| 4 ᠰᠠᠷ᠎ᠠ ᠶᠢᠨ 2 ᠤᠨ ᠡᠳᠦᠷ ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠸᠠᠩ ᠭᠦᠸᠧ | ᠴᠢᠤᠸᠠᠨ ᠤᠷᠢᠳ ᠬᠤᠵᠢᠳ ᠵᠡᠭᠦᠨᠭᠠᠷ ᠵᠣᠣ ᠪᠠᠯᠭᠠᠰᠤ ᠂ ᠬᠠᠷᠠᠵᠠᠳᠠᠢ ᠰᠢᠶᠠᠩ ᠂ ᠱᠢ ᠡᠯ ᠯᠢᠶᠠᠨ ᠴᠧᠩ ᠰᠢᠶᠠᠩ ᠳᠤ ᠬᠦᠷᠴᠦ ᠂ ᠪᠥᠬᠦ | ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠵᠢᠴᠢ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠤᠴᠢᠷ ᠶᠠᠪᠤᠳᠠᠯ ᠳᠤ ᠪᠠᠶᠢᠴᠠᠭᠠᠨ ᠰᠤᠳᠤᠯᠤᠯᠲᠠ ᠬᠢᠪᠡ ᠃ | | | | ᠵᠢᠷᠤᠭ ᠄ 4 ᠰᠠᠷ᠎ᠠ ᠶᠢᠨ 2 ᠤᠨ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠸᠠᠩ | ᠭᠦᠸᠧ ᠴᠢᠤᠸᠠᠨ ᠱᠢ ᠡᠯ ᠯᠢᠶᠠᠨ ᠴᠧᠩ ᠡᠷᠲᠡᠨ ᠤ ᠬᠤᠲᠠ ᠶᠢᠨ ᠪᠠᠭᠤᠷᠢ ᠳᠤ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠦᠯᠡᠳᠡᠭᠳᠡᠯ ᠤᠨ ᠡᠳᠦᠷ | ᠲᠤᠲᠤᠮ ᠤᠨ ᠬᠢᠨᠠᠨ ᠬᠠᠮᠢᠶᠠᠷᠴᠤ ᠬᠠᠮᠠᠭᠠᠯᠠᠬᠤ ᠂ ᠵᠠᠰᠠᠵᠤ ᠰᠡᠯᠪᠢᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ ᠃ ᠶᠤᠸᠠᠢ ᠴᠧᠨ ᠶᠠᠨ | ᠰᠡᠭᠦᠳᠡᠷᠯᠡᠪᠡ | ᠪᠦᠦ ᠲᠠᠩ ᠬᠡᠶᠢᠳ ᠂ ᠪᠠᠶᠢᠯᠳᠤᠭᠠᠨᠲᠤ ᠤᠯᠤᠰ ᠴᠢᠨ ᠤᠯᠤᠰ ᠤᠨ ᠤᠷᠲᠤ ᠴᠠᠭᠠᠨ ᠬᠡᠷᠡᠮ ᠤᠨ ᠪᠠᠭᠤᠷᠢ ᠂ ᠱᠢ ᠡᠯ ᠯᠢᠶᠠᠨ ᠴᠧᠩ ᠡᠷᠲᠡᠨ ᠤ ᠬᠤᠲᠠ ᠶᠢᠨ | ᠪᠠᠭᠤᠷᠢ ᠵᠡᠷᠭᠡ ᠭᠠᠵᠠᠷ ᠲᠤ ᠂ ᠸᠠᠩ ᠭᠦᠸᠧ ᠴᠢᠤᠸᠠᠨ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠦᠯᠡᠳᠡᠭᠳᠡᠯ ᠤᠨ ᠡᠳᠦᠷ ᠲᠤᠲᠤᠮ ᠤᠨ ᠬᠢᠨᠠᠨ ᠬᠠᠮᠢᠶᠠᠷᠴᠤ | ᠬᠠᠮᠠᠭᠠᠯᠠᠬᠤ ᠂ ᠰᠡᠯᠪᠢᠨ ᠵᠠᠰᠠᠬᠤ ᠠᠵᠢᠯ ᠤᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ ᠂ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠳᠤ ︽ ᠨᠠᠶᠢᠷ ᠲᠠᠯᠪᠢᠵᠤ ᠥᠭᠬᠦ ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠬᠤ ᠂ ᠪᠣᠳᠠᠰ ᠤᠨ ᠰᠡᠷᠭᠡᠶᠢᠯᠡᠯᠲᠡ ᠮᠡᠷᠭᠡᠵᠢᠯ ᠤᠨ ᠰᠡᠷᠭᠡᠶᠢᠯᠡᠯᠲᠡ ᠶᠢᠨ | ᠠᠷᠭ᠎ᠠ ᠪᠠᠷᠢᠯ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠬᠤ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠂ ᠬᠠᠮᠠᠭᠠᠯᠠᠵᠤ ᠰᠡᠯᠪᠢᠨ ᠵᠠᠰᠠᠬᠤ ᠲᠥᠯᠦᠪᠵᠢᠭᠦᠯᠭᠡ ᠵᠢᠴᠢ ᠪᠠᠷᠢᠮᠵᠢᠶ᠎ᠠ ᠶᠢ | ᠰᠢᠯᠢᠳᠡᠭᠵᠢᠭᠦᠯᠬᠦ ᠵᠡᠷᠭᠡ ᠲᠠᠯ᠎ᠠ ᠶᠢᠨ ᠲᠣᠭᠤᠷᠢᠨ ᠳᠤ ᠪᠣᠳᠠᠲᠠᠢ ᠱᠠᠭᠠᠷᠳᠠᠯᠭ᠎ᠠ ᠳᠤᠷᠠᠳᠪᠠ ᠃ | | ᠵᠢᠷᠤᠭ ᠄ 4 ᠰᠠᠷ᠎ᠠ ᠶᠢᠨ 2 ᠤᠨ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠸᠠᠩ | ᠭᠦᠸᠧ ᠴᠢᠤᠸᠠᠨ ᠱᠢ ᠡᠯ ᠯᠢᠶᠠᠨ ᠴᠧᠩ ᠰᠢᠶᠠᠩ ᠤᠨ ᠵᠥᠩ ᠲᠢᠶᠠᠨ ᠣᠶᠤᠨᠴᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠂ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ | ᠣᠶᠢᠯᠠᠭᠠᠭᠰᠠᠨ ᠪᠥᠭᠡᠳ ᠰᠢᠶᠠᠩ ᠪᠠᠯᠭᠠᠰᠤ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ ᠃ ᠶᠤᠸᠠᠢ ᠴᠧᠨ ᠶᠠᠨ | ᠰᠡᠭᠦᠳᠡᠷᠯᠡᠪᠡ | | ᠵᠢᠷᠤᠭ ᠄ 4 ᠰᠠᠷ᠎ᠠ ᠶᠢᠨ 2 ᠤᠨ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠸᠠᠩ | ᠭᠦᠸᠧ ᠴᠢᠤᠸᠠᠨ ᠱᠢ ᠡᠯ ᠯᠢᠶᠠᠨ ᠴᠧᠩ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠲᠠᠷᠢᠶᠠᠯᠠᠩ ᠳᠤ ᠦᠢᠯᠡᠴᠢᠯᠡᠬᠦ ᠲᠥᠪ ᠲᠤ ᠬᠦᠷᠴᠦ ᠬᠠᠪᠤᠷ ᠤᠨ ᠲᠠᠷᠢᠶᠠᠯᠠᠭ᠎ᠠ | ᠶᠢᠨ ᠪᠡᠯᠡᠳᠬᠡᠯ ᠠᠵᠢᠯ ᠤᠨ ᠳᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠵᠡᠷᠭᠡ ᠪᠠᠶᠢᠳᠠᠯ ᠢ ᠣᠶᠢᠯᠠᠭᠠᠪᠠ ᠃ ᠶᠤᠸᠠᠢ ᠴᠧᠨ ᠶᠠᠨ ᠰᠡᠭᠦᠳᠡᠷᠯᠡᠪᠡ | ᠡᠨᠡ ᠬᠤᠭᠤᠴᠠᠭᠠᠨ ᠳᠤ ᠂ ᠸᠠᠩ ᠭᠦᠸᠧ ᠴᠢᠤᠸᠠᠨ ᠪᠠᠰᠠ ᠵᠦᠩ ᠲᠢᠶᠠᠨ ᠣᠶᠤᠨᠴᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠂ ᠱᠢ ᠡᠯ ᠯᠢᠶᠠᠨ | ᠴᠧᠩ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠠᠷᠢᠶᠠᠯᠠᠩ ᠳᠤ ᠦᠢᠯᠡᠴᠢᠯᠡᠬᠦ ᠲᠥᠪ ᠂ ᠡᠩᠭᠡ ᠮᠠᠯ ᠠᠵᠤ ᠠᠬᠤᠢ ᠶᠢᠨ ᠺᠣᠮᠫᠠᠨᠢ ᠳᠤ ᠬᠦᠷᠴᠤ ᠂ ᠣᠳᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠤᠨ ᠳᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠵᠡᠷᠭᠡ ᠪᠠᠶᠢᠳᠠᠯ ᠢ ᠪᠣᠳᠠᠲᠠᠢ ᠭᠠᠵᠠᠷ ᠲᠤᠨᠢ ᠪᠠᠶᠢᠴᠠᠭᠠᠨ ᠦᠵᠡᠵᠦ ᠂ ᠳᠠᠪᠠᠭᠤᠯᠢᠭ ᠠᠵᠤ ᠦᠢᠯᠡᠰ ᠤᠨ | ᠲᠦᠷᠦᠯ ᠵᠦᠢᠯ ᠤᠨ ᠨᠥᠯᠥᠭᠡᠯᠡᠬᠦ ᠬᠡᠪᠴᠢᠶ᠎ᠡ ᠶᠢ ᠤᠯᠠᠮ ᠴᠢᠨᠠᠭᠰᠢᠳᠠ ᠥᠷᠭᠡᠳᠬᠡᠬᠦ ᠂ ᠲᠠᠷᠢᠶᠠᠴᠢᠨ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠦᠢᠯᠡᠳᠦᠯ ᠢ | ᠨᠡᠮᠡᠭᠳᠡᠭᠦᠯᠬᠦ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠲᠡᠭᠦᠯᠳᠡᠷᠵᠢᠭᠦᠯᠬᠦ ᠂ ᠬᠥᠭᠵᠢᠯᠲᠡ ᠶᠢᠨ ᠬᠡᠪ ᠵᠠᠭᠪᠤᠷ ᠪᠠ ᠠᠷᠭ᠎ᠠ ᠵᠠᠮ ᠤᠨ ᠰᠢᠨ᠎ᠡ ᠶᠢ ᠡᠭᠦᠳᠬᠦ ᠂ | ᠲᠥᠬᠦᠭᠡᠷᠦᠮᠵᠢᠲᠦ ᠲᠠᠷᠢᠶᠠᠯᠠᠩ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠵᠡᠷᠭᠡ ᠤᠴᠢᠷ ᠶᠠᠪᠤᠳᠠᠯ ᠤᠨ ᠲᠤᠬᠠᠢ ᠰᠢᠶᠠᠩ ᠪᠠᠯᠭᠠᠰᠤ ᠵᠢᠴᠢ ᠠᠵᠤ ᠠᠬᠤᠶᠢᠯᠠᠯ ᠤᠨ | ᠬᠠᠷᠢᠭᠤᠴᠠᠯᠭᠠᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠬᠰᠠᠨ ᠤ ᠬᠠᠮᠲᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠤᠭᠤᠴᠠᠭᠠᠨ ᠳᠠᠬᠢ ᠲᠠᠷᠢᠶᠠᠯᠠᠩ ᠤᠨ | ᠬᠡᠷᠡᠭᠰᠡᠯ ᠤᠨ ᠬᠠᠩᠭᠠᠯᠭ᠎ᠠ ᠶᠢᠨ ᠶᠠᠰᠤ ᠴᠢᠨᠠᠷ ᠤᠨ ᠪᠣᠭᠤᠮᠲᠠ ᠪᠠ ᠦᠨ᠎ᠡ ᠬᠠᠩᠰᠢ ᠶᠢᠨ ᠪᠣᠭᠤᠮᠲᠠ ᠶᠢ ᠴᠢᠩᠭ᠎ᠠ ᠠᠳᠬᠤᠬᠤ ᠲᠤᠬᠠᠢ ᠲᠣᠳᠣᠷᠬᠠᠢ ᠱᠠᠭᠠᠷᠳᠠᠯᠭ᠎ᠠ | ᠳᠤᠷᠠᠳᠴᠠᠢ᠃ | | | |