| ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠠᠴᠠ ᠣᠶᠢᠯᠠᠭᠠᠭᠰᠠᠨ ᠢᠶᠠᠷ ᠂ ᠡᠨᠡ ᠵᠢᠯ ᠤᠨ ᠵᠣᠨ ᠤ ᠠᠭᠠᠷ ᠠᠶᠠᠯᠠᠯ ᠤᠨ ᠤᠯᠠᠷᠢᠯ ᠳᠤ ᠂ ᠥᠪᠥᠷ | ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠡᠳᠦᠷ ᠪᠦᠷᠢ ᠳᠤᠮᠳᠠᠴᠢ ᠪᠠᠷ 1023 ᠡᠭᠡᠯᠵᠢ ᠶᠢᠨ ᠨᠢᠰᠬᠡᠯ ᠢ ᠨᠢᠰᠭᠡᠬᠦ ᠪᠠᠷ ᠲᠥᠯᠥᠪᠯᠡᠵᠦ ᠂ ᠨᠡᠶᠢᠲᠡ | 40 ᠠᠭᠠᠷ ᠠᠶᠠᠯᠠᠯ ᠤᠨ ᠺᠣᠮᠫᠠᠨᠢ ᠢ ᠡᠵᠡᠩᠨᠡᠯᠲᠡ ᠳᠤ ᠣᠷᠣᠯᠴᠠᠭᠤᠯᠤᠨ ᠂ 320 ᠠᠭᠠᠷ ᠠᠶᠠᠯᠠᠯ ᠤᠨ ᠱᠤᠭᠤᠮ ᠢ ᠡᠵᠡᠩᠨᠡᠬᠦ ᠪᠠ 99 ᠬᠤᠲᠠᠨ ᠳᠤ ᠠᠭᠠᠷ ᠠᠶᠠᠯᠠᠯ | ᠨᠡᠪᠲᠡᠷᠡᠭᠦᠯᠬᠦ ᠪᠠᠷ ᠲᠥᠯᠥᠪᠯᠡᠵᠦ ᠪᠣᠶ ᠃ | ᠵᠤᠨ ᠤ ᠠᠭᠠᠷ ᠠᠶᠠᠯᠠᠯ ᠤᠨ ᠤᠯᠠᠷᠢᠯ ᠢ ᠤᠭᠲᠤᠬᠤ ᠶᠢᠨ ᠲᠥᠯᠥᠭᠡ ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠭᠤᠣᠯᠳᠠᠭᠤ | ᠤᠯᠤᠰ ᠤᠨ ᠠᠭᠠᠷ ᠠᠶᠠᠯᠠᠯ ᠤᠨ ᠺᠣᠮᠫᠠᠨᠢ ᠂ ᠳᠣᠷᠣᠨᠠᠲᠤ ᠶᠢᠨ ᠠᠭᠠᠷ ᠠᠶᠠᠯᠠᠯ ᠤᠨ ᠺᠣᠮᠫᠠᠨᠢ ᠂ ᠲᠢᠶᠠᠨᠵᠢᠨ ᠠᠭᠠᠷ ᠠᠶᠠᠯᠠᠯ ᠤᠨ ᠺᠣᠮᠫᠠᠨᠢ ᠂ ᠴᠧᠩᠳᠦ᠋ ᠠᠭᠠᠷ | ᠠᠶᠠᠯᠠᠯ ᠤᠨ ᠺᠣᠮᠫᠠᠨᠢ ᠂ ᠬᠤᠸᠠᠰᠢᠶᠠ ᠠᠭᠠᠷ ᠠᠶᠠᠯᠠᠯ ᠤᠨ ᠺᠣᠮᠫᠠᠨᠢ ᠵᠡᠷᠭᠡ ᠠᠭᠠᠷ ᠠᠶᠠᠯᠠᠯ ᠤᠨ ᠺᠣᠮᠫᠠᠨᠢ ᠨᠤᠭᠤᠳ ᠲᠠᠢ ᠤᠯᠠᠨ ᠡᠭᠡᠯᠵᠢᠨ ᠤ ᠵᠥᠪᠳᠡᠯᠴᠡᠭᠡ | ᠥᠷᠨᠢᠭᠦᠯᠵᠦ ᠂ ᠴᠠᠭ ᠤᠨ ᠡᠬᠢ ᠪᠠᠶᠠᠯᠢᠭ ᠢ ᠠᠰᠢᠭᠯᠠᠬᠤ ᠂ ᠲᠤᠬᠠᠢ ᠶᠢᠨ ᠲᠠᠯᠠᠪᠠᠢ ᠳᠠᠬᠢ ᠵᠥᠭᠡᠭᠡᠪᠦᠷᠢ ᠶᠢᠨ ᠬᠦᠴᠦᠨ ᠢ ᠳᠠᠲᠠᠨ ᠣᠷᠣᠭᠤᠯᠬᠤ ᠂ ᠠᠶᠠᠯᠠᠯ ᠤᠨ | ᠱᠤᠭᠤᠮ ᠤᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠲᠣᠬᠢᠷᠠᠯᠴᠠᠵᠤ ᠂ ᠪᠦᠬᠦ ᠣᠷᠣᠨ ᠤ ᠰᠢᠨ᠎ᠡ ᠠᠭᠠᠷ ᠠᠶᠠᠯᠠᠯ ᠤᠨ ᠤᠯᠠᠷᠢᠯ ᠤᠨ | ᠠᠶᠠᠯᠠᠯ ᠤᠨ ᠱᠤᠭᠤᠮ ᠤᠨ ᠲᠣᠣᠷ ᠤᠨ ᠨᠡᠪᠲᠡᠷᠡᠯᠴᠡᠬᠦ ᠴᠢᠨᠠᠷ ᠢ ᠪᠦᠲᠦᠮᠵᠢᠲᠡᠢ ᠳᠡᠭᠡᠭᠰᠢᠯᠡᠭᠦᠯᠪᠡ ᠃ ᠠᠭᠠᠷ ᠠᠶᠠᠯᠠᠯ ᠤᠨ ᠱᠤᠭᠤᠮ ᠤᠨ ᠪᠦᠲᠦᠴᠡ ᠶᠢᠨ ᠲᠠᠯ᠎ᠠ ᠪᠠᠷ ᠂ | ᠬᠥᠬᠡᠬᠤᠲᠠ ᠶᠢᠨ ᠨᠢᠰᠬᠡᠯ ᠤᠨ ᠪᠠᠭᠤᠳᠠᠯ ᠠᠴᠠ ᠬᠥᠬᠡᠮᠥ᠋ᠷᠡᠨ ᠤ ᠭᠤᠷᠪᠠᠯᠵᠢᠨ ᠬᠤᠶᠢᠭ ᠂ ᠵᠦᠵᠢᠶᠠᠩ ᠤᠨ ᠭᠤᠷᠪᠠᠯᠵᠢᠨ ᠬᠤᠶᠢᠭ ᠂ ᠴᠧᠩᠳᠦ᠋ ᠴᠦᠩᠴᠢᠩ ᠤᠨ | ᠬᠤᠲᠠ ᠶᠢᠨ ᠪᠥᠭᠡᠮᠨᠡᠷᠡᠯ ᠵᠢᠴᠢ ᠭᠤᠣᠯᠳᠠᠯᠭ᠎ᠠ ᠲᠠᠢ ᠵᠢᠭᠤᠯᠴᠢᠯᠠᠯ ᠤᠨ ᠬᠤᠲᠠ ᠨᠤᠭᠤᠳ ᠲᠤ ᠬᠦᠷᠬᠦ ᠡᠭᠡᠯᠵᠢ ᠶᠢᠨ ᠨᠢᠰᠬᠡᠯ ᠤᠨ ᠳᠠᠪᠲᠠᠮᠵᠢ ᠶᠢ ᠦᠷᠭᠦᠯᠵᠢᠯᠡᠨ | ᠨᠡᠮᠡᠭᠳᠡᠭᠦᠯᠦᠨ᠎ᠡ ︔ ᠧᠨ ᠱᠢ ᠂ ᠰᠢᠶᠠᠩ ᠶᠠᠩ ᠂ ᠾᠧᠩ ᠶᠠᠩ ᠂ ᠵᠦᠩ ᠸᠧᠢ ᠂ ᠹᠦ᠋ ᠶᠠᠩ ᠂ ᠬᠤᠢ ᠵᠧᠦ ᠂ ᠵᠢᠢ ᠨᠢᠩ ᠂ ᠶᠠᠨ ᠴᠧᠩ ᠵᠡᠷᠭᠡ ᠡᠭᠡᠯᠵᠢ ᠶᠢᠨ ᠨᠢᠰᠬᠡᠯ ᠢ | ᠰᠢᠨ᠎ᠡ ᠪᠠᠷ ᠨᠡᠮᠡᠨ᠎ᠡ ︔ ︽ ᠬᠥᠬᠡᠬᠤᠲᠠ ᠶᠢᠨ ᠰᠠᠯᠪᠤᠷᠢ ︾ ᠡᠭᠡᠯᠵᠢ ᠶᠢᠨ ᠨᠢᠰᠬᠡᠯ ᠨᠦᠭᠦᠳ ᠤᠨ ᠳᠡᠪᠲᠡᠮᠵᠢ ᠶᠢ ᠰᠢᠯᠢᠳᠡᠭᠵᠢᠭᠦᠯᠵᠦ ᠂ ᠡᠳᠦᠷ ᠪᠦᠷᠢ ᠶᠢᠨ ᠳᠤᠮᠳᠠᠴᠢ | ᠡᠭᠡᠯᠵᠢ ᠶᠢᠨ ᠨᠢᠰᠬᠡᠯ ᠤᠨ ᠲᠤᠭ᠎ᠠ ᠶᠢ 77 ᠡᠭᠡᠯᠵᠢ ᠳᠤ ᠬᠦᠷᠦᠭᠦᠯᠦᠨ᠎ᠡ ︔ ᠤᠯᠠᠨ ᠤᠯᠤᠰ ᠤᠨ ᠪᠠ ᠭᠠᠵᠠᠷ ᠣᠷᠣᠨ ᠤ ᠠᠭᠠᠷ ᠠᠶᠠᠯᠠᠯ ᠤᠨ ᠱᠤᠭᠤᠮ ᠢ ᠡᠮᠬᠢ | ᠳᠠᠷᠠᠭᠠᠯᠠᠯ ᠲᠠᠢ ᠪᠠᠷ ᠰᠡᠷᠭᠦᠭᠡᠨ ᠂ ᠤᠯᠠᠷᠢᠯ ᠰᠣᠯᠢᠭᠳᠠᠭᠰᠠᠨ ᠤ ᠲᠠᠷᠠᠭ᠎ᠠ ᠤᠯᠠᠨ ᠤᠯᠤᠰ ᠤᠨ ᠪᠠ ᠭᠠᠵᠠᠷ ᠣᠷᠣᠨ ᠤ ᠠᠭᠠᠷ ᠠᠶᠠᠯᠠᠯ ᠤᠨ ᠱᠤᠭᠤᠮ ᠢ ᠨᠡᠶᠢᠳᠡ 6 | ᠨᠡᠪᠲᠡᠷᠡᠭᠦᠯᠬᠦ ᠪᠠᠷ ᠲᠥᠯᠥᠪᠯᠡᠵᠦ ᠪᠠᠶᠢᠨ᠎ᠠ ᠃ | ᠡᠭᠦᠨ ᠤ ᠬᠠᠮᠲᠤ ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠬᠥᠬᠡᠬᠤᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠩᠭᠢᠯᠠᠭ᠎ᠠ ᠶᠢᠨ | ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠤᠯᠠᠮ ᠴᠢᠩᠭᠠᠳᠬᠠᠵᠤ ᠂ ᠪᠠᠷᠠᠭᠠᠨ ᠤ ᠲᠡᠭᠡᠭᠡᠪᠦᠷᠢ ᠶᠢᠨ ᠵᠥᠭᠡᠭᠡᠪᠦᠷᠢᠯᠡᠬᠦ ᠬᠦᠴᠦᠨ ᠢ ᠣᠷᠣᠭᠤᠯᠤᠨ ᠠᠪᠴᠢᠷᠠᠬᠤ ᠪᠠᠨ | ᠲᠦᠷᠭᠡᠳᠬᠡᠨ ᠂ ᠬᠥᠬᠡᠬᠤᠲᠠ = ᠵᠧᠩᠵᠧᠦ ᠶᠢᠨ ᠴᠤᠯᠤ ᠪᠠᠷᠠᠭᠠᠨ ᠤ ᠨᠢᠰᠬᠡᠯ ᠤᠨ ᠠᠶᠠᠯᠠᠯ ᠤᠨ ᠱᠤᠭᠤᠮ ᠢ ᠰᠢᠨ᠎ᠡ ᠪᠠᠷ ᠨᠡᠮᠡᠭᠳᠡᠭᠦᠯᠵᠦ ᠂ ᠡᠳᠦᠷ ᠪᠦᠷᠢ 1 | ᠡᠭᠡᠯᠵᠢ ᠪᠠᠷ ᠲᠥᠯᠥᠪᠯᠡᠵᠦ ᠪᠤᠢ ︔ ᠬᠥᠬᠡᠬᠤᠲᠠ = ᠤᠯᠠᠭᠠᠨᠪᠠᠭᠠᠲᠤᠷ ᠤᠨ ᠣᠯᠠᠨ ᠤᠯᠤᠰ ᠤᠨ ᠴᠤᠯᠤ ᠪᠠᠷᠠᠭᠠᠨ ᠤ ᠨᠢᠰᠬᠡᠯ ᠤᠨ ᠠᠶᠠᠯᠠᠯ ᠤᠨ ᠱᠤᠭᠤᠮ ᠢ ᠰᠡᠷᠭᠦᠭᠡᠨ | ᠡᠵᠡᠩᠨᠡᠵᠦ ᠂ ᠭᠠᠷᠠᠭ ᠲᠤ 3 ᠡᠭᠡᠯᠵᠢ ᠪᠠᠷ ᠲᠥᠯᠥᠪᠯᠡᠵᠦ ᠪᠣᠶ ︔ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠲᠣᠮᠣ ᠬᠡᠯᠪᠡᠷᠢ ᠶᠢᠨ ᠪᠠᠷᠠᠭᠠᠨ ᠤ ᠨᠢᠰᠬᠡᠯ ᠤᠨ | ᠬᠠᠷᠢᠴᠠᠯ ᠢ ᠥᠰᠬᠡᠵᠦ ᠂ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠪᠠᠷᠠᠭᠠᠨ ᠤ ᠲᠡᠭᠡᠭᠡᠪᠦᠷᠢ ᠶᠢᠨ ᠵᠠᠩᠭᠢᠯᠠᠭ᠎ᠠ ᠶᠢᠨ ᠴᠢᠳᠠᠮᠵᠢ ᠶᠢᠨ ᠲᠦᠪᠰᠢᠨ ᠢ ᠨᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ ᠃ | | |