| ᠤᠷᠢᠬᠠᠨ ᠬᠠᠪᠤᠷ ᠤᠨ ᠡᠶᠡᠪᠡᠷᠭᠦᠦ ᠦᠵᠡᠮᠵᠢ ᠂ ᠲᠦᠮᠡᠨ ᠪᠣᠳᠠᠰ ᠠᠮᠢᠯᠠᠨ ᠰᠡᠷᠬᠦᠵᠤ ᠂ ᠬᠦᠴᠦ ᠪᠠᠨ ᠬᠤᠷᠠᠮᠳᠤᠭᠤᠯᠤᠨ ᠳᠠᠷᠪᠠᠭᠤᠯ ᠬᠡᠶᠢᠰᠬᠡᠨ ᠤᠷᠤᠬᠰᠢᠯᠠᠬᠤ | ᠴᠠᠭ ᠬᠦᠷᠴᠦ ᠢᠷᠡᠯ᠎ᠡ ᠃ ᠵᠡᠭᠦᠨᠭᠠᠷ ᠤᠨ ᠡᠬᠡ ᠭᠠᠵᠠᠷ ᠢᠶᠠᠷ ᠠᠶᠠᠯᠠᠬᠤ ᠳᠤ ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ | ᠲᠠᠯᠠᠪᠠᠢ ᠬᠦᠷ ᠬᠦᠭᠵᠢᠶᠡᠨ ᠢᠶᠠᠷ ᠪᠢᠯᠬᠠᠨ᠂ ᠭᠠᠵᠠᠷ ᠪᠣᠯᠭᠠᠨ ᠳᠤ ᠶᠡᠬᠡᠪᠡᠷ ᠠᠵᠢᠯᠯᠠᠵᠤ ᠲᠦᠷᠭᠡᠨ ᠬᠥᠭᠵᠢᠬᠦ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢᠯᠡᠷᠡᠨ᠎ᠠ ᠃ | ᠵᠡᠭᠦᠨᠭᠠᠷ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠭᠤᠣᠯ ᠰᠢᠵᠢᠮ ᠤᠨ ᠳᠤᠭᠤᠷᠢᠨ ᠳᠤ ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ | ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠵᠢᠴᠢ ᠥᠪᠡᠷᠲᠡᠭᠡᠨ ᠵᠠᠰᠠᠬᠤ ᠣᠷᠣᠨ ᠤ ︽ ᠵᠢᠷᠭᠤᠭᠠᠨ ᠢᠨᠵᠧᠨᠧᠷᠢᠩ ︾ ᠂ ᠣᠷᠳᠣᠰ ᠬᠤᠲᠠ ᠶᠢᠨ ︽ | ᠭᠤᠷᠪᠠᠨ ᠳᠥᠷᠪᠡ ︾ ᠶᠢᠨ ᠬᠠᠷᠠᠯᠳᠠ ᠡᠭᠦᠷᠭᠡ ᠶᠢ ᠡᠷᠡᠰ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠤᠢ ᠂ 2024 ᠣᠨ ᠳᠤ ᠂ ᠵᠡᠭᠦᠨᠭᠠᠷ ᠬᠤᠰᠢᠭᠤᠨ ᠤ | ᠶᠡᠷᠦᠩᠬᠡᠢ ᠪᠡᠯᠡ ᠣᠷᠣᠭᠤᠯᠤᠯᠲᠠ 1138 ᠳ᠋ᠦᠩᠰᠢᠭᠤᠷ ᠲᠥᠭᠦᠷᠢᠭ ᠲᠤ ᠬᠦᠷᠴᠦ ᠂ 53 ᠲᠥᠷᠥᠯ ᠵᠦᠢᠯ ᠢ ᠡᠬᠢᠯᠡᠭᠦᠯᠦᠨ ᠰᠡᠷᠭᠦᠭᠡᠵᠦ ᠂ ᠪᠠᠲᠤᠯᠠᠭ᠎ᠠ ᠶᠢᠨ | ᠴᠢᠨᠠᠷᠲᠠᠢ ᠬᠢᠮᠳᠠ ᠲᠣᠬᠢᠯᠢᠭ ᠣᠷᠣᠨ ᠰᠠᠭᠤᠴᠠ ᠶᠢᠨ ᠢᠨᠵᠧᠨᠧᠷᠢᠩ ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠂ | ᠳᠦᠬᠦᠭᠡᠷᠤᠮᠵᠢᠳᠤ ᠲᠠᠷᠢᠶᠠᠯᠠᠩ ᠂ ᠰᠢᠨ᠎ᠡ ᠡᠨᠧᠷᠭᠢ ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠣᠯᠠᠨ ᠬᠦᠷᠢᠶ᠎ᠡ ᠴᠠᠷᠠᠭ᠎ᠠ ᠶᠢ ᠬᠠᠮᠤᠷᠴᠠᠢ ᠃ | | ᠨᠢᠭᠡ ᠪᠦᠯᠦᠭ ᠴᠢᠬᠤᠯᠠ ᠶᠡᠭᠡ ᠳᠦᠷᠤᠯ ᠵᠤᠶᠢᠯ ᠢ ᠲᠥᠪᠯᠡᠷᠡᠭᠦᠯᠦᠨ ᠠᠵᠢᠯ ᠡᠬᠢᠯᠡᠭᠦᠯᠪᠡ | | ᠴᠠᠭ ᠬᠥᠮᠥᠨ ᠢ ᠬᠦᠯᠢᠶᠡᠬᠦ ᠦᠭᠡᠢ ᠂ ᠡᠭᠦᠷᠭᠡ ᠬᠥᠮᠥᠨ ᠢ ᠬᠦᠯᠢᠶᠡᠬᠦ ᠦᠭᠡᠢ ᠂ ᠬᠥᠭᠵᠢᠯᠲᠡ ᠬᠥᠮᠥᠨ ᠢ ᠬᠦᠯᠢᠶᠡᠬᠦ ᠦᠭᠡᠢ ᠃ ᠡᠨᠡ ᠨᠢᠭᠡ ᠪᠦᠯᠦᠭ ᠴᠢᠬᠤᠯᠠ | ᠶᠡᠭᠡ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠦᠭᠰᠡᠨ ᠨᠢ ︽ ᠲᠥᠷᠥᠯ ᠵᠦᠢᠯ ᠳᠤ ᠰᠢᠪᠲᠤᠯᠤᠯᠲᠠ ᠬᠢᠬᠦ ᠂ ᠠᠵᠤ ᠦᠢᠯᠡᠰ ᠢ ᠰᠢᠯᠢᠳᠡᠭᠵᠢᠭᠦᠯᠬᠦ ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ︾ ︽ ᠴᠤᠭᠯᠠᠷᠠᠯ ᠤᠨ ᠪᠦᠷᠢᠶ᠎ᠡ ︾ ︽ ᠳᠠᠭᠠᠷᠢᠯᠲᠠ ᠶᠢᠨ ᠪᠦᠷᠢᠶ᠎ᠡ ︾ ᠶᠢ | ᠬᠠᠩᠭᠢᠨᠠᠭᠤᠯᠵᠤ ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠶᠢ ᠳᠠᠶᠢᠴᠢᠯᠠᠨ ︽ ᠡᠬᠢᠯᠡᠯᠲᠡ ᠶᠢᠨ ᠣᠨ ᠳᠤ ᠳᠠᠶᠢᠯᠠᠯᠳᠤᠭᠠᠨ ᠬᠢᠵᠦ ᠂ ᠡᠬᠢᠯᠡᠮᠡᠭᠴᠡ | ᠰᠢᠪᠲᠤᠯᠤᠯᠲᠠ ᠲᠠᠢ ᠪᠤᠯᠬᠤ ︾ ᠪᠠᠶᠢᠳᠠᠯ ᠢᠶᠠᠷ ᠪᠠᠶᠢᠳᠠᠯ ᠢ ᠦᠨᠡᠨ ᠬᠦ ᠣᠨᠣᠪᠴᠢᠲᠠᠶ ᠡᠵᠡᠮᠳᠡᠵᠦ ᠂ ᠬᠠᠷᠠᠯᠲᠠ ᠪᠠᠨ ᠰᠠᠶᠢᠲᠤᠷ ᠲᠣᠭᠲᠠᠭᠠᠨ ᠂ ᠡᠭᠦᠷᠭᠡ ᠪᠠᠨ | ᠪᠣᠳᠠᠲᠠᠶᠢᠵᠢᠭᠤᠯᠵᠤ ᠂ ᠰᠢᠨ᠎ᠡ ᠪᠠᠷ ᠠᠵᠢᠯ ᠡᠬᠢᠯᠡᠭᠦᠯᠬᠦ ᠲᠥᠷᠥᠯ ᠵᠦᠢᠯ ᠤᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠪᠠᠷ ᠪᠥᠬᠦ ᠬᠤᠰᠢᠭᠤᠨ ᠤ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠨ᠎ᠡ ᠃ | | ᠶᠡᠷᠦᠩᠬᠡᠢ ᠪᠡᠯᠡ ᠣᠷᠣᠭᠤᠯᠤᠯᠲᠠ ᠨᠢ 30.83 ᠳ᠋ᠦᠩᠰᠢᠭᠤᠷ ᠲᠥᠭᠦᠷᠢᠭ ᠲᠤ ᠬᠦᠷᠦᠨ᠎ᠠ ︕ | ᠣᠷᠳᠣᠰ ᠤᠨ ᠰᠢᠨ᠎ᠡ ᠡᠨᠧᠷᠭᠢ ᠶᠢᠨ ᠲᠥᠷᠥᠯ ᠵᠦᠢᠯ ᠤᠨ 120 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ ᠤ ᠲᠥᠷᠥᠯ ᠵᠦᠢᠯ ︵ ᠬᠤᠶᠠᠳᠤᠭᠠᠷ ᠬᠤᠭᠤᠴᠠᠭᠠᠨ ᠤ ᠬᠠᠷᠠᠵᠠᠳᠠᠢ ᠶᠢᠨ 60 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ︶ ᠠᠵᠢᠯ ᠡᠬᠢᠯᠡᠬᠦᠯᠪᠡ | | | ᠲᠤᠰ ᠲᠥᠷᠥᠯ ᠵᠦᠢᠯ ᠢ ᠤᠮᠠᠷᠠᠲᠤ ᠶᠢᠨ ᠸᠧᠢ ᠵᠢᠶᠠ ᠮᠣᠣ ︵ ᠣᠷᠳᠣᠰ ︶ ᠶᠢᠨ ᠰᠢᠨ᠎ᠡ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠵᠣᠬᠢᠶᠠᠨ | ᠪᠠᠶᠢᠭᠤᠯᠤᠨ ᠬᠡᠷᠡᠭᠵᠢᠭᠦᠯᠵᠦ ᠂ ᠲᠥᠷᠥᠯ ᠵᠦᠢᠯ ᠤᠨ ᠡᠵᠡᠯᠡᠬᠦ ᠲᠠᠯᠠᠪᠠᠶ ᠨᠢ ᠪᠠᠷᠤᠭ 286 ᠮᠦ ᠪᠠᠶᠢᠵᠤ ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠂ | ᠵᠢᠱᠢᠯᠲᠡ ᠪᠠᠷ ᠵᠢᠯ ᠳᠤ ᠴᠠᠬᠢᠯᠭᠠᠨ ᠭᠠᠷᠭᠠᠬᠤ ᠬᠡᠮᠵᠢᠶ᠎ᠡ ᠨᠢ 16.716 ᠳ᠋ᠦᠩᠰᠢᠭᠤᠷ ᠭᠷᠡᠳᠦ᠋ᠰ ᠲᠤ ᠬᠦᠷᠴᠦ ᠂ ᠲᠤᠬᠠᠢ ᠶᠢᠨ ᠭᠠᠵᠠᠷ ᠤᠨ ᠡᠨᠧᠷᠭᠢ ᠶᠢᠨ | ᠪᠦᠲᠦᠴᠡ ᠶᠢ ᠰᠠᠶᠢᠵᠢᠷᠠᠭᠤᠯᠵᠤ ᠂ ᠴᠢᠯᠠᠭᠤᠵᠢᠮᠠᠯ ᠤᠨ ᠪᠤᠰᠤ ᠡᠨᠧᠷᠭᠢ ᠶᠢᠨ ᠬᠡᠷᠡᠭᠯᠡᠭᠡᠨ ᠤ ᠬᠠᠷᠢᠴᠠᠯ ᠢ ᠳᠡᠭᠡᠭᠰᠢᠯᠡᠭᠦᠯᠤᠨ ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ | 52.62 ᠲᠦᠮᠡᠨ ᠲᠣᠨ ︵ᠲᠦᠭᠦᠬᠡᠢ ᠨᠡᠭᠦᠷᠡᠰᠦ ᠪᠠᠷ ᠨᠤᠭᠤᠯᠵᠤ ᠪᠤᠳᠤᠪᠠᠯ 73.66 ᠲᠦᠮᠡᠨ ᠲᠣᠨ︶ ᠠᠷᠪᠢᠯᠠᠵᠤ ᠂ ᠤᠯᠠᠨ ᠵᠦᠢᠯ ᠤᠨ ᠠᠭᠠᠷ ᠮᠠᠨᠳᠠᠯ ᠤᠨ | ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠵᠤ ᠪᠣᠯᠣᠨ᠎ᠠ ᠂ ᠡᠭᠦᠨ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ | ᠬᠡᠮᠵᠢᠶ᠎ᠡ ᠶᠢ ᠪᠠᠷᠤᠭ 14.45 ᠲᠣᠨ᠂ ᠬᠦᠬᠦᠷ ᠤᠨ ᠳᠠᠪᠬᠤᠷ ᠢᠰᠦᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠷᠤᠭ 176.27 ᠲᠣᠨ᠂ ᠠᠽᠣᠲ ᠤᠨ ᠢᠰᠦᠮᠡᠭ ᠢ | 265.28 ᠲᠣᠨ ᠪᠠᠭᠠᠰᠬᠠᠬᠤ ᠶᠢᠨ ᠬᠠᠮᠲᠤ ᠶᠡᠭᠡ ᠬᠡᠮᠵᠢᠶᠡᠨ ᠤ ᠤᠲᠤᠭ᠎ᠠ ᠲᠣᠭᠤᠰᠣ ᠶᠢᠨ ᠭᠠᠳᠠᠭᠰᠢᠯᠠᠭᠤᠯᠤᠯᠲᠠ ᠶᠢ ᠪᠠᠭᠠᠰᠬᠠᠵᠤ ᠂ ᠭᠠᠵᠠᠷ ᠣᠷᠣᠨ ᠤ ᠠᠭᠠᠷ | ᠮᠠᠨᠳᠠᠯ ᠤᠨ ᠣᠷᠴᠢᠨ ᠳᠤᠭᠤᠷᠢᠨ ᠤ ᠶᠠᠰᠤ ᠴᠢᠨᠠᠷ᠂ ᠨᠡᠶᠢᠭᠡᠮ ᠤᠨ ᠦᠷ᠎ᠡ ᠠᠰᠢᠭ ᠪᠠ ᠣᠷᠴᠢᠨ ᠳᠤᠭᠤᠷᠢᠨ ᠤ ᠦᠷ᠎ᠡ ᠠᠰᠢᠭ ᠢ ᠢᠯᠡᠳᠲᠡ ᠬᠠᠮᠠᠭᠠᠯᠠᠵᠤ ᠴᠢᠳᠠᠨ᠎ᠠ ᠃ | | ᠶᠡᠷᠦᠩᠬᠡᠢ ᠪᠡᠯᠡ ᠣᠷᠣᠭᠤᠯᠤᠯᠲᠠ ᠨᠢ 20 ᠳ᠋ᠦᠩᠰᠢᠭᠤᠷ ᠰᠢᠬᠠᠮ ᠲᠥᠭᠦᠷᠢᠭ ᠲᠤ ᠬᠦᠷᠤᠨ᠎ᠠ ︕ | ᠥᠪᠥᠷ ᠮᠣᠩᠭᠤᠯ ᠤᠨ ᠵᠢᠶᠠ ᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ | 16000 ᠲᠣᠨ ᠡᠯᠧᠺᠲᠷᠣᠨ ᠤ ᠲᠡᠰ ᠤᠨ ᠴᠠᠬᠢᠭᠤᠷ ᠠᠯᠺᠠᠨ ᠤ ᠢᠵᠢ ᠪᠦᠷᠢᠳᠦᠭᠦᠯᠦᠭᠰᠡᠨ 12000 | ᠲᠣᠨ ᠮᠥᠬᠦᠯᠢᠭᠲᠦ ᠡᠯᠧᠺᠲᠷᠣᠨ ᠳᠡᠰ ᠤᠨ ᠤᠯᠠᠨ ᠲᠠᠯᠠᠰᠲᠤ ᠴᠠᠬᠢᠭᠤᠷ ᠤᠨ ᠳᠦᠷᠤᠯ ᠵᠤᠶᠢᠯ ᠠᠵᠢᠯ ᠡᠬᠢᠯᠡᠬᠦᠯᠪᠡ | | | | ᠥᠪᠥᠷ ᠮᠣᠩᠭᠤᠯ ᠤᠨ ᠵᠢᠶᠠ ᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠺᠤᠮᠫᠠᠨᠢ ᠪᠣᠯ ᠴᠠᠬᠢᠭᠤᠷ ᠠᠯᠺᠠᠨ ᠤ ᠵᠢᠷᠤᠵᠤ ᠲᠥᠯᠥᠪᠯᠡᠬᠦ ᠂ ᠦᠢᠯᠡᠳᠪᠦᠷᠢᠯᠡᠬᠦ ᠪᠠ | ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠣᠨ᠎ᠠ ᠃ ᠺᠣᠮᠫᠠᠨᠢ ᠶᠢᠨ ᠭᠤᠷᠪᠠᠳᠤᠭᠠᠷ ᠬᠤᠭᠤᠴᠠᠭᠠᠨ ᠤ ᠵᠢᠶᠠ | ᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ 16000 ᠲᠣᠨ ᠡᠯᠧᠺᠲᠷᠣᠨ ᠤ ᠲᠡᠰ ᠤᠨ ᠴᠠᠬᠢᠭᠤᠷ ᠠᠯᠺᠠᠨ ᠤ ᠢᠵᠢ ᠪᠦᠷᠢᠳᠦᠭᠦᠯᠦᠭᠰᠡᠨ 12000 ᠲᠣᠨ | ᠮᠥᠬᠦᠯᠢᠭᠲᠦ ᠡᠯᠧᠺᠲᠷᠣᠨ ᠤ ᠲᠡᠰ ᠤᠨ ᠤᠯᠠᠨ ᠲᠠᠯᠠᠰᠲᠤ ᠴᠠᠬᠢᠭᠤᠷ ᠤᠨ ᠲᠦᠷᠦᠯ ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠬᠤ ᠪᠠᠷ ᠪᠤᠢ ᠃ | ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠥᠨᠳᠥᠷ ᠴᠡᠪᠡᠷᠴᠡ ᠲᠠᠢ ᠡᠯᠧᠺᠲᠷᠣᠨ ᠳᠡᠰ ᠤᠨ ᠴᠠᠬᠢᠭᠤᠷ ᠠᠯᠺᠠᠨ ᠬᠡᠢ ᠪᠣᠯᠣᠨ ᠡᠯᠧᠺᠲᠷᠣᠨ | ᠳᠡᠰ ᠤᠨ ᠤᠯᠠᠨ ᠲᠠᠯᠠᠰᠲᠤ ᠴᠠᠬᠢᠭᠤᠷ ᠤᠨ ᠬᠠᠩᠭᠠᠯᠭ᠎ᠠ ᠶᠢᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ ᠂ ᠳᠣᠣᠷᠠᠳᠤ ᠬᠡᠯᠬᠢᠶᠡᠨ ᠤ ᠬᠡᠷᠡᠭᠯᠡᠭᠡᠨ ᠤ ᠬᠦᠷᠢᠶᠡᠨ ᠤ ᠡᠳᠦᠷ | ᠢᠷᠡᠬᠦᠶ᠎ᠡ ᠨᠡᠮᠡᠭᠳᠡᠵᠦ ᠪᠠᠶᠢᠭ᠎ᠠ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠬᠤ ᠳᠤ ᠠᠰᠢᠭᠲᠠᠢ ᠶᠤᠮ᠃ ᠡᠭᠦᠨ ᠤ ᠬᠠᠮᠲᠤ ᠂ ᠤᠯᠤᠰ ᠤᠨ ᠳᠣᠲᠣᠭᠠᠳᠤ ᠶᠢᠨ | ᠴᠠᠬᠢᠭᠤᠷ ᠢᠶᠠᠷ ᠰᠠᠭᠤᠷᠢ ᠮᠠᠲ᠋ᠧᠷᠢᠶᠠᠯ ᠪᠣᠯᠭᠠᠭᠰᠠᠨ ᠠᠵᠢᠯ ᠲᠥᠷᠥᠯ ᠤᠨ ᠰᠠᠶᠢᠨ ᠤᠷᠴᠢᠯᠳᠤ ᠬᠥᠭᠵᠢᠯᠲᠡ ᠶᠢ ᠠᠬᠢᠭᠤᠯᠵᠤ ᠂ ᠤᠯᠤᠰ ᠲᠠᠭᠠᠨ ᠦᠢᠯᠡᠳᠪᠦᠷᠢᠯᠡᠭᠰᠡᠨ | ᠦᠢᠯᠡᠳᠬᠦᠨ ᠤ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠨᠡᠮᠡᠭᠳᠡᠬᠦᠯᠤᠨ ᠂ ᠭᠠᠳᠠᠭᠠᠳᠤ ᠠᠴᠠ ᠣᠷᠣᠭᠤᠯᠤᠭᠰᠠᠨ ᠦᠢᠯᠡᠳᠬᠦᠨ ᠢ ᠤᠯᠤᠰ ᠲᠠᠭᠠᠨ | ᠦᠢᠯᠡᠳᠪᠦᠷᠢᠯᠡᠬᠦ ᠪᠠ ᠣᠷᠣᠯᠠᠭᠤᠯᠬᠤ ᠶᠢ ᠲᠦᠷᠭᠡᠳᠬᠡᠨ᠎ᠡ ᠃ | | ᠶᠡᠷᠦᠩᠬᠡᠢ ᠪᠡᠯᠡ ᠣᠷᠣᠭᠤᠯᠤᠯᠲᠠ ᠨᠢ 19.25 ᠳ᠋ᠦᠩᠰᠢᠭᠤᠷ ᠲᠥᠭᠦᠷᠢᠭ ᠲᠤ ᠬᠦᠷᠤᠨ᠎ᠠ ︕ | ᠵᠡᠭᠦᠨᠭᠠᠷ ᠬᠤᠰᠢᠭᠤᠨ ᠤ ︽ ᠬᠠᠶᠢᠷ᠎ᠠ ᠬᠠᠯᠠᠮᠵᠢ ᠶᠢᠨ ᠢᠨᠵᠧᠨᠧᠷᠢᠩ ︾ ᠵᠢᠴᠢ ᠰᠢᠤᠸᠠᠢ ᠵᠢᠶᠠ ᠸᠠᠨ ᠤ ᠬᠠᠭᠤᠴᠢᠨ ᠬᠤᠲᠠ ᠲᠣᠭᠤᠷᠢᠭ | ᠵᠢᠴᠢ ᠬᠤᠶᠢᠳᠤ ᠠᠭᠤᠯᠠᠨ ᠤ ᠵᠠᠯᠭᠠᠯᠳᠤᠭᠰᠠᠨ ᠣᠷᠣᠨ ᠤ ᠢᠯᠴᠢ ᠬᠠᠩᠭᠠᠬᠤ ᠬᠤᠭᠤᠯᠠᠢ ᠲᠣᠣᠷ ᠤᠨ ᠪᠠᠭᠲᠠᠭᠠᠮᠵᠢ ᠶᠢ | ᠨᠡᠮᠡᠭᠳᠡᠭᠦᠯᠬᠦ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠠᠵᠢᠯ ᠡᠬᠢᠯᠡᠬᠦᠯᠪᠡ | | | | 2024 ᠣᠨ ᠤ ᠵᠡᠭᠦᠨᠭᠠᠷ ᠬᠤᠰᠢᠭᠤᠨ ᠤ ︽ ᠬᠠᠶᠢᠷ᠎ᠠ ᠬᠠᠯᠠᠮᠵᠢ ᠶᠢᠨ ᠢᠨᠵᠧᠨᠧᠷᠢᠩ ︾ ᠤᠨ ᠲᠥᠷᠥᠯ ᠵᠦᠢᠯ ᠤᠨ ᠶᠡᠭᠡ ᠬᠡᠪᠴᠢᠶᠡᠨ ᠳᠤ ᠂ ᠳᠤᠯᠠᠭᠠᠯᠠᠭ᠎ᠠ | ᠬᠠᠩᠭᠠᠬᠤ ᠂ ᠤᠰᠤ ᠬᠠᠩᠭᠠᠬᠤ ᠂ ᠰᠢᠲᠠᠮᠠᠬᠠᠢ ᠬᠡᠢ ᠬᠠᠩᠭᠠᠬᠤ ᠶᠢ ᠪᠠᠲᠤᠯᠠᠬᠤ 3 ᠲᠠᠯ᠎ᠠ ᠳᠤ ᠬᠤᠯᠪᠣᠭᠳᠠᠭᠰᠠᠨ ᠨᠡᠶᠢᠲᠡ 26 ᠲᠥᠷᠥᠯ ᠵᠦᠢᠯ ᠪᠠᠶᠢᠵᠤ ᠂ ᠡᠭᠦᠨ ᠳᠤ | ᠬᠤᠲᠠ ᠶᠢᠨ ᠱᠠᠲᠤᠨ ᠤ ︽ ᠬᠠᠶᠢᠷ᠎ᠠ ᠬᠠᠯᠠᠮᠵᠢ ᠶᠢᠨ ᠢᠨᠵᠧᠨᠧᠷᠢᠩ ︾ ᠤᠨ ᠲᠥᠷᠥᠯ ᠵᠦᠢᠯ 10 ᠪᠠᠶᠢᠵᠤ ᠂ ᠨᠡᠶᠢᠲᠡ 6.6 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠬᠢᠨ᠎ᠠ ︔ ᠪᠤᠰᠤᠳ ︽ ᠬᠠᠶᠢᠷ᠎ᠠ ᠬᠠᠯᠠᠮᠵᠢ ᠶᠢᠨ ᠢᠨᠵᠧᠨᠧᠷᠢᠩ ︾ ᠤᠨ ᠲᠥᠷᠥᠯ ᠵᠦᠢᠯ 16 ᠪᠠᠶᠢᠵᠤ ᠂ ᠶᠡᠷᠦᠩᠬᠡᠢ ᠪᠡᠯᠡ ᠣᠷᠣᠭᠤᠯᠤᠯᠲᠠ ᠨᠢ 12. | 65 ᠳ᠋ᠦᠩᠰᠢᠭᠤᠷ ᠲᠥᠭᠦᠷᠢᠭ ᠪᠣᠯᠣᠨ᠎ᠠ ᠃ ᠰᠢᠤᠸᠠᠢ ᠵᠢᠶᠠ ᠸᠠᠨ ᠤ ᠬᠠᠭᠤᠴᠢᠨ ᠬᠤᠲᠠ ᠶᠢᠨ ᠲᠣᠭᠤᠷᠢᠭ ᠵᠢᠴᠢ ᠬᠤᠶᠢᠳᠤ ᠠᠭᠤᠯᠠᠨ ᠤ ᠵᠠᠯᠭᠠᠯᠳᠤᠭᠰᠠᠨ | ᠲᠣᠭᠤᠷᠢᠭ ᠤᠨ ᠢᠯᠴᠢ ᠬᠠᠩᠭᠠᠬᠤ ᠬᠤᠭᠤᠯᠠᠢ ᠲᠣᠣᠷ ᠤᠨ ᠪᠠᠭᠲᠠᠭᠠᠮᠵᠢ ᠶᠢ ᠨᠡᠮᠡᠭᠳᠡᠭᠦᠯᠬᠦ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ 7871.71 ᠲᠦᠮᠡᠨ ᠲᠥᠭᠦᠷᠢᠭ ᠪᠠᠶᠢᠵᠤ ᠂ ᠭᠦᠸᠧ ᠬᠤᠸᠠ ᠴᠠᠬᠢᠯᠭᠠᠨ ᠦᠢᠯᠡᠳᠪᠦᠷᠢ ᠠᠴᠠ ᠬᠤᠶᠢᠳᠤ ᠠᠭᠤᠯᠠᠨ ᠤ ᠬᠤᠶᠢᠲᠤ ᠲᠣᠭᠤᠷᠢᠭ | ᠬᠦᠷᠬᠦ ᠸᠧᠢ ᠢ ᠵᠠᠮ ᠤᠨ ᠢᠯᠴᠢ ᠬᠠᠩᠭᠠᠬᠤ ᠬᠤᠭᠤᠯᠠᠢ ᠲᠣᠣᠷ ᠲᠤ ᠪᠠᠭᠲᠠᠭᠠᠮᠵᠢ ᠶᠢ ᠨᠡᠮᠡᠭᠳᠡᠭᠦᠯᠬᠦ ᠮᠡᠷᠭᠡᠵᠢᠯ ᠤᠨ ᠥᠭᠡᠷᠡᠴᠢᠯᠡᠯᠲᠡ ᠬᠢᠬᠦ ᠪᠣᠯᠣᠨ᠎ᠠ ᠃ ᠲᠥᠷᠥᠯ | ᠵᠦᠢᠯ ᠪᠠᠶᠢᠭᠤᠯᠤᠭᠳᠠᠭᠰᠠᠨ ᠤ ᠳᠠᠷᠠᠭ᠎ᠠ ᠂ ᠰᠢᠤᠸᠠᠢ ᠵᠢᠶᠠ ᠸᠠᠨ ᠤ ᠬᠤᠶᠢᠳᠤ ᠠᠭᠤᠯᠠᠨ ᠤ ᠰᠢᠨ᠎ᠡ ᠲᠣᠭᠤᠷᠢᠭ ᠂ ᠵᠢᠶᠠ ᠵᠢᠶᠠ ᠸᠠᠨ ᠪᠣᠯᠣᠨ 153 ᠲᠣᠭᠤᠷᠢᠭ ᠤᠨ | 800 ᠲᠦᠮᠡᠨ ᠲᠡᠭᠰᠢ ᠳᠥᠷᠪᠡᠯᠵᠢᠨ ᠮᠧᠲᠷ ᠤᠨ ᠳᠤᠯᠠᠭᠠᠯᠠᠭ᠎ᠠ ᠶᠢᠨ ᠬᠡᠷᠡᠭᠴᠡᠭᠡ ᠶᠢ ᠬᠠᠩᠭᠠᠵᠤ ᠂ ᠡᠭᠦᠨ ᠤ ᠬᠠᠮᠲᠤ ᠪᠠᠰᠠ ᠰᠢᠤᠸᠠᠢ ᠵᠢᠶᠠ ᠸᠠᠨ ᠣᠷᠣᠨ ᠤ | ᠵᠥᠷᠢᠶ᠎ᠡ ᠶᠡᠭᠡ ᠂ ᠢᠯᠴᠢ ᠶᠢᠨ ᠬᠠᠩᠭᠠᠯᠲᠠ ᠠᠮᠤᠷ ᠲᠦᠪᠰᠢᠨ ᠪᠤᠰᠤ ᠪᠠᠶᠢᠬᠤ ᠪᠠ ᠬᠤᠶᠢᠳᠤ ᠠᠭᠤᠯᠠᠨ ᠤ ᠰᠢᠨ᠎ᠡ ᠲᠣᠭᠤᠷᠢᠭ ᠤᠨ ᠳᠤᠮᠳᠠ ᠬᠤᠯᠠ ᠬᠤᠭᠤᠴᠠᠭᠠᠨ ᠤ | ᠢᠯᠴᠢ ᠶᠢᠨ ᠬᠠᠩᠭᠠᠯᠭ᠎ᠠ ᠶᠢᠨ ᠳᠠᠭᠠᠭᠠᠴᠠ ᠶᠢᠨ ᠠᠰᠠᠭᠤᠳᠠᠯ ᠢ ᠰᠢᠢᠳᠪᠦᠷᠢᠯᠡᠵᠦ ᠂ ᠬᠤᠲᠠ ᠶᠢᠨ ᠲᠡᠭᠦᠷᠭᠡ ᠶᠢᠨ ᠠᠭᠤᠯᠵᠠᠷ ᠲᠣᠭᠤᠷᠢᠭ ᠤᠨ ᠰᠠᠭᠤᠭᠠᠯᠢ ᠠᠷᠠᠳ ᠲᠤ | ᠲᠥᠪᠯᠡᠷᠡᠭᠦᠯᠦᠨ ᠢᠯᠴᠢ ᠬᠠᠩᠭᠠᠬᠤ ᠠᠴᠠ ᠪᠣᠯᠤᠭᠰᠠᠨ ᠲᠦᠭᠦᠮ ᠨᠥᠬᠦᠴᠡᠯ ᠢ ᠡᠳ᠋ᠯᠡᠭᠦᠯᠵᠦ ᠂ ᠰᠢᠲᠠᠭᠠᠯᠭ᠎ᠠ ᠶᠢᠨ ᠨᠡᠭᠦᠷᠡᠰᠦ ᠳᠠᠷᠠᠬᠠᠢ ᠰᠢᠲᠠᠭᠠᠯᠭ᠎ᠠ ᠠᠴᠠ ᠪᠣᠯᠤᠭᠰᠠᠨ | ᠣᠷᠴᠢᠨ ᠲᠣᠭᠤᠷᠢᠨ ᠤ ᠪᠣᠬᠢᠷᠲᠤᠯ ᠢ ᠪᠦᠲᠦᠮᠵᠢᠲᠡᠢ ᠵᠠᠰᠠᠵᠤ ᠂ ᠰᠢᠤᠸᠠᠢ ᠵᠢᠶᠠ ᠸᠠᠨ ᠤ ᠪᠦᠬᠦᠯᠢ ᠴᠣᠭᠴᠠ ᠶᠢᠨ ᠢᠯᠴᠢ ᠶᠢᠨ ᠬᠠᠩᠭᠠᠯᠭ᠎ᠠ ᠶᠢᠨ ᠠᠮᠤᠷ ᠲᠦᠪᠰᠢᠨ | ᠵᠢᠴᠢ ᠢᠯᠴᠢ ᠶᠢᠨ ᠬᠠᠩᠭᠠᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠯᠣᠨ᠎ᠠ ᠃ | | ᠶᠡᠷᠦᠩᠬᠡᠢ ᠪᠡᠯᠡ ᠣᠷᠣᠭᠤᠯᠤᠯᠲᠠ ᠨᠢ 10.37 ᠳ᠋ᠦᠩᠰᠢᠭᠤᠷ ᠲᠥᠭᠦᠷᠢᠭ ᠲᠤ ᠬᠦᠷᠤᠨ᠎ᠠ ︕ | ᠥᠪᠥᠷ ᠮᠣᠩᠭᠤᠯ ᠤᠨ ᠬᠤᠢ ᠨᠧᠩ ᠴᠠᠬᠢᠭᠤᠷ ᠬᠦᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠳᠤ ᠺᠤᠮᠫᠠᠨᠢ ᠶᠢᠨ ᠵᠢᠯ ᠳᠤ 20 ᠲᠦᠮᠡᠨ ᠲᠣᠨ ᠨᠡᠭᠦᠷᠡᠰᠦᠨ ᠴᠢᠯᠠᠭᠤ ᠨᠤᠨᠳᠠᠭ ᠨᠡᠭᠦᠷᠡᠰᠦᠨ ᠤ ᠦᠨᠡᠰᠦ ᠬᠠᠲᠠᠭᠤ ᠬᠠᠶᠠᠭᠳᠠᠮᠠᠯ | ᠪᠣᠳᠠᠰ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠳᠦᠷᠤᠯ ᠵᠦᠢᠯ ᠠᠵᠢᠯ ᠡᠬᠢᠯᠡᠬᠦᠯᠪᠡ | | | | ᠥᠪᠥᠷ ᠮᠣᠩᠭᠤᠯ ᠤᠨ ᠬᠤᠢ ᠨᠧᠩ ᠴᠠᠬᠢᠭᠤᠷ ᠬᠦᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠵᠢᠯ ᠳᠤ 20 ᠲᠦᠮᠡᠨ ᠲᠣᠨ ᠨᠡᠭᠦᠷᠡᠰᠦᠨ ᠴᠢᠯᠠᠭᠤ ᠨᠤᠨᠳᠠᠭ ᠨᠡᠭᠦᠷᠡᠰᠦᠨ ᠤ ᠦᠨᠡᠰᠦ ᠬᠠᠲᠠᠭᠤ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ | ᠠᠰᠢᠭᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠵᠡᠯᠡᠬᠦ ᠳᠠᠯᠠᠪᠠᠢ 320 ᠮᠦ ᠪᠠᠶᠢᠵᠤ ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ ᠵᠢᠯ ᠳᠤ 7 ᠲᠦᠮᠡᠨ | ᠲᠣᠨ ᠬᠦᠩᠭᠡᠨᠴᠠᠭᠠᠨ ᠤ ᠴᠠᠬᠢᠭᠤᠷ ᠴᠢᠳᠬᠤᠬᠤ ᠵᠢᠴᠢ ᠬᠦᠴᠢᠯᠲᠥ᠋ᠷᠥᠭᠴᠢ ᠦᠭᠡᠶᠢᠳᠡᠭᠦᠯᠬᠦ ᠡᠳ᠋ ᠦᠢᠯᠡᠳᠪᠦᠷᠢᠯᠡᠬᠦ ᠱᠤᠭᠤᠮ ᠪᠣᠯᠣᠨ᠎ᠠ ᠃ ᠲᠣᠰ ᠵᠢᠱᠢᠶ᠎ᠡ ᠦᠵᠡᠭᠦᠯᠬᠦ | ᠳᠦᠷᠤᠯ ᠵᠦᠢᠯ ᠪᠤᠯ ᠤᠯᠤᠰ ᠤᠨ ︽ ᠬᠤᠣᠰ ᠨᠡᠭᠦᠷᠡᠰᠦᠲᠥ᠋ᠷᠥᠭᠴᠢ ︾ ᠶᠢᠨ ᠪᠠᠶᠢᠯᠳᠤᠬᠤ ᠪᠣᠳᠣᠯᠭ᠎ᠠ ᠶᠢᠨ ᠤᠷᠢᠶᠠᠯᠠᠭ᠎ᠠ ᠶᠢ ᠳᠠᠭᠠᠵᠤ ᠂ ᠵᠡᠭᠦᠨᠭᠠᠷ ᠬᠤᠰᠢᠭᠤᠨ ᠳᠤ | ᠶᠡᠭᠡ ᠬᠡᠮᠵᠢᠶᠡᠨ ᠤ ᠬᠦᠩᠭᠡᠨᠴᠠᠭᠠᠨ ᠶᠡᠬᠡᠲᠡᠢ ᠨᠡᠭᠦᠷᠡᠰᠦᠨ ᠴᠢᠯᠠᠭᠤ ᠪᠠ ᠬᠦᠩᠭᠡᠨᠴᠠᠭᠠᠨ ᠶᠡᠬᠡᠲᠡᠢ ᠨᠤᠨᠳᠠᠭ ᠨᠡᠭᠦᠷᠡᠰᠦᠨ ᠤ ᠦᠨᠡᠰᠦᠨ ᠤ ᠡᠬᠢ ᠪᠠᠶᠠᠯᠢᠭ ᠲᠠᠢ | ᠪᠠᠶᠢᠬᠤ ᠳᠤ ᠲᠦᠰᠢᠭᠯᠡᠨ ᠂ ᠺᠣᠮᠫᠠᠨᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠲᠡᠷᠢᠭᠦᠨ ᠤ ᠤᠷᠠᠯᠠᠯ ᠢᠶᠠᠷ ᠴᠠᠬᠢᠭᠤᠷ ᠬᠦᠩᠭᠡᠨᠴᠠᠭᠠᠨ ᠤ ᠰᠢᠨ᠎ᠡ | ᠮᠠᠲ᠋ᠧᠷᠢᠶᠠᠯ ᠢ ᠦᠢᠯᠡᠳᠪᠦᠷᠢᠯᠡᠵᠦ ᠂ ᠬᠦᠩᠭᠡᠨᠴᠠᠭᠠᠨ ᠶᠡᠬᠡᠳᠡᠢ ᠨᠡᠭᠦᠷᠡᠰᠦ ︱ ᠪᠤᠬᠢᠷᠳᠤᠯ ᠦᠭᠡᠢ ᠴᠠᠬᠢᠯᠭᠠᠨ ᠬᠦᠴᠤᠨ ︱ ᠬᠦᠩᠭᠡᠨᠴᠠᠭᠠᠨ ᠤ ᠬᠠᠶᠢᠯᠤᠰᠢ ︱ | ᠬᠦᠩᠭᠡᠨᠴᠠᠭᠠᠨ ᠢ ᠨᠠᠷᠢᠯᠢᠭ ᠡᠳ᠋ᠰᠢᠬᠦᠯᠬᠦ ᠣᠷᠴᠢᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠨ ᠪᠠᠶᠢᠭᠤᠯᠬᠤ ᠶᠠᠪᠤᠳᠠᠯ ᠪᠣᠯᠣᠨ᠎ᠠ ᠃ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠢ ᠨᠢᠭᠡ ᠵᠢᠯ ᠪᠠᠶᠢᠵᠤ ᠂ ᠪᠦᠬᠦᠨ ᠢᠶᠠᠷ ᠢᠶᠠᠨ ᠠᠰᠢᠬᠯᠠᠯᠳᠠ ᠳᠤ ᠤᠷᠤᠬᠰᠠᠨ ᠤ ᠳᠠᠷᠠᠭ᠎ᠠ ᠂ | ᠵᠢᠱᠢᠯᠲᠡ ᠪᠠᠷ ᠦᠢᠯᠡᠳᠬᠦᠨ ᠤ ᠥᠷᠲᠡᠭ ᠢ 9.7 ᠳ᠋ᠦᠩᠰᠢᠭᠤᠷ ᠲᠥᠭᠦᠷᠢᠭ ᠂ ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ ᠢ 5.4 ᠳ᠋ᠦᠩᠰᠢᠭᠤᠷ ᠲᠥᠭᠦᠷᠢᠭ ᠂ | ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ 303 ᠲᠦᠮᠡᠨ ᠲᠥᠭᠦᠷᠢᠭ ᠂ ᠳᠡᠭᠡᠭᠰᠢ ᠳᠤᠰᠢᠶᠠᠬᠤ ᠭᠠᠶᠢᠯᠢ ᠶᠢ 1.5 ᠳ᠋ᠦᠩᠰᠢᠭᠤᠷ ᠲᠥᠭᠦᠷᠢᠭ | ᠪᠡᠶᠡᠯᠡᠭᠦᠯᠵᠦ ᠂ 500 ᠠᠵᠢᠯ ᠤᠨ ᠪᠠᠶᠢᠷᠢ ᠬᠠᠩᠭᠠᠨ᠎ᠠ ᠃ | | ᠶᠡᠷᠦᠩᠬᠡᠢ ᠪᠡᠯᠡ ᠣᠷᠣᠭᠤᠯᠤᠯᠲᠠ ᠨᠢ 1.96 ᠳ᠋ᠦᠩᠰᠢᠭᠤᠷ ᠲᠥᠭᠦᠷᠢᠭ ᠲᠤ ᠬᠦᠷᠤᠨ᠎ᠠ ︕ | ᠵᠡᠭᠦᠨᠭᠠᠷ ᠬᠤᠰᠢᠭᠤᠨ ᠤ ᠣᠶᠤᠨᠴᠢ ᠥᠨᠳᠥᠷ ᠦᠷ᠎ᠡ ᠠᠰᠢᠭᠲᠤ ᠲᠥᠬᠦᠭᠡᠷᠦᠮᠵᠢᠳᠤ ᠲᠠᠷᠢᠶᠠᠯᠠᠩ ᠤᠨ | ᠬᠦᠷᠢᠶᠡᠯᠡᠩ ᠤᠨ ᠪᠦᠳᠤᠭᠡᠨ ᠪᠠᠶᠢᠭᠤᠯᠤᠯᠲᠠ ᠶᠢᠨ ᠳᠦᠷᠤᠯ ᠵᠦᠢᠯ ᠠᠵᠢᠯ ᠡᠬᠢᠯᠡᠬᠦᠯᠪᠡ | | | | ᠵᠡᠭᠦᠨᠭᠠᠷ ᠬᠤᠰᠢᠭᠤᠨ ᠤ ᠣᠶᠤᠨᠴᠢ ᠥᠨᠳᠥᠷ ᠦᠷ᠎ᠡ ᠠᠰᠢᠭᠲᠤ ᠲᠥᠬᠦᠭᠡᠷᠦᠮᠵᠢᠳᠤ ᠲᠠᠷᠢᠶᠠᠯᠠᠩ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠨᠢ ᠳ᠋ᠡ ᠯᠦ ᠪᠠᠯᠭᠠᠰᠤᠨ ᠤ ᠰᠢᠶᠣᠣ ᠲᠠᠨ ᠽᠢ ᠲᠣᠰᠬᠤᠨ ᠳᠤ ᠪᠠᠶᠢᠷᠢᠯᠠᠵᠤ ᠂ 68480 ᠲᠡᠭᠰᠢ ᠳᠥᠷᠪᠡᠯᠵᠢᠨ ᠮᠧᠲᠷ ᠤᠨ ᠥᠨᠳᠥᠷ ᠪᠠᠷᠢᠮᠵᠢᠶᠠᠲᠤ ᠣᠶᠤᠨᠴᠢ | ᠬᠦᠯᠡᠮᠵᠢ ᠂ 1449.72 ᠲᠡᠭᠰᠢ ᠳᠥᠷᠪᠡᠯᠵᠢᠨ ᠮᠧᠲᠷ ᠤᠨ ᠣᠶᠤᠨᠴᠢ ᠲᠥᠪ ᠢ ᠰᠢᠨ᠎ᠡ ᠪᠠᠷ ᠪᠠᠶᠢᠭᠤᠯᠵᠤ ᠂ ᠲᠥᠷᠥᠯ ᠵᠦᠢᠯ ᠳᠤ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠵᠢᠴᠢ ᠨᠠᠷᠢᠯᠢᠭ ᠣᠨᠣᠴᠠᠲᠠᠢ ᠪᠠᠷ ᠤᠰᠤᠯᠠᠬᠤ ᠮᠡᠷᠭᠡᠵᠢᠯ ᠢ ᠬᠡᠷᠡᠭᠯᠡᠨ ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠳᠤ 1755 ᠲᠣᠨ ᠴᠢᠨᠠᠷ | ᠰᠠᠶᠢᠲᠠᠢ ᠵᠢᠮᠢᠰ ᠲᠥᠪᠡᠳ ᠬᠠᠰᠢ ᠂ ᠭᠦᠵᠡᠯᠵᠡᠭᠡᠨ᠎ᠡ ᠂ ᠡᠯ᠎ᠡ ᠲᠥᠷᠥᠯ ᠤᠨ ᠴᠡᠴᠡᠭ 12 ᠲᠦᠮᠡᠨ ᠰᠠᠭᠤᠷᠢ ᠂ ᠴᠢᠨᠠᠷ ᠰᠠᠶᠢᠲᠠᠢ ᠦᠷ᠎ᠡ ᠶᠢᠨ ᠴᠢᠬᠢ 488 ᠲᠦᠮᠡᠨ | ᠰᠠᠭᠤᠷᠢ ᠦᠢᠯᠡᠳᠪᠦᠷᠢᠯᠡᠵᠦ ᠂ ᠵᠢᠯ ᠤᠨ ᠣᠷᠣᠯᠭ᠎ᠠ ᠨᠢ 3800 ᠲᠦᠮᠡᠨ ᠲᠥᠭᠦᠷᠢᠭ ᠲᠤ ᠬᠦᠷᠴᠦ ᠂ ᠪᠥᠬᠦ ᠵᠢᠯ ᠳᠤ ᠵᠡᠭᠦᠨᠭᠠᠷ ᠬᠤᠰᠢᠭᠤᠨ ᠤ ᠬᠢᠵᠠᠭᠠᠷ ᠳᠣᠲᠣᠷᠠᠬᠢ | ᠲᠠᠷᠢᠮᠠᠯ ᠤᠨ ᠡᠷᠦᠬᠡ ᠳᠤ ᠭᠤᠸ᠎ᠠ ᠢᠳᠡᠰᠢᠨ ᠨᠣᠭᠤᠭ᠎ᠠ ᠂ ᠴᠡᠴᠡᠭ ᠤᠨ ᠴᠢᠨᠠᠷ ᠰᠠᠶᠢᠲᠠᠢ ᠦᠷ᠎ᠡ ᠶᠢᠨ ᠴᠢᠬᠢ ᠬᠠᠩᠭᠠᠨ᠎ᠠ ᠃ | | ᠵᠡᠭᠦᠨᠭᠠᠷ ᠬᠤᠰᠢᠭᠤᠨ ᠤ 2024 ᠣᠨ ᠤ 6.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠠᠵᠢᠯ ᠡᠬᠢᠯᠡᠬᠦᠯᠪᠡ | | | | 2024 ᠣᠨ ᠳᠤ ᠵᠡᠭᠦᠨᠭᠠᠷ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠠᠯᠠᠪᠠᠶ ᠨᠡᠶᠢᠲᠡ 6.5 ᠲᠦᠮᠡᠨ ᠮᠦ ᠪᠠᠶᠢᠵᠤ ᠂ ᠲᠣᠰ ᠲᠣᠰ ᠱᠠᠬᠳᠠᠷ ᠪᠠᠯᠭᠠᠰᠤ ᠂ ᠨᠤᠸᠠᠨ ᠱᠦᠢ ᠰᠢᠶᠠᠩ ᠂ ᠶᠢᠤ ᠢ ᠵᠡᠭᠡᠯᠢ ᠭᠤᠳᠤᠮᠵᠢ ᠶᠢᠨ | ᠭᠡᠷᠡᠭ ᠡᠷᠬᠢᠯᠡᠬᠦ ᠭᠠᠵᠠᠷ ᠂ ᠳ᠋ᠠ ᠯᠦ ᠪᠠᠯᠭᠠᠰᠤ ᠂ ᠪᠤᠷᠤᠳᠤᠬᠤᠢ ᠰᠤᠮᠤ ᠂ ᠱᠢ ᠡᠯ ᠯᠢᠶᠠᠨ ᠴᠧᠩ ᠰᠢᠶᠠᠩ ᠳᠤ ᠪᠠᠶᠢᠷᠢᠯᠠᠵᠤ ᠪᠤᠢ ᠃ ᠤᠰᠤᠨ ᠠᠰᠢᠭᠯᠠᠯᠲᠠ ᠶᠢᠨ | ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠲᠥᠬᠦᠷᠵᠢᠭᠦᠯᠬᠦ ᠪᠠᠷ ᠳᠠᠮᠵᠢᠭᠤᠯᠤᠨ᠂ ᠵᠢᠵᠢᠭ ᠲᠠᠷᠢᠶ᠎ᠠ ᠶᠢ ᠶᠡᠭᠡ ᠲᠠᠷᠢᠶ᠎ᠠ ᠪᠣᠯᠭᠠᠵᠤ ᠂ ᠲᠠᠷᠢᠶᠠᠨ ᠭᠠᠵᠠᠷ ᠤᠨ ᠬᠡᠰᠡᠭ | ᠪᠤᠰᠠᠭ ᠪᠠᠶᠢᠬᠤ ᠠᠰᠠᠭᠤᠳᠠᠯ ᠢ ᠰᠢᠢᠳᠪᠦᠷᠢᠯᠡᠨ᠂ ᠬᠡᠪᠴᠢᠶᠡᠵᠢᠭᠦᠯᠦᠨ ᠡᠵᠡᠩᠨᠡᠬᠦ ᠶᠢ ᠪᠡᠶᠡᠯᠡᠭᠦᠯᠵᠦ ᠂ ᠭᠠᠵᠠᠷ ᠰᠢᠷᠣᠢ ᠶᠢᠨ ᠠᠰᠢᠭᠯᠠᠯᠲᠠ ᠶᠢᠨ ᠪᠦᠲᠦᠴᠡ ᠶᠢ | ᠰᠢᠯᠢᠳᠡᠭᠵᠢᠭᠦᠯᠦᠨ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠷᠢᠶᠠᠴᠢᠳ ᠤᠨ ᠦᠢᠯᠡᠳᠪᠦᠷᠢᠯᠡᠯ᠂ ᠠᠮᠢᠳᠤᠷᠠᠯ ᠤᠨ ᠨᠥᠬᠦᠴᠡᠯ ᠢ | ᠰᠠᠶᠢᠵᠢᠷᠠᠭᠤᠯᠤᠨ᠎ᠠ ᠃ | ᠲᠠᠨᠢᠯᠴᠠᠭᠤᠯᠤᠭᠰᠠᠨ ᠢᠶᠠᠷ ᠂ ᠡᠨᠡ ᠵᠢᠯ ᠵᠡᠭᠦᠨᠭᠠᠷ ᠬᠤᠰᠢᠭᠤᠨ ᠤ ᠰᠢᠨ᠎ᠡ ᠪᠠᠷ ᠪᠦᠳᠤᠭᠡᠨ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ | ᠵᠦᠢᠯ ᠨᠢ ᠤᠰᠤᠯᠠᠯᠲᠠ ᠶᠢᠨ ᠤᠰᠤ ᠵᠠᠯᠠᠬᠤ ᠂ ᠲᠠᠷᠢᠶᠠᠨ ᠭᠠᠵᠠᠷ ᠤᠨ ᠵᠠᠮ ᠂ ᠲᠠᠷᠢᠶᠠᠨ ᠭᠠᠵᠠᠷ ᠤᠨ ᠴᠠᠬᠢᠯᠭᠠᠨ ᠳᠠᠮᠵᠢᠭᠤᠯᠬᠤ ᠂ ᠬᠥᠷᠥᠰᠥ ᠰᠢᠷᠣᠢ ᠶᠢ | ᠰᠠᠶᠢᠵᠢᠷᠠᠭᠤᠯᠬᠤ ᠂ ᠲᠠᠷᠢᠶᠠᠨ ᠭᠠᠵᠠᠷ ᠢ ᠰᠡᠷᠭᠡᠶᠢᠯᠡᠨ ᠬᠠᠮᠠᠭᠠᠯᠠᠬᠤ ᠪᠠ ᠪᠦᠳᠤᠭᠡᠨ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠪᠠᠷ ᠭᠤᠣᠯᠳᠠᠯᠭ᠎ᠠ | ᠪᠣᠯᠭᠠᠵᠤ ᠂ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ ᠂ ᠲᠠᠷᠢᠶᠠᠨ | ᠭᠠᠵᠠᠷ ᠤᠨ ᠤᠨᠠᠯᠲᠠ ᠶᠢ ᠨᠡᠮᠡᠭᠳᠡᠭᠦᠯᠵᠦ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ ᠃ | | ᠨᠢᠭᠡ ᠪᠦᠯᠦᠭ ᠴᠢᠬᠤᠯᠠ ᠶᠡᠭᠡ ᠳᠦᠷᠤᠯ ᠵᠤᠶᠢᠯ ᠢ ᠪᠦᠬᠦ ᠲᠠᠯ᠎ᠠ ᠪᠠᠷ ᠠᠵᠢᠯ ᠰᠡᠷᠭᠦᠭᠡᠪᠡ | | ᠲᠦᠷᠦᠯ ᠵᠦᠢᠯ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ ᠬᠦᠴᠦᠷᠬᠡᠭ ᠬᠥᠳᠡᠯᠭᠡᠭᠦᠷ ︾ ᠂ ︽ ᠬᠠᠲᠠᠭᠤ ᠲᠤᠯᠭᠠᠭᠤᠷᠢᠯᠠᠯ︾ ᠪᠣᠯᠣᠨ᠎ᠠ ᠃ ᠵᠡᠭᠦᠨᠭᠠᠷ | ᠬᠤᠰᠢᠭᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠪᠠᠶᠢᠳᠠᠯ ᠵᠶ᠋ᠠᠨᠦᠷᠭᠦᠯᠵᠢᠯᠡᠨ ᠪᠠᠲᠤᠯᠠᠵᠤ ᠂ ︽ ᠶᠡᠭᠡ ᠶᠢ ᠠᠳᠬᠤᠭᠰᠠᠨ ᠴᠤ ᠪᠠᠭ᠎ᠠ ᠶᠢ ᠲᠠᠯᠪᠢᠬᠤ ᠦᠭᠡᠢ ︾ ᠂ | ︽ ᠰᠢᠨ᠎ᠡ ᠶᠢ ᠡᠷᠬᠢᠮᠯᠡᠭᠰᠡᠨ ᠴᠤ ᠬᠠᠭᠤᠴᠢᠨ ᠢ ᠲᠠᠶᠠᠬᠳᠠᠬᠤ ᠦᠭᠡᠢ ︾ ᠂ ︽ ᠬᠤᠯᠠ ᠶᠢ ᠡᠷᠢᠯᠬᠢᠯᠡᠭᠰᠡᠨ ᠴᠤ ᠣᠶᠢᠷ᠎ᠠ ᠶᠢ ᠤᠮᠳᠤᠭᠠᠶᠢᠯᠠᠬᠤ ᠦᠭᠡᠢ ︾ ᠠᠵᠢᠯ ᠤᠨ | ᠰᠡᠳᠬᠢᠴᠡ ᠶᠣᠰᠣᠭᠠᠷ ᠂ ᠬᠠᠳᠠᠭᠠᠯᠠᠯᠲᠠ ᠶᠢᠨ ᠬᠡᠮᠵᠢᠶ᠎ᠡ ᠶᠢ ᠲᠣᠭᠲᠠᠪᠤᠷᠢᠵᠢᠭᠤᠯᠤᠨ ᠂ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠵᠦ ᠂ ᠪᠦᠬᠦ ᠲᠠᠯ᠎ᠠ ᠪᠠᠷ ᠠᠵᠢᠯ ᠢᠶᠠᠨ | ᠰᠡᠷᠭᠦᠭᠡᠬᠦ ᠴᠢᠬᠤᠯᠠ ᠶᠡᠭᠡ ᠲᠦᠷᠦᠯ ᠵᠦᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ ᠂ ᠨᠠᠷᠢᠯᠢᠭ ᠠᠴᠠ ᠨᠠᠷᠢᠯᠢᠭ ᠂ ᠪᠣᠳᠠᠲᠠᠢ ᠠᠴᠠ ᠪᠣᠳᠠᠲᠠᠢ ᠂ ᠰᠢᠯᠢᠳᠡᠭ ᠠᠴᠠ | ᠰᠢᠯᠢᠳᠡᠭ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠷ ᠲᠦᠷᠦᠯ ᠵᠦᠢᠯ ᠳᠤ ᠪᠦᠬᠦ ᠡᠳᠦᠷ ᠤᠨ ᠂ ᠪᠦᠬᠦ ᠦᠶᠡᠯᠡᠯ ᠤᠨ ᠬᠤᠭᠤᠴᠠᠭ᠎ᠠ ᠲᠠᠢ ᠂ ᠪᠦᠬᠦ ᠬᠡᠯᠬᠢᠶ᠎ᠡ ᠶᠢᠨ | ᠦᠢᠯᠡᠴᠢᠯᠡᠭᠡ ᠪᠠᠲᠤᠯᠠᠭ᠎ᠠ ᠬᠠᠩᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠨᠡᠮᠡᠭᠳᠡᠭᠦᠯᠬᠦ ᠳᠤ ᠬᠦᠴᠦ ᠨᠡᠮᠡᠷᠢᠯᠡᠵᠦ ᠂ ᠴᠢᠨᠠᠷ | ᠰᠠᠶᠢᠲᠠᠢ ᠬᠥᠭᠵᠢᠯᠲᠡ ᠳᠤ ᠳᠠᠪᠠᠭᠤᠯᠢᠭ ᠬᠦᠴᠦᠨ ᠢ ᠦᠷᠭᠦᠯᠵᠢᠯᠡᠨ ᠪᠠᠲᠤᠳᠬᠠᠵᠤ ᠪᠤᠢ ᠃ | | ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 78.65 ᠳ᠋ᠦᠩᠰᠢᠭᠤᠷ ᠲᠥᠭᠦᠷᠢᠭ ᠲᠤ ᠬᠦᠷᠤᠨ᠎ᠠ ︕ | ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠵᠦᠨ ᠳ᠋ᠠ ᠴᠠᠬᠢᠯᠭᠠᠨ ᠦᠢᠯᠡᠳᠪᠦᠷᠢ ᠶᠢᠨ 2×100 ᠲᠦᠮᠡᠨ | ᠺᠢᠯᠣᠸᠠᠲ ᠤᠨ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠤᠨ ᠥᠷᠭᠡᠳᠬᠡᠨᠪᠦ᠋ᠳᠤᠭᠡᠨ ᠪᠠᠶᠢᠭᠤᠯᠬᠤ ᠲᠦᠷᠦᠯ ᠵᠦᠢᠯ | | | ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠵᠦᠨ ᠳ᠋ᠠ ᠴᠠᠬᠢᠯᠭᠠᠨ ᠦᠢᠯᠡᠳᠪᠦᠷᠢ ᠶᠢᠨ 2×100 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠢ | ᠨᠢᠭᠡ ᠴᠣᠭᠴᠠᠵᠢᠭᠤᠯᠤᠨ ᠥᠷᠭᠡᠳᠬᠡᠨ ᠪᠦᠳᠤᠭᠡᠨ ᠪᠠᠶᠢᠭᠤᠯᠬᠤ ᠲᠦᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ | ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠭᠠᠵᠠᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠪᠠᠶᠢᠷᠢᠯᠠᠭᠤᠯᠤᠭᠰᠠᠨ ᠭᠤᠣᠯᠳᠠᠯᠭ᠎ᠠ ᠲᠠᠢ ᠲᠦᠷᠦᠯ ᠵᠦᠢᠯ | ᠪᠣᠯᠣᠨ᠎ᠠ ᠃ ᠡᠵᠡᠯᠡᠬᠦ ᠲᠠᠯᠠᠪᠠᠢ ᠨᠢ 57.4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 78.65 ᠳ᠋ᠦᠩᠰᠢᠭᠤᠷ | ᠲᠥᠭᠦᠷᠢᠭ ᠲᠤ ᠬᠦᠷᠴᠦ ᠂ 2×1000MW ᠶᠢᠨ ᠥᠨᠳᠥᠷ ᠪᠦᠲᠦᠮᠵᠢᠲᠡᠶ ᠬᠡᠳᠤ ᠬᠢᠵᠠᠭᠠᠷ ᠠᠴᠠ ᠳᠠᠪᠠᠭᠰᠠᠨ᠂ ᠨᠢᠭᠡ ᠤᠳᠠᠭ᠎ᠠ ᠳᠤ ᠲᠠᠬᠢᠨ ᠬᠠᠯᠠᠭᠤᠯᠤᠭᠰᠠᠨ᠂ | ᠳᠠᠮ ᠢᠶᠠᠷ ᠠᠭᠠᠷ ᠢᠶᠠᠷ ᠬᠥᠷᠥᠭᠡᠬᠦ ᠠᠭᠤᠷ ᠤᠨ ᠴᠠᠷᠴᠠᠭᠠᠭᠤᠷ ᠮᠠᠶ᠋ᠢᠭ ᠤᠨ ᠠᠭᠤᠷ ᠤᠨ ᠲᠦᠷᠪᠢᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ | ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠨᠡᠬᠦᠷᠡᠰᠤᠨ ᠤ ᠡᠬᠢ ᠰᠤᠷᠪᠤᠯᠵᠢ ᠳᠤ ᠯᠤᠤ ᠰᠠᠨ ᠭᠧᠦ ᠶᠢᠨ ᠢᠵᠢ ᠪᠦᠷᠢᠳᠦᠭᠦᠯᠬᠦ ᠨᠡᠭᠦᠷᠡᠰᠦᠨ ᠠᠭᠤᠷᠬᠠᠢ ᠶᠢᠨ | ᠨᠡᠬᠦᠷᠡᠰᠤ ᠶᠢ ᠭᠡᠷᠡᠭᠯᠡᠵᠤ ᠂ ᠬᠤᠭᠤᠯᠠᠢ ᠪᠠᠷ ᠦᠢᠯᠡᠳᠪᠦᠷᠢ ᠳᠤ ᠵᠥᠭᠡᠭᠡᠪᠦᠷᠢᠯᠡᠨ ᠣᠷᠣᠭᠤᠯᠵᠤ ᠨᠡᠭᠦᠷᠡᠰᠦ ᠴᠠᠬᠢᠯᠭᠠᠨ ᠢ ᠲᠤᠬᠠᠢ ᠶᠢᠨ ᠭᠠᠵᠠᠷ ᠲᠤᠨᠢ | ᠬᠤᠪᠢᠷᠠᠭᠤᠯᠬᠤ ᠶᠢ ᠠᠬᠢᠭᠤᠯᠵᠤ ᠂ ︽ ᠨᠡᠭᠦᠷᠡᠰᠦ ᠶᠢ ᠠᠭᠠᠷ ᠢᠶᠠᠷ ᠬᠦᠷᠭᠡᠵᠤ ᠂ ᠴᠠᠬᠢᠯᠭᠠᠨ ᠢ ᠪᠦᠬᠦ ᠳᠤᠮᠳᠠᠳᠤ ᠤᠯᠤᠰ ᠲᠤ ᠬᠦᠷᠭᠡᠬᠦ ︾ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠶᠢ ᠪᠡᠶᠡᠯᠡᠭᠦᠯᠵᠦ ᠴᠢᠳᠠᠨ᠎ᠠ ᠃ | | ᠥᠪᠥᠷ ᠮᠣᠩᠭᠤᠯ ᠤᠨ ᠬᠤᠢ ᠨᠧᠩ ᠪᠦᠯᠦᠭᠯᠡᠯ ᠤᠨ ᠴᠠᠩ ᠲᠠᠨ ᠴᠠᠬᠢᠯᠭᠠᠨ ᠤ ᠦᠢᠯᠡᠳᠪᠦᠷᠢ ᠶᠢᠨ 2×660MW | ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠤᠨ ᠥᠷᠭᠡᠳᠬᠡᠨ ᠪᠦᠳᠤᠭᠡᠨ ᠪᠠᠶᠢᠭᠤᠯᠬᠤ ᠲᠦᠷᠦᠯ ᠵᠦᠢᠯ | ᠥᠪᠥᠷ ᠮᠣᠩᠭᠤᠯ ᠤᠨ ᠬᠤᠢ ᠨᠧᠩ ᠪᠦᠯᠦᠭᠯᠡᠯ ᠤᠨ ᠴᠠᠩ ᠲᠠᠨ ᠴᠠᠬᠢᠯᠭᠠᠨ ᠤ ᠦᠢᠯᠡᠳᠪᠦᠷᠢ ᠶᠢᠨ 2×660MW ᠨᠡᠭᠦᠷᠡᠰᠦ ᠴᠠᠬᠢᠯᠭᠠᠨ ᠢ ᠨᠢᠭᠡ | ᠴᠣᠭᠴᠠᠵᠢᠭᠤᠯᠤᠨ ᠥᠷᠭᠡᠳᠬᠡᠨ ᠪᠦᠳᠤᠭᠡᠨ ᠪᠠᠶᠢᠭᠤᠯᠬᠤ ᠲᠥᠷᠥᠯ ᠵᠦᠢᠯ ᠨᠢ ︽ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠬᠤ ︾ ᠲᠥᠷᠥᠯ ᠵᠦᠢᠯ | ᠪᠤᠯᠤᠬᠰᠠᠨ ᠤ ᠬᠤᠪᠢ ᠳᠤ ᠂ ᠥᠪᠥᠷ ᠮᠣᠩᠭᠤᠯ ᠤᠨ ᠬᠤᠢ ᠨᠧᠩ ᠨᠡᠭᠦᠷᠡᠰᠦ ᠴᠠᠬᠢᠯᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠴᠠᠩ ᠲᠠᠨ ᠵᠠᠳᠠᠭᠠᠢ | ᠨᠡᠭᠦᠷᠡᠰᠦᠨ ᠠᠭᠤᠷᠬᠠᠢ ᠶᠢᠨ ᠵᠢᠯ ᠳᠤ 2000 ᠲᠦᠮᠡᠨ ᠲᠣᠨ ᠦᠢᠯᠡᠳᠪᠦᠷᠢᠯᠡᠬᠦ ᠠᠰᠢᠭᠲᠠᠢ ᠨᠥᠬᠦᠴᠡᠯ ᠳᠤ ᠲᠦᠰᠢᠭᠯᠡᠨ ᠂ ᠡᠬᠢ ᠪᠠᠶᠠᠯᠢᠭ ᠢ ᠵᠦᠢ ᠵᠣᠬᠢᠰᠲᠠᠢ | ᠠᠰᠢᠭᠯᠠᠵᠤ ᠂ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠨ ᠂ ᠵᠡᠭᠦᠨᠭᠠᠷ ᠴᠠᠬᠢᠯᠭᠠᠨ ᠡᠭᠦᠰᠬᠡᠭᠴᠢ ᠶᠢᠨ ᠴᠡᠭ ᠤᠨ ᠪᠠᠶᠢᠷᠢᠰᠢᠭᠤᠯᠤᠯᠲᠠ ᠶᠢᠨ ᠪᠦᠲᠦᠴᠡ ᠶᠢ | ᠰᠢᠯᠢᠳᠡᠭᠵᠢᠭᠦᠯᠵᠦ ᠂ ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠪᠠᠷ ᠨᠡᠭᠡᠭᠡᠨ ᠠᠰᠢᠭᠯᠠᠬᠤ ᠶᠢ ᠪᠡᠶᠡᠯᠡᠭᠦᠯᠦᠨ᠎ᠡ ᠃ | ᠣᠳᠣᠬᠠᠨ ᠳᠤ ᠂ ᠥᠪᠥᠷ ᠮᠣᠩᠭᠤᠯ ᠤᠨ ᠵᠢᠦ ᠲᠠᠢ ᠰᠢᠨ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ/ᠨᠡᠶᠢᠯᠡᠯᠭᠡ ᠬᠡᠢ ᠪᠠᠷ ᠦᠨᠦᠷᠲᠦ ᠨᠡᠭᠦᠷᠦᠭᠴᠢ ᠤᠶᠢᠯᠡᠳᠪᠤᠷᠢᠯᠡᠬᠦ ᠠᠵᠤ ᠦᠢᠯᠡᠳᠪᠦᠷᠢ ᠶᠢᠨ ᠲᠤᠷᠰᠢᠯᠲᠠ ᠶᠢᠨ ᠲᠥᠷᠥᠯ ᠵᠦᠢᠯ ᠂ ᠥᠪᠥᠷ ᠮᠣᠩᠭᠤᠯ ᠤᠨ ᠬᠤᠢ | ᠨᠧᠩ ᠨᠡᠭᠦᠷᠡᠰᠦ ᠴᠠᠬᠢᠯᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠴᠠᠩ ᠲᠠᠨ ᠵᠠᠳᠠᠭᠠᠢ ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠂ ᠵᠡᠭᠦᠨᠭᠠᠷ ᠳᠤᠮᠳᠠᠳᠤ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ 23 ᠦᠷᠭᠦᠯᠵᠢᠯᠡᠨ ᠪᠦᠳᠤᠭᠡᠨ ᠪᠠᠶᠢᠭᠤᠯᠬᠤ ᠲᠥᠷᠥᠯ ᠵᠦᠢᠯ ᠨᠢᠭᠡᠨᠲᠡ ᠪᠥᠬᠦ ᠲᠠᠯ᠎ᠠ ᠪᠠᠷ | ᠠᠵᠢᠯ ᠢᠶᠠᠨ ᠰᠡᠷᠭᠦᠭᠡᠪᠡ ᠃ | | | ᠵᠢᠯ ᠤᠨ ᠠᠵᠢᠯ ᠬᠠᠪᠤᠷ ᠲᠠᠭᠠᠨ ᠭᠡᠳᠡᠭᠴᠢᠯᠡᠨ᠂ ᠬᠥᠭᠵᠢᠯᠲᠡ ᠶᠢ ᠠᠳᠬᠤᠬᠤ ᠴᠠᠭ ᠦᠶ᠎ᠡ ᠬᠦᠷᠴᠤ ᠢᠷᠡᠯ᠎ᠠ ᠃ ᠰᠦᠷ ᠳᠠᠯᠠᠶᠢᠴᠠᠲᠠᠢ ᠬᠥᠭᠵᠢᠯᠲᠡ ᠶᠢᠨ ᠠᠯᠤᠰ | ᠢᠷᠡᠭᠡᠳᠦᠢ ᠶᠢᠨ ᠡᠮᠦᠨ᠎ᠡ ᠂ ᠵᠡᠭᠦᠨᠭᠠᠷ ᠬᠤᠰᠢᠭᠤ ᠲᠦᠷᠦᠯ ᠵᠦᠢᠯ ᠢ ᠶᠡᠬᠡᠪᠡᠷ ᠠᠳᠬᠤᠬᠤ ᠂ ᠠᠵᠤ ᠠᠬᠤᠢ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠪᠠᠷ | ᠳᠠᠮᠵᠢᠭᠤᠯᠤᠨ ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠂ ᠳᠡᠷᠢᠬᠦᠨ ᠤ ᠬᠢ ᠪᠤᠯᠬᠤ ᠪᠠᠷ ᠭᠠᠪᠰᠢᠭᠠᠶᠢᠯᠠᠨ ᠲᠡᠮᠡᠴᠡᠬᠦ ᠴᠢᠩᠭ᠎ᠠ ᠳᠣᠬᠢᠶ᠎ᠠ ᠶᠢ ᠬᠠᠩᠭᠠᠵᠠᠢ ᠃ ᠪᠥᠬᠦ | ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠲᠦᠷᠭᠡᠨ ᠬᠥᠳᠡᠯᠦᠯᠴᠡᠨ ᠂ ᠪᠥᠬᠦ ᠬᠦᠴᠦᠨ ᠢᠶᠠᠷ ᠢᠶᠠᠨ ᠴᠢᠷᠮᠠᠶᠢᠵᠤ ᠂ ᠲᠦᠷᠭᠡᠨ ᠤᠷᠤᠬᠰᠢᠯᠠᠨ ᠂ ᠲᠡᠷᠢᠭᠦᠨ ᠤ | ᠬᠢ ᠪᠤᠯᠬᠤ ᠪᠠᠷ ᠲᠡᠮᠡᠴᠡᠵᠤ ᠂ ᠬᠤᠪᠢ ᠨᠡᠮᠡᠷᠢ ᠦᠵᠡᠭᠦᠯᠬᠦ ᠲᠡᠮᠡᠴᠡᠯ ᠤᠨ ᠳᠦᠷᠬᠦ ᠪᠠᠶᠢᠳᠠᠯ ᠢᠶᠠᠷ ᠴᠢᠬᠤᠯᠠ ᠶᠡᠭᠡ ᠲᠥᠷᠥᠯ ᠵᠦᠢᠯ ᠢ ᠡᠷᠲᠡ ᠡᠬᠢᠯᠡᠭᠦᠯᠬᠦ ᠂ ᠡᠷᠲᠡ | ᠨᠤᠳᠤᠬᠰᠢᠭᠤᠯᠬᠤ ᠂ ᠡᠷᠲᠡ ᠦᠷ᠎ᠡ ᠪᠦᠲᠦᠮᠵᠢ ᠣᠯᠬᠤ ᠶᠢ ᠠᠬᠢᠭᠤᠯᠵᠤ ᠂ ᠨᠢᠭᠡᠳᠦᠭᠡᠷ ᠤᠯᠠᠷᠢᠯ ᠳᠤ ︽ ᠰᠠᠶᠢᠨ ᠡᠬᠢᠯᠡᠯᠲᠡ ︾ ᠲᠠᠢ ᠪᠤᠯᠵᠤ ᠂ ᠪᠥᠬᠦ ᠵᠢᠯ ᠤᠨ ᠠᠵᠤ | ᠠᠬᠤᠢ ᠶᠢᠨ ︽ ᠲᠡᠭᠦᠰ ᠠᠮᠵᠢᠯᠲᠠ ︾ ᠶᠢ ᠲᠡᠮᠡᠴᠡᠨ ᠣᠯᠵᠤ ᠂ ᠵᠡᠭᠦᠨᠭᠠᠷ ᠬᠤᠰᠢᠭᠤᠨ ᠤ ᠡᠯ᠎ᠡ ᠳᠦᠷᠤᠯ ᠤᠨ ᠠᠵᠢᠯ ᠢ ᠰᠢᠨ᠎ᠡ ᠳᠠᠪᠰᠢᠯᠲᠠ ᠲᠠᠢ ᠪᠣᠯᠭᠠᠵᠤ ᠂ ᠳᠠᠬᠢᠨ | ᠰᠢᠨ᠎ᠡ ᠳᠡᠭᠲᠡᠷ ᠲᠤ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ ᠃ | | | | |