| ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠶᠠᠪᠤᠳᠠᠯ ᠨᠢ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠬᠤᠯᠪᠣᠭᠳᠠᠨ ᠂ ᠤᠯᠠᠨ | ᠲᠦᠮᠡᠨ ᠤ ᠳᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠲᠠᠢ ᠬᠤᠯᠪᠣᠭᠳᠠᠵᠤ ᠪᠠᠶᠢᠳᠠᠭ ᠃ | ᠡᠶᠢᠮᠤ ᠶᠢᠨ ᠲᠤᠯᠠᠳᠠ᠂ ᠵᠡᠭᠦᠨᠭᠠᠷ ᠬᠤᠰᠢᠭᠤᠨ ᠤ ᠵᠡᠭᠦᠨᠭᠠᠷ ᠵᠠᠰᠠᠭ ᠲᠠᠷᠬᠠᠭᠠᠭᠰᠠᠨ︽ 2024 ︾ 1 ᠲᠣᠭᠠᠲᠤ ᠪᠢᠴᠢᠭ ᠮᠠᠲ᠋ᠧᠷᠢᠶᠠᠯ ᠨᠢ ᠥᠩᠭᠡᠷᠡᠭᠰᠡᠨ ᠤ ᠭᠠᠵᠠᠷ | ᠰᠢᠷᠣᠢ ᠶᠢ ᠲᠠᠲᠠᠪᠤᠷᠢᠯᠠᠬᠤ ᠶᠠᠪᠤᠴᠠ ᠳᠠᠬᠢ ︽ᠲᠦᠭᠵᠢᠷᠡᠯ︾ ᠳᠤ ᠰᠢᠭᠤᠳ ᠴᠣᠬᠢᠯᠲᠠ ᠥᠭᠴᠦ ᠂ ᠭᠠᠵᠠᠷ ᠰᠢᠷᠣᠢ ᠶᠢ ᠲᠠᠲᠠᠪᠤᠷᠢᠯᠠᠬᠤ ᠲᠣᠭᠲᠠᠭᠠᠯ ᠤᠨ︽ᠬᠠᠲᠠᠭᠤ | ᠦᠨᠳᠦᠰᠦᠯᠡᠯ︾ ᠪᠤᠯᠤᠬᠰᠠᠨ ᠪᠥᠭᠡᠳ ᠪᠠᠰᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠬᠰᠠᠨ ︽ᠪᠣᠳᠠᠲᠠᠢ ᠠᠷᠭ᠎ᠠ ᠬᠡᠮᠵᠢᠶ᠎ᠡ︾ ᠪᠤᠯᠵᠤ ᠂ ᠤᠷᠢᠳᠠᠪᠠᠷ ᠲᠠᠲᠠᠪᠤᠷᠢᠯᠠᠬᠤ | ᠪᠠ ᠳᠠᠷᠠᠭ᠎ᠠ ᠨᠢ ᠲᠠᠲᠠᠪᠤᠷᠢᠯᠠᠬᠤ ᠨᠢ ᠨᠢᠭᠡ ᠯᠡ ᠠᠳᠠᠯᠢ ᠂ ᠡᠷᠦᠬᠡ ᠪᠦᠷᠢ ᠨᠢᠭᠡ ᠯᠡ ᠠᠳᠠᠯᠢ ᠂ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠨᠥᠬᠦᠪᠦᠷᠢ ᠶᠢ ᠨᠡᠩ | ᠳᠦᠪ ᠭᠤᠣᠯᠴᠢ ᠂ ᠨᠡᠩ ᠢᠯᠡ ᠲᠣᠳᠣ ᠪᠣᠯᠭᠠᠵᠤ ᠂ ᠭᠠᠵᠠᠷ ᠰᠢᠷᠣᠢ ᠶᠢ ᠨᠢ ᠲᠠᠲᠠᠪᠤᠷᠢᠯᠠᠭᠰᠠᠨ ᠠᠷᠠᠳ ᠤᠯᠠᠨ ᠤ ᠰᠡᠳᠬᠢᠯ ᠢ ᠲᠠᠶᠢᠪᠤᠰᠢᠷᠠᠭᠤᠯᠤᠬᠰᠠᠨ ᠪᠠᠶᠢᠨ᠎ᠠ᠃ | ᠭᠠᠵᠠᠷ ᠰᠢᠷᠣᠢ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠤᠨ ᠳᠤᠭᠤᠶᠢᠯᠠᠩ ᠤᠨ ᠬᠢᠨ ᠢ ᠳᠠᠭᠠᠵᠤ ᠂ ᠪᠢᠳᠡ ᠵᠡᠭᠦᠨᠭᠠᠷ ᠵᠤᠤ ᠪᠠᠯᠭᠠᠰᠤᠨ ᠤ ᠬᠤᠸᠠ ᠵᠢᠶᠠᠨ | ᠲᠣᠰᠬᠤᠨ ᠤ ᠤᠣ ᠵᠢᠶᠠ ᠭᠧᠦ ᠬᠤᠷᠰᠢᠶ᠎ᠠ ᠶᠢᠨ ᠭᠠᠵᠠᠷ ᠰᠢᠷᠣᠢ ᠲᠠᠲᠠᠪᠤᠷᠢᠯᠠᠭᠰᠠᠨ ᠲᠣᠰᠬᠤᠨ ᠤ ᠠᠷᠠᠳ ᠤᠣ ᠯᠢ ᠵᠢᠶᠦ᠋ᠨ ᠤ ᠭᠡᠷ ᠲᠤ ᠬᠦᠷᠴᠤ ᠂ ᠭᠠᠵᠠᠷ ᠰᠢᠷᠣᠢ | ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠤᠨ ᠳᠤᠭᠤᠶᠢᠯᠠᠩ ᠤᠨ ᠬᠢᠨ ᠠᠮᠠᠯᠠᠯᠲᠠ ᠶᠢᠨ ᠪᠢᠴᠢᠭ ᠪᠠ ᠮᠡᠳᠡᠭᠳᠡᠬᠦ ᠪᠢᠴᠢᠭ ᠢ ᠬᠦᠷᠭᠡᠨ ᠦᠭᠴᠤ ᠂ ᠤᠣ ᠯᠢ | ᠵᠢᠶᠦ᠋ᠨ ᠲᠠᠢ ᠲᠠᠲᠠᠪᠤᠷᠢᠯᠠᠨ ᠨᠤᠷᠠᠭᠠᠵᠤ ᠨᠡᠭᠦᠯᠭᠡᠬᠦ ᠤᠴᠢᠷ ᠶᠠᠪᠤᠳᠠᠯ ᠢ ᠨᠢᠭᠤᠷᠳᠠᠨ ᠵᠥᠪᠳᠡᠯᠴᠡᠩᠰᠡᠨ ᠪᠥᠭᠡᠳ ᠭᠠᠵᠠᠷ ᠰᠢᠷᠣᠢ ᠶᠢᠨ ᠬᠡᠮᠵᠢᠯᠲᠡ ᠵᠢᠴᠢ ᠳᠠᠭᠠᠯᠲᠠ | ᠪᠣᠳᠠᠰ ᠤᠨ ᠨᠠᠷᠢᠨ ᠲᠠᠩᠰᠠ ᠳᠤ ᠭᠠᠷ ᠤᠨ ᠦᠰᠦᠭ ᠵᠢᠷᠤᠵᠤ ᠨᠤᠲᠠᠯᠠᠭᠤᠯᠪᠠ᠃ | ︽ᠬᠤᠰᠢᠭᠤᠨ ᠠᠴᠠ ᠭᠠᠷᠭᠠᠭᠰᠠᠨ ᠡᠨᠡᠬᠦ ᠪᠢᠴᠢᠭ ᠮᠠᠲ᠋ᠧᠷᠢᠶᠠᠯ ᠳᠤ ᠪᠢᠳᠡ ᠮᠠᠰᠢ ᠰᠡᠳᠬᠢᠯ ᠬᠠᠨᠤᠮᠵᠢᠲᠠᠶ ᠪᠠᠶᠢᠨ᠎ᠠ ᠂ ᠬᠤᠰᠢᠭᠤᠨ ᠤ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠭᠠᠷᠴᠤ ᠢᠷᠡᠭᠰᠡᠨ ᠤ ᠳᠠᠷᠠᠭ᠎ᠠ ᠂ ᠲᠣᠰᠬᠤᠨ ᠤ ᠠᠷᠠᠳ ᠬᠤᠵᠢᠭᠤ ᠭᠠᠷ ᠤᠨ ᠥᠰᠥᠭ ᠵᠢᠷᠤᠬᠤ ᠡᠷᠲᠡ ᠭᠠᠷ ᠤᠨ ᠥᠰᠥᠭ ᠵᠢᠷᠤᠬᠤ ᠨᠢ ᠨᠢᠭᠡ ᠯᠠ | ᠠᠳᠠᠯᠢᠬᠠᠨ ᠭᠡᠵᠦ ᠦᠵᠡᠵᠦ ᠪᠠᠶᠢᠨ᠎ᠠ ᠂ ᠡᠨᠡ ᠬᠦ ᠪᠢᠴᠢᠭ ᠮᠠᠲ᠋ᠧᠷᠢᠶᠠᠯ ᠢᠶᠠᠷ ᠳᠠᠮᠵᠢᠭᠤᠯᠤᠨ ᠡᠷᠬᠡ ᠲᠡᠭᠰᠢ ᠂ ᠲᠥᠪ ᠭᠤᠥᠯᠴᠢ ᠂ ᠢᠯᠡ ᠪᠠᠶᠢᠯᠭᠠᠬᠤ ᠶᠢ ᠪᠡᠶᠡᠯᠡᠭᠦᠯᠵᠦ ᠂ | ᠵᠠᠰᠠᠭ ᠤᠨ ᠣᠷᠳᠣᠨ ᠠᠴᠠ ᠪᠢᠳᠡᠨ ᠳᠤ ᠠᠮᠠᠯᠠᠯᠲᠠ ᠶᠢᠨ ᠪᠢᠴᠢᠭ ᠂ ᠮᠡᠳᠡᠭᠳᠡᠯ ᠤᠨ ᠪᠢᠴᠢᠭ ᠲᠤ ᠭᠠᠷ ᠤᠨ ᠥᠰᠥᠭ ᠵᠢᠷᠤᠵᠤ ᠂ ᠮᠠᠨ ᠤ ᠲᠣᠰᠬᠤᠨ ᠤ ᠠᠷᠠᠳ ᠤᠨ | ᠡᠷᠬᠡ ᠠᠰᠢᠭ ᠢ ᠲᠡᠷᠢᠭᠦᠨ ᠪᠠᠶᠢᠷᠢᠨ ᠳᠤ ᠲᠠᠯᠪᠢᠭᠰᠠᠨ ᠪᠠᠶᠢᠨ᠎ᠠ ︾ ᠭᠡᠵᠦ ᠲᠣᠰᠬᠤᠨ ᠤ ᠠᠷᠠᠳ ᠤᠣ ᠯᠢ ᠵᠢᠶᠦ᠋ᠨ ᠶᠠᠷᠢᠨ᠎ᠠ᠃ | ᠠᠷᠠᠳ ᠤᠨ ᠠᠮᠢᠳᠤᠷᠠᠯ ᠤᠨ ᠰᠢᠯᠭᠠᠯᠲᠠ ᠶᠢᠨ ᠬᠠᠭᠤᠳᠠᠰᠤ ᠶᠢ ᠰᠠᠶᠢᠲᠤᠷ ᠬᠠᠷᠢᠭᠤᠯᠵᠤ ᠂ ᠠᠷᠠᠳ ᠤᠯᠠᠨ ᠤ ᠰᠡᠳᠬᠢᠯ ᠢ ᠤᠯᠤᠨ᠎ᠠ᠃ ᠭᠠᠵᠠᠷ ᠰᠢᠷᠣᠢ | ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠤᠨ ᠳᠤᠮᠳᠠ ᠂ ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠬᠤ ᠪᠣᠯ ᠬᠠᠷᠢᠭᠤᠯᠲᠠ ᠮᠥᠨ ᠂ ᠭᠠᠵᠠᠷ ᠰᠢᠷᠣᠢ ᠶᠢᠨ | ᠬᠡᠮᠵᠢᠶ᠎ᠡ ᠶᠢ ᠬᠡᠮᠵᠢᠬᠦ ᠪᠣᠯ ᠵᠠᠩᠭᠢᠯᠠᠭ᠎ᠠ ᠮᠥᠨ ᠃ ᠡᠷᠦᠬᠡ ᠳᠤ ᠬᠦᠷᠬᠦ ᠪᠤᠯᠭᠠᠨ ᠬᠡᠮᠵᠢᠭᠴᠢ ᠠᠴᠠ ᠴᠥᠮ ᠭᠠᠵᠠᠷ ᠰᠢᠷᠣᠢ ᠶᠢ ᠲᠤᠬᠠᠢ ᠶᠢᠨ ᠭᠠᠵᠠᠷ ᠲᠤᠨᠢ ᠬᠡᠮᠵᠢᠬᠦ ᠶᠢᠨ | ᠬᠠᠮᠲᠤ ᠬᠡᠮᠵᠢᠨ ᠵᠢᠷᠤᠬᠤ ᠠᠵᠢᠯ ᠤᠨ ᠵᠢᠷᠤᠭ ᠢ ᠵᠢᠷᠤᠳᠠᠭ ᠃ ᠭᠠᠵᠠᠷ ᠰᠢᠷᠣᠢ ᠲᠠᠲᠠᠪᠤᠷᠢᠯᠠᠬᠤ ᠰᠢᠨ᠎ᠡ ᠲᠥᠷᠥ ᠶᠢᠨ ᠪᠣᠳᠣᠯᠭ᠎ᠠ ᠳᠤᠬᠳᠠᠭᠠᠬᠤ ᠠᠴᠠ ᠭᠠᠵᠠᠷ ᠰᠢᠷᠣᠢ | ᠲᠠᠲᠠᠪᠤᠷᠢᠯᠠᠬᠤ ᠵᠢᠵᠢᠭ ᠰᠠᠵᠢᠭ ᠵᠦᠢᠯ ᠬᠦᠷᠲᠡᠯ᠎ᠡ ᠂ ᠵᠡᠭᠦᠨᠭᠠᠷ ᠬᠤᠰᠢᠭᠤ ᠨᠢᠭᠡ ᠯᠡ ᠪᠠᠷᠢᠮᠵᠢᠶ᠎ᠠ ᠪᠠᠷ ᠡᠴᠦᠰ ᠲᠤᠨᠢ ᠲᠤᠯᠲᠠᠯ᠎ᠠ ᠬᠡᠮᠵᠢᠬᠦ ᠶᠢ ᠪᠠᠷᠢᠮᠲᠠᠯᠠᠵᠤ ᠂ ᠭᠠᠵᠠᠷ | ᠰᠢᠷᠣᠢ ᠲᠠᠲᠠᠪᠤᠷᠢᠯᠠᠬᠤ ᠠᠵᠢᠯ ᠤᠨ ᠪᠥᠬᠦ ᠶᠠᠪᠤᠴᠠ ᠶᠢ ᠢᠯᠡ ᠪᠣᠯᠭᠠᠵᠤ ᠂ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠡᠷᠦᠬᠡ ᠨᠢᠭᠡᠪᠦᠷᠢ ᠶᠢᠨ ᠰᠡᠳᠬᠢᠯ ᠳᠤ ᠴᠥᠮ | ︽ ᠲᠣᠳᠣᠷᠬᠠᠢ ᠲᠠᠩᠰᠠ ︾ ᠲᠠᠢ ᠪᠣᠯᠭᠠᠵᠠᠢ ᠃ | ᠵᠡᠭᠦᠨᠭᠠᠷ ᠵᠤᠤ ᠪᠠᠯᠭᠠᠰᠤ ᠶᠢᠨ ᠬᠦᠨ ᠭᠤᠤ ᠨᠡᠭᠦᠷᠡᠰᠦᠨ ᠠᠭᠤᠷᠬᠠᠢ ᠶᠢᠨ ᠬᠤᠷᠠᠯ ᠤᠨ ᠭᠡᠷ ᠲᠤ ᠂ ᠵᠡᠭᠦᠨᠭᠠᠷ ᠵᠤᠤ ᠪᠠᠯᠭᠠᠰᠤ ᠶᠢᠨ ᠭᠠᠵᠠᠷ ᠲᠠᠲᠠᠪᠤᠷᠢᠯᠠᠨ | ᠨᠤᠷᠠᠭᠠᠵᠤ ᠨᠡᠭᠦᠯᠭᠡᠬᠦ ᠠᠵᠢᠯ ᠤᠨ ᠳᠤᠭᠤᠶᠢᠯᠠᠩ ᠤᠨ ᠬᠢᠨ ᠠᠵᠢᠯ ᠤᠨ ᠲᠣᠭᠲᠠᠮᠠᠯ ᠬᠤᠷᠠᠯ ᠬᠤᠷᠠᠯᠳᠤᠭᠤᠯᠵᠤ ᠂ ᠠᠵᠢᠯ ᠤᠨ ᠠᠬᠢᠴᠠ ᠶᠢᠨ ᠪᠠᠶᠢᠳᠠᠯ ᠢ | ᠬᠤᠷᠢᠶᠠᠩᠭᠤᠶᠢᠯᠠᠵᠤ ᠂ ᠪᠣᠳᠠᠲᠠᠢ ᠠᠵᠢᠯ ᠢ ᠪᠠᠶᠢᠷᠢᠯᠠᠭᠤᠯᠤᠨ ᠲᠣᠬᠢᠷᠠᠭᠤᠯᠵᠤ ᠪᠠᠶᠢᠯ᠎ᠠ᠃ | ︽ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠴᠠ ᠨᠠᠭᠠᠰᠢ ᠂ ᠵᠡᠭᠦᠨᠭᠠᠷ ᠵᠣᠣ ᠪᠠᠯᠭᠠᠰᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ | ᠭᠠᠵᠠᠷ ᠰᠢᠷᠣᠢ ᠲᠠᠲᠠᠪᠤᠷᠢᠯᠠᠬᠤ ᠠᠵᠢᠯ ᠢ ᠪᠥᠬᠦ ᠪᠠᠯᠭᠠᠰᠤᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ ᠂ ᠪᠥᠬᠦ ᠪᠠᠯᠭᠠᠰᠤᠨ ᠤ ᠬᠦᠴᠦᠨ ᠢ | ᠳᠠᠶᠢᠴᠢᠯᠠᠨ ᠱᠠᠯᠠᠪᠳᠠᠨ ᠨᠠᠶᠢᠳᠠᠪᠤᠷᠢᠵᠢᠭᠤᠯᠪᠠ ᠃ ᠠᠵᠢᠯ ᠢ ᠥᠷᠨᠢᠭᠦᠯᠦᠭᠰᠡᠨ ᠠᠴᠠ ᠨᠠᠭᠠᠰᠢ ᠂ ᠰᠢᠯᠢᠳᠡᠭ ᠬᠦᠴᠦᠨ ᠢ ᠲᠠᠲᠠᠵᠤ ᠂ ᠲᠤᠰᠬᠠᠢ ᠮᠡᠷᠭᠡᠵᠢᠯ ᠤᠨ ᠡᠩᠨᠡᠭᠡ ᠶᠢ | ᠵᠣᠬᠢᠶᠠᠨ ᠪᠠᠶᠢᠭᠤᠯᠵᠤ ᠂ ᠠᠬᠤᠢ ᠳᠠᠯᠠᠪᠠᠢ ᠳᠤ ᠠᠯᠪᠠᠯᠠᠭᠤᠯᠤᠨ ᠂ ᠡᠷᠦᠬᠡ ᠶᠢ ᠳᠠᠭᠠᠭᠠᠴᠢᠯᠠᠬᠤ ᠳᠦᠷᠢᠮ ᠂ ᠠᠮᠠᠯᠠᠯᠲᠠ ᠶᠢᠨ ᠳᠦᠷᠢᠮ ᠂ ᠮᠡᠳᠡᠭᠳᠡᠬᠦ ᠳᠦᠷᠢᠮ ᠢ | ᠪᠣᠳᠠᠲᠠᠢ ᠪᠠᠷ ᠬᠡᠷᠡᠭᠵᠢᠭᠦᠯᠵᠦ ᠂ ᠬᠤᠰᠢᠭᠤ ᠂ ᠪᠠᠯᠭᠠᠰᠤᠨ ᠤ ᠬᠥᠮᠥᠰ ᠢ ᠨᠡᠶᠢᠯᠡᠭᠦᠯᠵᠦ ᠪᠠᠶᠢᠭᠠᠳ ᠳᠤᠭᠤᠶᠢᠯᠠᠩ ᠬᠤᠪᠢᠶᠠᠨ ᠡᠷᠦᠬᠡ ᠶᠢ ᠳᠠᠭᠠᠭᠠᠴᠢᠯᠠᠭᠤᠯᠵᠤ ᠂ | ᠲᠠᠲᠠᠪᠤᠷᠢᠯᠠᠨ ᠨᠡᠭᠦᠯᠭᠡᠬᠦ ᠡᠷᠦᠬᠡ ᠲᠠᠢ ᠡᠳᠦᠷ ᠲᠤ ᠨᠢᠭᠡ ᠤᠳᠠᠭ᠎ᠠ ᠤᠶᠢᠯᠠᠭᠠᠯᠴᠠᠨ ᠨᠡᠪᠲᠡᠷᠡᠯᠴᠡᠭᠰᠡᠨ ᠪᠠᠶᠢᠨ᠎ᠠ ︔ ᠠᠵᠢᠯᠯᠠᠬᠤ ᠳᠤᠭᠤᠶᠢᠯᠠᠩ ᠪᠣᠯᠣᠨ ᠭᠠᠵᠠᠷ ᠬᠡᠷᠡᠭᠯᠡᠬᠦ | ᠨᠢᠭᠡᠴᠢ ᠬᠤᠶᠠᠷ ᠲᠠᠯ᠎ᠠ ᠪᠠᠷ ᠢᠶᠠᠨ ᠠᠮᠠᠯᠠᠯᠳᠠ ᠬᠢᠵᠤ ᠂ ᠭᠠᠵᠠᠷ ᠰᠢᠷᠣᠢ ᠲᠠᠲᠠᠪᠤᠷᠢᠯᠠᠭᠳᠠᠬᠰᠠᠨ ᠡᠷᠦᠬᠡ ᠲᠠᠢ ᠨᠢᠭᠤᠷᠲᠠᠨ ᠠᠮᠠᠯᠠᠯᠲᠠ ᠶᠢᠨ ᠪᠢᠴᠢᠭ ᠲᠤ ᠭᠠᠷ ᠤᠨ | ᠥᠰᠥᠭ ᠵᠢᠷᠤᠭᠤᠯᠪᠠ ︔ ᠡᠷᠦᠬᠡ ᠳᠤ ᠬᠦᠷᠴᠤ ᠲᠣᠰᠬᠤᠨ ᠤ ᠠᠷᠠᠳ ᠲᠤ ᠭᠠᠵᠠᠷ ᠰᠢᠷᠣᠢ ᠲᠠᠲᠠᠪᠤᠷᠢᠯᠠᠬᠤ ᠶᠠᠪᠤᠴᠠ ᠶᠢ ᠲᠣᠳᠣᠷᠬᠠᠢ ᠲᠠᠶᠢᠯᠪᠤᠷᠢᠯᠠᠨ ᠥᠭᠴᠦ ᠂ | ᠭᠠᠵᠠᠷ ᠰᠢᠷᠣᠢ ᠲᠠᠲᠠᠪᠤᠷᠢᠯᠠᠬᠤ ᠡᠭᠦᠷᠭᠡ ᠶᠢ ᠲᠣᠳᠣᠷᠬᠠᠶᠢᠯᠠᠨ ᠥᠭᠴᠦ ᠂ ᠮᠡᠳᠡᠭᠳᠡᠵᠦ ᠪᠤᠴᠠᠭᠠᠨ ᠭᠡᠷᠡᠭᠵᠢᠬᠦᠯᠬᠦ ᠪᠢᠴᠢᠭ ᠳᠡᠭᠡᠷ᠎ᠠ ᠨᠢᠭᠤᠷᠲᠠᠨ ᠭᠠᠷ ᠤᠨ ᠥᠰᠥᠭ | ᠵᠢᠷᠤᠭᠤᠯᠤᠨ ᠂ ᠭᠠᠵᠠᠷ ᠰᠢᠷᠣᠢ ᠲᠠᠲᠠᠪᠤᠷᠢᠯᠠᠬᠤ ᠬᠦᠴᠢᠷ ᠠᠰᠠᠭᠤᠳᠠᠯ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠨ ᠂ ᠪᠥᠬᠦ ᠶᠠᠪᠤᠴᠠ ᠶᠢ ᠢᠯᠡ ᠲᠣᠳᠣ | ᠪᠠᠶᠢᠯᠭᠠᠬᠤ ᠶᠢ ᠪᠠᠲᠤᠯᠠᠵᠤ ᠂ ᠠᠵᠤ ᠠᠬᠤᠶᠢᠯᠠᠯ ᠤᠨ ᠬᠢᠨᠢ ᠰᠠᠨᠠᠭ᠎ᠠ ᠠᠮᠤᠷ ᠪᠠᠶᠢᠯᠭᠠᠨ ᠂ ᠣᠯᠠᠨ ᠲᠦᠮᠡᠨ ᠢ ᠰᠠᠨᠠᠭ᠎ᠠ ᠠᠮᠤᠷ ᠪᠠᠶᠢᠯᠭᠠᠬᠰᠠᠨ ᠪᠠᠶᠢᠨ᠎ᠠ︾ ᠭᠡᠵᠦ | ᠵᠡᠭᠦᠨᠭᠠᠷ ᠵᠣᠣ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠪᠠᠯᠭᠠᠰᠤᠨ ᠤ ᠳᠠᠷᠤᠭ᠎ᠠ ᠬᠤᠸ ᠫᠧᠢ ᠬᠤᠸᠠ ᠲᠠᠨᠢᠯᠴᠠᠭᠤᠯᠤᠨ᠎ᠠ ᠃ | ᠵᠠᠷᠯᠢᠭ ᠪᠠᠭᠤᠮᠠᠭᠴᠠ ᠳᠠᠷᠤᠢ ᠳᠤᠨᠢ ᠭᠡᠷᠡᠭᠵᠢᠬᠦᠯᠤᠨ᠎ᠠ ᠃ ᠬᠤᠰᠢᠭᠤ ᠂ ᠪᠠᠯᠭᠠᠰᠤ ᠂ ᠲᠣᠰᠬᠤᠨ ᠂ ᠨᠡᠭᠦᠷᠡᠰᠦᠨ ᠠᠭᠤᠷᠬᠠᠢ ᠠᠴᠠ ᠭᠠᠵᠠᠷ ᠲᠠᠲᠠᠪᠤᠷᠢᠯᠠᠨ ᠨᠤᠷᠠᠭᠠᠵᠤ | ᠨᠡᠭᠦᠯᠭᠡᠬᠦ ᠲᠤᠰᠬᠠᠢ ᠺᠠᠳ᠋ᠷ ᠢ ᠰᠤᠩᠭᠤᠨ ᠳᠤᠬᠢᠷᠠᠭᠤᠯᠵᠤ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠡᠮᠦᠨ᠎ᠡ ᠹᠷᠣᠨᠲ ᠲᠤ ᠠᠵᠢᠯᠯᠠᠭᠤᠯᠵᠤ ᠂ ︽ ᠬᠤᠷᠠᠯ ᠤᠨ | ᠲᠠᠯᠠᠪᠠᠶ ᠳᠤ ᠲᠥᠪ ᠰᠠᠭᠤᠳᠠᠭ ︾ ᠪᠠᠶᠢᠬᠰᠠᠨ ᠢ ︽ ᠰᠢᠭᠤᠳ ᠠᠬᠤᠢ ᠲᠠᠯᠠᠪᠠᠶ ᠳᠤ ᠣᠴᠢᠬᠤ ︾ ᠪᠣᠯᠭᠠᠨ ᠬᠤᠪᠢᠷᠠᠭᠤᠯᠵᠤ ᠂ ︽ ᠣᠯᠠᠨ ᠲᠦᠮᠡᠨ ᠳᠡᠭᠡᠭᠰᠢ | ᠵᠠᠭᠠᠯᠳᠤᠬᠤ ︾ ᠶᠢ ︽ ᠺᠠᠳ᠋ᠷ ᠳᠣᠷᠣᠭᠰᠢ ᠪᠠᠭᠤᠵᠤ ᠰᠤᠷᠪᠤᠯᠵᠢᠯᠠᠬᠤ ︾ ᠪᠣᠯᠭᠠᠨ ᠬᠤᠪᠢᠷᠠᠭᠤᠯᠵᠤ ᠂ ︽ ᠥᠷᠭᠡᠨ ᠢᠶᠠᠷ ᠤᠬᠠᠭᠤᠯᠤᠨ ᠲᠠᠶᠢᠯᠪᠤᠷᠢᠯᠠᠬᠤ + ᠠᠬᠤᠢ | ᠲᠠᠯᠠᠪᠠᠶ ᠳᠤ ᠠᠯᠪᠠᠯᠠᠬᠤ + ᠡᠷᠦᠬᠡ ᠳᠤ ᠬᠦᠷᠴᠦ ᠲᠠᠶᠢᠯᠤᠮᠵᠢ ᠬᠢᠬᠦ ︾ ᠬᠡᠯᠪᠡᠷᠢ ᠪᠠᠷ ᠳᠠᠮᠵᠢᠭᠤᠯᠤᠨ ᠂ ᠡᠯ᠎ᠡ ᠱᠠᠲᠤᠨ ᠤ ᠺᠠᠳ᠋ᠷᠴᠤᠳ ᠲᠠᠲᠠᠪᠤᠷᠢᠯᠠᠨ ᠨᠤᠷᠠᠭᠠᠬᠤ | ᠡᠮᠦᠨ᠎ᠡ ᠹᠷᠣᠨᠲ ᠲᠤ ᠭᠠᠪᠰᠢᠭᠠᠶᠢᠯᠠᠵᠤ ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ︽ ᠴᠡᠭ ᠳᠡᠭᠡᠷ᠎ᠡ ᠰᠢᠪᠲᠤᠯᠤᠯᠲᠠ ᠲᠠᠢ ᠂ ᠪᠥᠬᠦ ᠲᠠᠯ᠎ᠠ ᠪᠠᠷ ᠲᠦᠷᠭᠡᠨ | ᠠᠬᠢᠭᠤᠯᠬᠤ ︾ ᠰᠠᠶᠢᠨ ᠰᠠᠶᠢᠬᠠᠨ ᠠᠵᠢᠯ ᠤᠨ ᠪᠠᠶᠢᠳᠠᠯ ᠲᠠᠢ ᠪᠤᠯᠭᠠᠬᠰᠠᠨ ᠪᠠᠶᠢᠨ᠎ᠠ ᠃ | ︽ ᠥᠩᠭᠡᠷᠡᠭᠰᠡᠨ ᠳᠤ ᠂ ᠨᠡᠭᠦᠷᠡᠰᠦᠨ ᠠᠭᠤᠷᠬᠠᠢ ᠶᠢᠨ ᠭᠠᠵᠠᠷ ᠰᠢᠷᠣᠢ ᠲᠠᠲᠠᠪᠤᠷᠢᠯᠠᠬᠤ ᠳᠤ ᠬᠦᠴᠢᠷ ᠂ ᠤᠶᠢᠯᠠᠭᠠᠯᠴᠠᠨ ᠨᠡᠪᠲᠡᠷᠡᠯᠴᠡᠬᠦ ᠳᠤ ᠬᠦᠴᠢᠷ ᠂ ᠭᠠᠵᠠᠷ | ᠰᠢᠷᠣᠢ ᠬᠡᠷᠡᠭᠯᠡᠬᠦ ᠳᠤ ᠬᠦᠴᠢᠷ ᠪᠠᠶᠢᠭᠰᠠᠨ ᠨᠢ ᠮᠠᠨ ᠤ ᠦᠢᠯᠡᠳᠪᠦᠷᠢᠯᠡᠯ ᠡᠵᠡᠩᠨᠡᠯᠲᠡ ᠳᠤ ᠮᠠᠰᠢ ᠣᠯᠠᠨ ᠬᠦᠴᠢᠷᠳᠡᠯ ᠤᠴᠠᠷᠠᠭᠤᠯᠵᠠᠢ ᠃ ᠨᠢᠭᠡᠳᠦᠭᠡᠷ ᠲᠣᠭᠠᠲᠤ | ᠪᠢᠴᠢᠭ ᠮᠠᠲ᠋ᠧᠷᠢᠶᠠᠯ ᠲᠠᠢ ᠪᠣᠯᠤᠭᠰᠠᠨ ᠤ ᠳᠠᠷᠠᠭ᠎ᠠ ᠂ ᠬᠤᠰᠢᠭᠤᠨ ᠤ ᠵᠠᠰᠠᠭ ᠤᠨ ᠣᠷᠳᠣᠨ ᠤ ᠳᠡᠮᠵᠢᠯᠭᠡ ᠳᠣᠣᠷ᠎ᠠ ᠂ ᠵᠡᠭᠦᠨᠭᠠᠷ ᠵᠣᠣ ᠪᠠᠯᠭᠠᠰᠤᠨ ᠤ ᠭᠠᠵᠠᠷ ᠰᠢᠷᠣᠢ | ᠲᠠᠲᠠᠪᠤᠷᠢᠯᠠᠬᠤ ᠠᠵᠢᠯ ᠤᠨ ᠳᠤᠭᠤᠶᠢᠯᠠᠩ ᠤᠨ ᠬᠢᠨ ᠨᠡᠭᠦᠷᠡᠰᠦᠨ ᠠᠭᠤᠷᠬᠠᠢ ᠳᠤ ᠣᠷᠣᠵᠤ ᠰᠠᠭᠤᠭᠠᠳ ᠪᠢᠳᠡᠨ ᠤ ᠬᠦᠴᠢᠷ ᠵᠣᠪᠠᠯᠠᠩ ᠢ ᠰᠢᠢᠳᠪᠦᠷᠢᠯᠡᠵᠦ ᠂ | ᠣᠳᠣᠬᠠᠨ ᠳᠤ ᠮᠠᠨ ᠤ ᠠᠭᠤᠷᠬᠠᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠭᠠᠵᠠᠷ ᠰᠢᠷᠣᠢ ᠲᠠᠲᠠᠪᠤᠷᠢᠯᠠᠬᠤ ᠠᠵᠢᠯ ᠤᠷᠤᠭᠰᠢᠲᠠᠢ ᠶᠠᠪᠤᠭᠳᠠᠵᠤ ᠂ | 65% ᠶᠢ ᠨᠢ ᠨᠢᠭᠡᠨᠲᠡ ᠪᠡᠶᠡᠯᠡᠭᠦᠯᠵᠡᠢ ᠃ ᠬᠤᠶᠢᠰᠢᠳᠠ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠳᠤᠭᠤᠰᠢᠯᠠᠭᠤᠯᠤᠨ | ᠬᠡᠷᠡᠭᠵᠢᠭᠦᠯᠵᠦ ᠂ ᠳᠤᠰᠬᠤᠨ ᠤ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ ᠂ ᠨᠡᠭᠦᠷᠡᠰᠦᠨ ᠠᠭᠤᠷᠬᠠᠢ ᠶᠢᠨ ᠦᠷᠭᠦᠯᠵᠢᠯᠡᠭᠰᠡᠨ ᠬᠥᠭᠵᠢᠯᠲᠡ ᠳᠤ | ᠬᠤᠪᠢ ᠨᠡᠮᠡᠷᠢ ᠪᠠᠨ ᠦᠵᠡᠭᠦᠯᠦᠨ᠎ᠡ ︾ ᠭᠡᠵᠦ ᠬᠤᠢ ᠨᠧᠩ ᠪᠦᠯᠦᠭᠯᠡᠯ ᠤᠨ ᠬᠦᠨ ᠭᠤᠤ ᠨᠡᠭᠦᠷᠡᠰᠦᠨ ᠠᠭᠤᠷᠬᠠᠢ ᠶᠢᠨ ᠠᠯᠪᠠᠨ ᠭᠡᠷ ᠤᠨ ᠡᠷᠬᠢᠯᠡᠭᠴᠢ ᠪᠥᠭᠡᠳ ᠭᠠᠵᠠᠷ | ᠰᠢᠷᠣᠢ ᠲᠠᠲᠠᠪᠤᠷᠢᠯᠠᠬᠤ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠭᠤᠣ ᠵᠢᠶᠧ ᠶᠠᠷᠢᠨ᠎ᠠ ᠃ | ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠣᠯᠣᠨ ᠲᠠᠲᠠᠪᠤᠷᠢᠯᠠᠬᠤ ᠨᠤᠷᠠᠭᠠᠯᠲᠠ ᠶᠢᠨ ᠦᠷ᠎ᠡ ᠪᠦᠲᠦᠮᠵᠢ ︽ ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ︾ ᠶᠢ | ᠬᠡᠷᠬᠢᠨ ᠪᠡᠶᠡᠯᠡᠭᠦᠯᠬᠦ ᠪᠤᠢ︖ | ᠵᠡᠭᠦᠨᠭᠠᠷ ᠵᠤᠤ ᠪᠠᠯᠭᠠᠰᠤ ᠶᠢᠨ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠤᠨ ᠳᠤᠭᠤᠶᠢᠯᠠᠩ ᠤᠨ ᠬᠢᠨ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠯᠲᠠ | ᠥᠭᠴᠦ ᠂ ᠳᠡᠳᠡ ᠨᠡᠭᠦᠷᠡᠰᠦᠨ ᠠᠭᠤᠷᠬᠠᠢ ᠳᠤ ᠣᠷᠣᠵᠤ ᠠᠵᠢᠯᠯᠠᠨ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ ᠂ ᠤᠯᠠᠨ ᠲᠦᠮᠡᠨ ᠤ ᠪᠠᠴᠢᠮᠳᠠᠵᠤ | ᠪᠠᠶᠢᠭ᠎ᠠ ᠵᠦᠢᠯ ᠳᠤ ᠪᠠᠴᠢᠮᠳᠠᠨ ᠂ ᠳᠦᠷᠦ ᠶᠢᠨ ᠪᠣᠳᠣᠯᠭ᠎ᠠ ᠶᠢ ᠲᠣᠳᠣᠷᠬᠠᠢ ᠶᠠᠷᠢᠨ ᠦᠭᠴᠤ ᠂ ᠤᠯᠠᠨ ᠲᠦᠮᠡᠨ ᠳᠤ ᠣᠶᠢᠯᠠᠭᠠᠭᠤᠯᠤᠨ ᠂ ᠠᠵᠢᠯ ᠢ ᠪᠣᠳᠠᠲᠠᠢ | ᠨᠠᠶᠢᠳᠠᠪᠤᠷᠢᠵᠢᠭᠤᠯᠵᠤ ᠂ ᠪᠠᠶᠢᠳᠠᠯ ᠢ ᠨᠢᠭᠡᠳᠦᠭᠡᠷ ᠹᠷᠣᠨᠲ ᠲᠤ ᠡᠵᠡᠮᠰᠢᠵᠦ ᠂ ᠵᠣᠬᠢᠴᠠᠭᠤᠯᠤᠨ ᠵᠢᠯᠤᠭᠤᠳᠴᠤ ᠂ ᠠᠰᠠᠭᠤᠳᠠᠯ ᠢ ᠨᠢᠭᠡᠳᠦᠭᠡᠷ ᠹᠷᠣᠨᠲ ᠲᠤ | ᠰᠢᠢᠳᠪᠦᠷᠢᠯᠡᠬᠦ ᠶᠢ ᠪᠡᠶᠡᠯᠡᠭᠦᠯᠵᠡᠢ᠃ | ᠲᠠᠲᠠᠪᠤᠷᠢᠯᠠᠨ ᠨᠤᠷᠠᠭᠠᠬᠤ ᠲᠠᠯᠠᠪᠠᠢ ᠠᠯᠬᠤᠮ ᠠᠯᠬᠤᠮ ᠢᠶᠠᠷ ᠥᠷᠭᠡᠳᠬᠦ ᠶᠢ ᠳᠠᠭᠠᠯᠳᠤᠨ ᠂ ᠵᠡᠭᠦᠨᠭᠠᠷ ᠵᠤᠤ ᠪᠠᠯᠭᠠᠰᠤ ᠴᠢᠨᠠᠭᠰᠢᠯᠠᠪᠠᠯ ᠪᠦᠭᠦ ᠬᠤᠰᠢᠭᠤᠨ ᠤ ᠭᠠᠵᠠᠷ | ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠰᠢᠨ᠎ᠡ ᠳᠦᠷᠬᠦ ᠪᠠᠶᠢᠳᠠᠯ ᠲᠠᠢ ᠪᠣᠯᠬᠤ ᠪᠣᠯᠣᠨ᠎ᠠ ᠃ | ︽ᠲᠠᠷᠠᠭᠠᠴᠢ ᠶᠢᠨ ᠠᠯᠬᠤᠮ ᠳᠤ ᠂ ᠪᠢᠳᠡ ᠦᠷᠭᠦᠯᠵᠢᠯᠡᠨ ᠠᠵᠢᠯ ᠤᠨ ᠡᠷᠴᠢᠮ ᠢᠶᠠᠨ ᠴᠢᠩᠭᠠᠷᠠᠭᠤᠯᠵᠤ ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠡᠷᠡᠰ | ᠭᠤᠶᠢᠪᠢᠰᠢ ᠦᠭᠡᠢ ᠳᠤᠭᠤᠰᠢᠯᠠᠭᠤᠯᠤᠨ ᠂ ᠭᠠᠵᠠᠷ ᠰᠢᠷᠣᠢ ᠲᠠᠲᠠᠪᠤᠷᠢᠯᠠᠬᠤ ᠠᠵᠢᠯ ᠤᠨ ᠡᠷᠬᠡ ᠲᠡᠭᠰᠢ ᠲᠥᠪ ᠭᠤᠥᠯᠴᠢ ᠪᠠᠷ ᠥᠷᠨᠢᠬᠦ ᠶᠢ ᠠᠬᠢᠭᠤᠯᠵᠤ ᠂ ᠠᠷᠠᠳ | ᠣᠯᠠᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠬᠠᠮᠲᠤ ᠂ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠂ | ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠢ ᠦᠷᠭᠦᠯᠵᠢᠯᠡᠨ ᠰᠠᠶᠢᠵᠢᠷᠠᠭᠤᠯᠵᠤ ᠂ ᠪᠥᠬᠦ ᠪᠠᠯᠭᠠᠰᠤᠨ ᠤ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ | ᠦᠨᠡᠨ ᠬᠦ ᠪᠠᠲᠤᠯᠠᠵᠤ ᠂ ᠭᠠᠵᠠᠷ ᠰᠢᠷᠣᠢ ᠲᠠᠲᠠᠪᠤᠷᠢᠯᠠᠬᠤ ᠠᠵᠢᠯ ᠤᠨ ᠵᠡᠭᠦᠨᠭᠠᠷ ᠵᠣᠣ ᠪᠠᠯᠭᠠᠰᠤᠨ ᠤ ᠰᠢᠨ᠎ᠡ ᠬᠡᠪ ᠵᠠᠭᠪᠤᠷ ᠢ ᠴᠢᠷᠮᠠᠶᠢᠨ ᠪᠣᠶ ᠪᠣᠯᠭᠠᠨ᠎ᠠ ︾ ᠭᠡᠵᠦ ᠬᠤᠤ | ᠫᠧᠢ ᠬᠤᠸᠠ ᠶᠠᠷᠢᠨ᠎ᠠ᠃ | |