| 4 ᠰᠠᠷ᠎ᠠ ᠶᠢᠨ 2 ᠤᠨ ᠡᠳᠦᠷ ᠂ 2024 ᠣᠨ ᠤ ᠪᠥᠬᠦ ᠬᠤᠰᠢᠭᠤᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠪᠠ ᠃ | ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠨ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠳᠤᠭᠤᠰᠢᠯᠠᠭᠤᠯᠵᠤ ᠂ ᠪᠦᠬᠦ ᠤᠯᠤᠰ ᠂ ᠪᠦᠬᠦ ᠣᠷᠣᠨ ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠭᠡᠯᠳᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ | ᠵᠢᠷᠭᠤᠳᠤᠭᠠᠷ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ 2023 ᠣᠨ ᠤ ᠵᠣᠬᠢᠶᠠᠨ ᠪᠠᠶᠢᠭᠤᠯᠬᠤ | ᠠᠵᠢᠯ ᠢ ᠡᠷᠭᠢᠴᠡᠭᠦᠯᠦᠨ ᠳ᠋ᠦᠩᠨᠡᠵᠦ ᠂ 2024 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠴᠢᠬᠤᠯᠠᠴᠢᠯᠠᠬᠤ ᠳᠠᠭᠠᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠨ ᠂ ᠦᠢᠯᠡᠳᠦᠯᠭᠡ ᠪᠠᠨ ᠵᠢᠯᠣᠭᠤᠳᠤᠭᠤᠯᠵᠤ ᠂ ᠠᠵᠢᠯ ᠢᠶᠠᠨ ᠠᠬᠢᠭᠤᠯᠤᠨ ᠂ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠠ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ | ᠭᠦᠨᠵᠡᠭᠡᠢ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠡᠨᠡᠬᠦ ᠭᠤᠣᠯ ᠰᠢᠵᠢᠮ ᠲᠠᠢ | ᠨᠢᠭᠲᠠ ᠤᠶᠠᠯᠳᠤᠭᠤᠯᠤᠨ ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠬᠦᠴᠦᠯᠡᠨ ᠴᠢᠩᠭᠠᠳᠬᠠᠵᠤ ᠂ ᠺᠠᠳ᠋ᠷᠴᠤᠳ ᠤᠨ ᠠᠵᠢᠯ ᠤᠨ︽ ᠳᠦᠷᠪᠡᠨ | ᠲᠦᠪᠰᠢᠨ︾ ᠢ ᠳᠡᠭᠡᠭᠰᠢᠯᠡᠭᠦᠯᠤᠨ ᠂ ᠴᠢᠳᠠᠪᠤᠷᠢᠲᠠᠨ ᠤ ᠠᠵᠢᠯ ᠤᠨ︽ ᠳᠠᠪᠤᠨ ᠶᠡᠭᠡ ᠳᠤᠬᠳᠠᠯᠴᠠᠭ᠎ᠠ︾ ᠶᠢ ᠪᠠᠶᠢᠭᠤᠯᠵᠤ ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ︽ᠵᠢᠷᠭᠤᠭᠠᠨ ᠳᠦᠷᠤᠯ ᠤᠨ ᠠᠵᠢᠯᠯᠠᠭ᠎ᠠ︾ ᠶᠢ ᠬᠡᠷᠡᠭᠵᠢᠭᠦᠯᠬᠦ ᠭᠡᠷᠡᠭᠳᠡᠢ ᠃ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ | ᠠᠮᠠᠷᠠᠭᠰᠠᠨ ᠺᠠᠳ᠋ᠷᠴᠤᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ ᠂ ︽ᠬᠤᠶᠠᠷ ᠬᠠᠷᠢᠴᠠᠯᠠᠰᠢᠭᠦᠢ ︾ ᠵᠢᠱᠢᠶᠡᠴᠢ ᠰᠠᠯᠠᠭ᠎ᠠ | ᠮᠥᠴᠢᠷ ᠪᠣᠯᠣᠨ ᠰᠢᠯᠭᠠᠷᠠᠭᠰᠠᠨ ᠡᠩᠨᠡᠭᠡ ᠶᠢ ᠦᠷᠭᠦᠯᠵᠢᠯᠡᠨ ᠪᠠᠶᠢᠭᠤᠯᠵᠤ ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠤᠨ ᠂ ᠡᠭᠦᠷᠭᠡ | ᠬᠠᠷᠢᠭᠤᠴᠠᠯᠭ᠎ᠠ ᠪᠠᠨ ᠴᠢᠩᠭᠠᠳᠬᠠᠵᠤ ᠂ ︽ ᠲᠦᠷᠭᠡᠨ ᠤᠷᠤᠬᠰᠢᠯᠠᠨ᠂ ᠲᠡᠷᠢᠭᠦᠨ ᠤ ᠬᠢ ᠪᠤᠯᠬᠤ ᠪᠠᠷ ᠲᠡᠮᠡᠴᠡᠵᠤ ᠂ ᠬᠤᠪᠢ ᠨᠡᠮᠡᠷᠢ ᠦᠵᠡᠭᠦᠯᠬᠦ︾ ᠲᠡᠮᠡᠴᠡᠯ ᠤᠨ ᠳᠦᠷᠬᠦ | ᠪᠠᠶᠢᠳᠠᠯ ᠢᠶᠠᠷ ᠂ ᠬᠦᠨᠳᠦ ᠪᠦᠭᠡᠳ ᠳᠤᠮᠤ ᠡᠭᠦᠷᠭᠡ ᠶᠢ ᠡᠭᠦᠷᠭᠡᠯᠡᠵᠦ ᠂ ᠡᠮᠤᠨ᠎ᠠ ᠡᠩᠨᠡᠭᠡᠨ ᠳᠤ ᠤᠷᠤᠵᠤ ᠂ ᠣᠳᠣᠬᠢᠴᠢᠯᠠᠬᠰᠠᠨ ᠵᠡᠭᠦᠨᠭᠠᠷ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠠ᠃ | ᠬᠤᠷᠠᠯ ᠳᠡᠭᠡᠷ᠎ᠡ᠂ ᠱᠢ ᠡᠯ ᠯᠢᠶᠠᠨ ᠴᠧᠩ ᠰᠢᠶᠠᠩ ᠂ ᠳ᠋ᠠ ᠯᠦ ᠪᠠᠯᠭᠠᠰᠤ ᠂ ᠶᠢᠩ ᠽᠧ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠵᠡᠭᠦᠨᠭᠠᠷ | ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠢ ᠳ᠋ᠦᠩ ᠡᠬᠢ ᠪᠠᠶᠠᠯᠢᠭ ᠤᠨ ᠪᠦᠯᠦᠭᠯᠡᠯ ᠤᠨ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠤᠰ ᠲᠤᠰ ᠰᠠᠨᠠᠯ ᠢᠶᠠᠨ ᠰᠣᠯᠢᠯᠴᠠᠬᠤ ᠦᠭᠡ ᠶᠠᠷᠢᠵᠠᠢ᠃ | | | | |