠮᠡᠨ ᠂ ᠪᠠᠭᠠᠴᠤᠳ ᠤᠨ ᠬᠤᠰᠢᠭᠤᠴᠢ | ᠠᠩᠭᠢ ᠶᠢᠨ ᠭᠡᠰᠢᠭᠦᠳ ᠲᠠᠢ ᠬᠠᠮᠲᠤ ᠶᠠᠭᠠᠷᠠᠯᠳᠤᠵᠤ ᠡᠬᠢᠯᠡᠪᠡ ᠃ | ᠬᠦᠷᠵᠡ ᠪᠠᠷᠢᠨ ᠨᠦᠬᠡ ᠮᠠᠯᠲᠠᠵᠤ ᠂ ᠬᠦᠷᠢᠶᠡᠯᠡᠨ ᠬᠠᠰᠢᠵᠤ ᠂ ᠰᠠᠭᠤᠯᠠᠭ᠎ᠠ ᠳᠡᠭᠦᠵᠢᠯᠡᠨ ᠤᠰᠤ ᠵᠥᠭᠡᠭᠡᠨ᠎ᠡ ᠁ ᠰᠢ ᠶᠢᠨ ᠫᠢᠩ ᠨᠠᠷᠠᠰᠤᠨ ᠮᠣᠳᠣ ᠂ ᠰᠢᠷ᠎ᠠ | ᠴᠠᠶᠢᠷ ᠮᠣᠳᠣ ᠂ ᠬᠠᠲᠠᠭᠤ ᠴᠠᠭᠠᠨ ᠂ ᠢᠩᠲᠣᠣᠷ ᠂ ᠤᠯᠠᠭᠠᠨ ᠨᠠᠪᠴᠢᠲᠤ ᠪᠢᠨᠳᠡᠷ ᠴᠡᠴᠡᠭ ᠂ ᠬᠠᠪᠲᠠᠭᠠᠢ ᠠᠷᠴᠠ ᠵᠡᠷᠭᠡ ᠤᠯᠠᠨ ᠴᠢᠬᠢ ᠮᠣᠳᠣ ᠶᠢ ᠵᠠᠯᠭᠠᠭ᠎ᠠ ᠪᠠᠷ | ᠲᠠᠷᠢᠪᠠ ᠃ ᠰᠢ ᠶᠢᠨ ᠫᠢᠩ ᠮᠣᠳᠣ ᠳᠠᠷᠢᠬᠤ ᠶᠢᠨ ᠳᠠᠭᠠᠤ ᠬᠡᠦᠬᠡᠳ ᠤᠨ ᠰᠤᠷᠤᠯᠭ᠎ᠠ ᠠᠮᠢᠳᠤᠷᠠᠯ ᠂ ᠬᠥᠳᠡᠯᠮᠦᠷᠢᠯᠡᠵᠦ ᠳᠠᠪᠲᠠᠨ ᠪᠣᠯᠪᠠᠰᠤᠷᠠᠵᠤ ᠪᠠᠶᠢᠭ᠎ᠠ ᠪᠠᠶᠢᠳᠠᠯ ᠢ | ᠠᠰᠠᠭᠤᠪᠠ ᠃ ᠲᠡᠷᠡ ᠂ ᠥᠷᠭᠡᠨ ᠣᠯᠠᠨ ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠢ ᠮᠥᠨ ᠂ ᠬᠠᠷᠠᠬᠠᠨ ᠪᠠᠭ᠎ᠠ ᠠᠴᠠ ᠪᠠᠨ ᠭᠦᠳᠡᠯᠮᠦᠷᠢ ᠳᠤ | ᠢᠳᠡᠪᠬᠢᠲᠡᠢ ᠣᠷᠣᠯᠴᠠᠵᠤ ᠂ ᠮᠣᠳᠣ ᠳᠠᠷᠢᠵᠤ ᠣᠶᠢᠵᠢᠭᠤᠯᠤᠨ ᠂ ᠨᠣᠭᠤᠭᠠᠨ ᠦᠷ᠎ᠡ ᠶᠢ ᠰᠡᠳᠬᠢᠯ ᠳᠡᠭᠡᠨ ᠲᠠᠷᠢᠵᠤ ᠂ ᠪᠠᠶᠢᠭᠠᠯᠢ ᠶᠢ ᠬᠦᠨᠳᠦᠳᠬᠡᠬᠦ ᠂ ᠪᠠᠶᠢᠭᠠᠯᠢ ᠶᠢ | ᠬᠠᠶᠢᠷᠠᠯᠠᠬᠤ ᠤᠬᠠᠮᠰᠠᠷ ᠲᠠᠢ ᠪᠣᠯᠵᠤ ᠂ ᠰᠢᠷᠭᠠᠭᠤ ᠰᠤᠷᠤᠯᠴᠠᠵᠤ ᠂ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠵᠤ ᠂ ᠢᠳᠡᠷᠡᠭᠦᠨ ᠢᠶᠠᠷ ᠦᠰᠦᠨ ᠪᠤᠶᠢᠵᠢᠵᠤ ᠂ | ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠵᠡᠷᠭᠡ ᠪᠦᠭᠦ ᠲᠠᠯ᠎ᠠ ᠪᠠᠷ ᠬᠥᠭᠵᠢᠵᠦ ᠂ ᠤᠯᠤᠰ ᠤᠨ ᠨᠢᠷᠤᠭᠤ ᠲᠤᠯᠭᠠᠭᠤᠷᠢ | ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ ᠃ ᠮᠣᠳᠣ ᠲᠠᠷᠢᠬᠤ ᠲᠤᠬᠠᠢ ᠶᠢᠨ ᠲᠠᠯᠠᠪᠠᠢ ᠳᠤ ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠳᠡ ᠭᠦᠭ ᠲᠠᠢ | ᠬᠥᠳᠡᠯᠮᠦᠷᠢᠯᠡᠵᠡᠭᠡᠵᠦ ᠂ ᠤᠳᠤᠷᠢᠳᠬᠤ ᠨᠥᠬᠦᠳ ᠤᠯᠠᠨ ᠲᠠᠢ ᠬᠠᠮᠲᠤ ᠰᠢᠷᠣᠢ ᠨᠡᠮᠡᠨ ᠤᠰᠤ ᠬᠢᠵᠦ ᠂ ᠭᠦᠷ ᠬᠥᠭᠵᠢᠶᠡᠨ ᠲᠠᠢ ᠠᠵᠢᠯᠯᠠᠨ᠎ᠠ ᠃ | ᠮᠣᠳᠣ ᠲᠠᠷᠢᠬᠤ ᠬᠤᠭᠤᠴᠠᠭᠠᠨ ᠳᠤ ᠰᠢ ᠶᠢᠨ ᠫᠢᠩ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠪᠠ ᠃ ᠲᠡᠷᠡ ᠂ | ᠲᠥᠪ ᠬᠤᠷᠢᠶ᠎ᠠ ᠳᠤ ᠢᠷᠡᠵᠦ ᠠᠵᠢᠯᠯᠠᠭᠰᠠᠨ ᠤ ᠲᠠᠷᠠᠭ᠎ᠠ ᠨᠢᠭᠡᠨᠲᠡ 17 ᠵᠢᠯ ᠳᠠᠷᠠᠭᠠᠯᠠᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ | ᠣᠷᠣᠯᠴᠠᠵᠤ ᠪᠠᠶᠢᠨ᠎ᠠ ᠭᠡᠪᠡ ᠃ ᠲᠡᠷᠡ ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠤᠨ ᠮᠣᠳᠣ ᠲᠠᠷᠢᠬᠤ ᠡᠳᠦᠷ ᠢ ᠲᠣᠭᠲᠠᠭᠠᠭᠰᠠᠨ 45 ᠵᠢᠯ ᠤᠨ ᠤᠢ ᠪᠣᠯᠣᠨ᠎ᠠ ᠃ | ᠪᠦᠭᠦ ᠤᠯᠤᠰ ᠤᠨ ᠠᠷᠠᠳ ᠲᠦᠮᠡᠨ ᠮᠣᠳᠣ ᠲᠠᠷᠢᠵᠤ ᠣᠶᠢᠵᠢᠭᠤᠯᠬᠤ ᠶᠢ ᠪᠠᠷᠢᠮᠲᠠᠯᠠᠵᠤ ᠂ ᠬᠤᠪᠠᠭ᠋ᠠᠢ ᠠᠭᠤᠯᠠ ᠦᠵᠡᠰᠭᠦᠯᠡᠩ ᠰᠠᠶᠢᠬᠠᠨ ᠪᠣᠯᠵᠤ ᠂ ᠡᠯᠡᠰᠦ ᠮᠠᠩᠬ᠎ᠠ | ᠨᠣᠭᠤᠭᠠᠨ ᠪᠦᠷᠢᠳᠦ ᠪᠣᠯᠵᠤ ᠂ ᠣᠯᠣᠭᠰᠠᠨ ᠠᠮᠵᠢᠯᠲᠠ ᠪᠦᠲᠦᠭᠡᠯ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠠᠢ ᠃ ᠡᠭᠦᠨ ᠤ ᠬᠠᠮᠲᠤ ᠮᠠᠨ ᠤ ᠤᠯᠤᠰ ᠤᠨ ᠣᠶ | ᠰᠢᠭᠤᠢ ᠶᠢᠨ ᠨᠣᠭᠤᠭᠠᠷᠠᠭᠤᠯᠤᠯᠲᠠ ᠲᠤᠲᠠᠭᠳᠠᠵᠤ ᠪᠠᠶᠢᠭ᠎ᠠ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ ᠂ ᠣᠶ ᠰᠢᠭᠤᠢ ᠶᠢᠨ ︽ ᠡᠷᠳᠡᠨᠢ ᠶᠢᠨ ᠬᠥᠮᠥᠷᠭᠡ ︾ ᠶᠢᠨ | ᠦᠢᠯᠡᠳᠦᠯ ᠢ ᠭᠦᠢᠴᠡᠳ ᠪᠠᠳᠠᠷᠠᠭᠤᠯᠤᠭᠠᠳᠤᠢ ᠪᠠᠶᠢᠬᠤ ᠶᠢ ᠣᠯᠵᠤ ᠬᠠᠷᠠᠬᠤ ᠬᠡᠷᠡᠭᠲᠡᠢ ᠃ ᠨᠣᠭᠤᠭᠠᠷᠠᠭᠤᠯᠬᠤ ᠪᠣᠯ ᠳᠠᠷᠤᠢ ᠳᠠᠪᠠᠭᠤᠯᠢᠭ ᠢᠶᠠᠨ ᠨᠡᠮᠡᠭᠳᠡᠭᠦᠯᠵᠦ ᠪᠠᠶᠢᠭ᠎ᠠ | ᠶᠠᠪᠤᠳᠠᠯ ᠮᠥᠨ ᠂ ᠮᠣᠳᠣ ᠳᠠᠷᠢᠬᠤ ᠪᠣᠯ ᠢᠷᠡᠭᠡᠳᠦᠢ ᠶᠢ ᠳᠠᠷᠢᠵᠤ ᠪᠠᠶᠢᠭ᠎ᠠ ᠶᠠᠪᠤᠳᠠᠯ ᠮᠥᠨ ᠃ ᠨᠢᠭᠡ ᠨᠢᠭᠡ ᠡᠭᠡᠯᠵᠢ ᠪᠠᠷ ᠲᠠᠷᠢᠵᠤ ᠂ ᠦᠶ᠎ᠡ ᠶᠢᠨ ᠦᠶ᠎ᠡ ᠵᠠᠯᠭᠠᠮᠵᠢᠯᠠᠨ | ᠠᠵᠢᠯᠯᠠᠵᠤ ᠂ ᠮᠠᠨ ᠤ ︽ ᠨᠣᠮᠢᠨ ᠨᠣᠭᠤᠭᠠᠨ ᠬᠥᠷᠥᠩᠭᠡ ︾ ᠪᠠᠨ ᠲᠠᠰᠤᠷᠠᠯᠳᠠ ᠦᠭᠡᠢ ᠵᠤᠵᠠᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠨᠣᠭᠤᠭᠠᠷᠠᠭᠤᠯᠤᠯᠲᠠ ᠶᠢ ᠥᠷᠭᠡᠳᠬᠡᠵᠦ ᠂ ᠨᠣᠭᠤᠭᠠᠷᠠᠭᠤᠯᠤᠯᠲᠠ ᠶᠢ ᠬᠥᠭᠵᠢᠭᠦᠯᠵᠦ ᠂ | ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠬᠡᠷᠡᠭᠲᠡᠢ ᠃ ᠨᠣᠭᠤᠭᠠᠷᠠᠭᠤᠯᠤᠯᠲᠠ ᠶᠢ ᠥᠷᠭᠡᠳᠬᠡᠬᠦ ᠳᠤ ᠳᠠᠷᠤᠢ ᠶᠡᠭᠡ ᠬᠡᠪᠴᠢᠶᠡᠨ ᠤ | ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ ᠂ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠶᠢ | ᠳᠠᠷᠢᠵᠤ ᠂ ᠲᠣᠬᠢᠷᠠᠮᠵᠢᠲᠠᠢ ᠴᠠᠭ ᠲᠤ ᠲᠣᠬᠢᠷᠠᠮᠵᠢᠲᠠᠢ ᠠᠷᠭ᠎ᠠ ᠠᠪᠴᠤ ᠂ ᠨᠢᠭᠡ ᠰᠠᠭᠤᠷᠢ ᠳᠠᠷᠢᠪᠠᠯ ᠨᠢᠭᠡ ᠰᠠᠭᠤᠷᠢ ᠶᠢ ᠡᠳᠡᠭᠡᠭᠡᠵᠦ ᠂ ᠨᠢᠭᠡ ᠬᠡᠰᠡᠭ ᠣᠶᠢᠵᠢᠭᠤᠯᠪᠠᠯ | ᠨᠢᠭᠡ ᠬᠡᠰᠡᠭ ᠢ ᠨᠣᠭᠤᠭᠠᠷᠠᠭᠤᠯᠬᠤ ᠬᠡᠷᠡᠭᠲᠡᠢ ᠃ ᠨᠣᠭᠤᠭᠠᠷᠠᠭᠤᠯᠤᠯᠲᠠ ᠶᠢ ᠬᠥᠭᠵᠢᠭᠦᠯᠬᠦ ᠳᠤ ᠳᠠᠷᠤᠢ ᠶᠠᠰᠤ ᠴᠢᠨᠠᠷ ᠦᠷ᠎ᠡ ᠠᠰᠢᠭ ᠢ ᠴᠢᠬᠤᠯᠠᠴᠢᠯᠠᠵᠤ ᠂ ᠬᠥᠬᠡᠮᠳᠦᠭ | ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠤᠯᠭᠠᠬᠤ ᠠᠷᠭ᠎ᠠ ᠵᠠᠮ ᠢ ᠥᠷᠭᠡᠳᠬᠡᠵᠦ ᠂ ᠤᠢ ᠰᠢᠭᠤᠢ ︽ ᠤᠰᠤᠨ ᠴᠥᠭᠦᠷᠥᠮ ᠂ ᠵᠣᠭᠤᠰᠤᠨ | ᠬᠥᠮᠥᠷᠭᠡ ᠂ ᠠᠮᠤ ᠪᠤᠳᠠᠭᠠᠨ ᠤ ᠬᠥᠮᠥᠷᠭᠡ ᠂ ᠨᠡᠭᠦᠷᠡᠰᠦᠲᠥ᠋ᠷᠥᠭᠴᠢ ᠶᠢᠨ ᠬᠥᠮᠥᠷᠭᠡ ︾ ᠶᠢᠨ ᠨᠡᠩ ᠰᠠᠶᠢᠲᠤᠷ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠵᠤ ᠂ ᠠᠮᠢ | ᠠᠬᠤᠢ ᠶᠢᠨ ᠦᠷ᠎ᠡ ᠠᠰᠢᠭ ᠂ ᠠᠵᠤ ᠠᠬᠤᠢ ᠶᠢᠨ ᠦᠷ᠎ᠡ ᠠᠰᠢᠭ ᠂ ᠨᠡᠶᠢᠭᠡᠮ ᠤᠨ ᠦᠷ᠎ᠡ ᠠᠰᠢᠭ ᠤᠨ ᠨᠢᠭᠡᠳᠦᠯ ᠢ ᠪᠡᠶᠡᠯᠡᠭᠦᠯᠬᠦ ᠬᠡᠷᠡᠭᠲᠡᠢ ᠃ ᠨᠣᠭᠤᠭᠠᠷᠠᠭᠤᠯᠤᠯᠲᠠ ᠶᠢ | ᠬᠠᠮᠠᠭᠠᠯᠠᠬᠤ ᠳᠤ ᠳᠠᠷᠤᠢ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ ᠂ ᠲᠦᠢᠮᠡᠷ ᠢ ᠰᠡᠷᠭᠡᠶᠢᠯᠡᠨ ᠤᠨᠲᠠᠷᠠᠭᠠᠬᠤ | ᠠᠵᠢᠯ ᠢ ᠰᠠᠶᠢᠲᠤᠷ ᠬᠢᠵᠦ ᠂ ᠬᠦᠨᠳᠦ ᠶᠡᠭᠡ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ ᠂ ᠭᠢᠯᠪᠠᠷ ᠪᠤᠰᠤ ᠪᠠᠷ ᠣᠯᠣᠭᠰᠠᠨ | ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠃ ᠤᠮᠠᠷᠠᠲᠤ ᠶᠢᠨ ᠭᠤᠷᠪᠠᠨ ᠣᠷᠣᠨ ᠪᠣᠯ ᠤᠯᠤᠰ ᠤᠨ ᠨᠤᠲᠤᠭ | ᠳᠡᠪᠢᠰᠬᠡᠷ ᠤᠨ ᠨᠣᠭᠤᠭᠠᠷᠠᠭᠤᠯᠤᠯᠲᠠ ᠶᠢᠨ ᠭᠤᠣᠯ ᠲᠡᠶᠢᠨ ᠤ ᠲᠠᠯᠠᠪᠤᠷ ᠮᠥᠨ ᠂ ᠨᠠᠩ ᠣᠯᠠᠨ ᠬᠦᠴᠦᠨ ᠢ ︽ ᠤᠮᠠᠷᠠᠲᠤ ᠶᠢᠨ ᠭᠤᠷᠪᠠᠨ ᠣᠷᠣᠨ ︾ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠡᠭᠡᠷ᠎ᠡ ᠲᠥᠪᠯᠡᠷᠡᠭᠦᠯᠵᠦ ᠂ ᠤᠮᠠᠷᠠᠲᠤ ᠬᠢᠯᠢ ᠶᠢᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠪᠠᠲᠤ ᠴᠣᠭᠴᠠᠯᠠᠬᠤ | ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠃ ᠣᠯᠠᠨ ᠲᠦᠮᠡᠨ ᠤ | ᠣᠷᠤᠯᠴᠠᠬᠤ ᠠᠷᠭ᠎ᠠ ᠵᠠᠮ ᠢ ᠰᠢᠯᠤᠭᠤᠳᠬᠠᠵᠤ ᠂ ᠬᠠᠷᠢᠭᠤᠴᠠᠯᠭ᠎ᠠ ᠪᠠᠨ ᠭᠦᠢᠴᠡᠳᠬᠡᠬᠦ ᠭᠡᠯᠪᠡᠷᠢ ᠶᠢᠨ ᠰᠢᠨ᠎ᠡ ᠶᠢ ᠡᠭᠦᠳᠴᠦ ᠂ ᠣᠶ ᠶᠢᠨ ᠳᠠᠷᠤᠭ᠎ᠠ ᠶᠢᠨ ᠳᠦᠷᠢᠮ ᠤᠨ | ᠦᠢᠯᠡᠳᠦᠯ ᠢ ᠰᠠᠶᠢᠲᠤᠷ ᠪᠠᠳᠠᠷᠠᠭᠤᠯᠵᠤ ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ ᠂ ᠪᠦᠭᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠤᠨ | ᠲᠠᠰᠤᠷᠠᠯᠲᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠂ | ᠲᠦᠷᠦ ᠶᠢᠨ ᠶᠠᠪᠤᠳᠠᠯ ᠤᠨ ᠭᠡᠰᠢᠭᠦᠨ ᠨᠠᠷ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ ᠃ | | | |