| ᠪᠦᠬᠦ ᠣᠷᠣᠨ ᠤ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠠᠵᠢᠯᠯᠠᠭ᠎ᠠ ᠶᠢ ᠴᠢᠨᠠᠭᠰᠢᠳᠠ ᠤᠯᠠᠮ ᠵᠢᠷᠤᠮᠵᠢᠭᠤᠯᠤᠨ ᠂ ᠡᠮ ᠤᠨ ᠵᠦᠢᠯ ᠢ ᠰᠦᠯᠵᠢᠶ᠎ᠡ ᠪᠠᠷ | ᠪᠣᠷᠣᠯᠠᠭᠤᠯᠬᠤ ᠵᠠᠬ᠎ᠠ ᠳᠡᠯᠭᠡᠭᠦᠷ ᠢ ᠴᠡᠪᠡᠷᠰᠢᠭᠦᠯᠬᠦ ᠶᠢᠨ ᠲᠥᠯᠥᠭᠡ ᠂ 1 ᠳ᠋ᠦ᠋ᠭᠡᠷ ᠰᠠᠷ᠎ᠠ ᠠᠴᠠ ᠡᠬᠢᠯᠡᠨ ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠣᠷᠣᠨ ᠤ ᠬᠡᠪᠴᠢᠶᠡᠨ ᠳᠤ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠭᠤᠭᠴᠤᠭ᠎ᠠ ᠶᠢ ᠲᠥᠪᠯᠡᠷᠡᠭᠦᠯᠦᠨ | ᠵᠠᠰᠠᠬᠤ ᠠᠵᠢᠯ ᠢ ᠪᠠᠶᠢᠷᠢᠯᠠᠭᠤᠯᠤᠨ ᠥᠷᠨᠢᠭᠦᠯᠦᠭᠡᠳ ᠂ ᠭᠤᠤᠯᠳᠠᠭᠤ ᠬᠢᠷᠢ ᠬᠡᠮ ᠦᠭᠡᠢ ᠪᠠᠷ ᠡᠮ ᠤᠨ ᠵᠦᠢᠯ ᠢ ᠰᠦᠯᠵᠢᠶ᠎ᠡ ᠪᠠᠷ ᠪᠣᠷᠤᠯᠠᠭᠤᠯᠤᠭᠰᠠᠨ ᠠᠵᠢᠯᠯᠠᠭ᠎ᠠ ᠂ | ᠬᠠᠭᠤᠷᠮᠠᠭ ᠮᠠᠭᠤ ᠡᠮ ᠤᠨ ᠵᠦᠢᠯ ᠢ ᠰᠦᠯᠵᠢᠶ᠎ᠡ ᠪᠠᠷ ᠪᠣᠷᠤᠯᠠᠭᠤᠯᠤᠭᠰᠠᠨ ᠦᠶ᠋ᠯᠡ ᠠᠵᠢᠯᠯᠠᠭ᠎ᠠ ᠂ ᠵᠣᠷ ᠤᠨ ᠡᠮ ᠢ ᠰᠦᠯᠵᠢᠶ᠎ᠡ ᠪᠠᠷ ᠪᠣᠷᠣᠯᠠᠭᠤᠯᠬᠤ ᠬᠠᠤᠯᠢ | ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠨᠤᠭᠤᠳ ᠲᠤ ᠴᠣᠬᠢᠯᠲᠠ ᠥᠭᠴᠦ ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠣᠷᠴᠢᠨ | ᠨᠥᠭᠦᠴᠡᠯ ᠤᠨ ᠵᠠᠰᠠᠯᠲᠠ ᠶᠢ ᠭᠦᠨᠵᠡᠭᠡᠢ ᠥᠷᠨᠢᠭᠦᠯᠦᠨ ᠂ ᠡᠮ ᠤᠨ ᠵᠦᠢᠯ ᠢ ᠰᠦᠯᠵᠢᠶ᠎ᠡ ᠪᠠᠷ ᠵᠢᠵᠢᠭᠯᠡᠨ ᠬᠤᠳᠠᠯᠳᠤᠵᠤ ᠲᠣᠬᠢᠷᠠᠭᠤᠯᠤᠨ ᠬᠦᠷᠭᠡᠬᠦ ᠶᠠᠰᠤ ᠴᠢᠨᠠᠷ ᠤᠨ | ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ ᠃ ᠣᠲᠣ ᠪᠣᠯᠲᠠᠯ᠎ᠠ ᠂ ᠪᠥᠬᠦ ᠣᠷᠣᠨ ᠳᠤ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ | ᠭᠤᠷᠪᠠᠳᠠᠭᠢ ᠡᠲᠡᠭᠡᠳ ᠤᠨ ᠲᠠᠪᠴᠠᠩ ᠢ ᠳᠠᠪᠬᠤᠷᠳᠠᠭᠰᠠᠨ ᠲᠤᠭ᠎ᠠ ᠪᠠᠷ ᠬᠤᠶᠠᠷ ᠤᠳᠠᠭ᠎ᠠ ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠠᠵᠤ ᠠᠬᠤᠶᠢᠯᠠᠯ ᠢ | ᠳᠠᠪᠬᠤᠷᠳᠠᠭᠰᠠᠨ ᠲᠤᠭ᠎ᠠ ᠪᠠᠷ 1028 ᠤᠳᠠᠭ᠎ᠠ ᠪᠠᠶᠢᠴᠠᠭᠠᠵᠤ ᠂ ᠳᠠᠪᠬᠤᠷᠳᠠᠭᠰᠠᠨ ᠲᠤᠭ᠎ᠠ ᠪᠠᠷ 28 ᠤᠳᠠᠭ᠎ᠠ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠵᠠᠢ ᠃ | ᠠᠵᠢᠯ ᠤᠨ ᠢᠶᠠᠨ ᠳᠤᠮᠳᠠ ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠮ ᠤᠨ ᠵᠦᠢᠯ ᠢ | ᠰᠦᠯᠵᠢᠶ᠎ᠡ ᠪᠠᠷ ᠪᠣᠷᠣᠯᠠᠭᠤᠯᠬᠤ ᠲᠤᠬᠠᠶᠢᠯᠠᠭᠰᠠᠨ ᠠᠵᠢᠯ ᠥᠷᠨᠢᠭᠦᠯᠳᠡᠭ ᠠᠵᠤ ᠠᠬᠤᠶᠢᠯᠠᠯ ᠤᠳ ᠤᠨ ︽ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠠᠵᠤ | ᠠᠬᠤᠶᠢᠯᠠᠯ ᠤᠨ ᠮᠡᠳᠡᠭᠦᠯᠦᠯᠲᠡ ᠶᠢᠨ ᠮᠡᠳᠡᠭᠡ ᠵᠠᠩᠭᠢ ᠶᠢᠨ ᠬᠦᠰᠦᠨᠦᠭ ︾ ᠢ ᠦᠨᠡᠨ ᠮᠥᠨ ᠢᠶᠠᠷ ᠨᠢ ᠲᠠᠭᠯᠠᠬᠤ ᠶᠢ ᠵᠣᠬᠢᠶᠠᠨ ᠪᠠᠶᠢᠭᠤᠯᠵᠤ ᠂ ᠠᠵᠤ ᠠᠬᠤᠶᠢᠯᠠᠯ ᠤᠨ | ᠨᠡᠷᠡᠶᠢᠳᠦᠯ ᠂ ᠰᠦᠯᠵᠢᠶᠡᠨ ᠤ ᠨᠡᠷᠡᠶᠢᠳᠦᠯ ᠂ IP ᠬᠠᠶ᠋ᠢᠭ ᠂ ᠭᠤᠷᠪᠠᠳᠠᠭᠢ ᠡᠲᠡᠭᠡᠳ ᠤᠨ ᠲᠠᠪᠴᠠᠩ ᠳᠤ ᠣᠷᠣᠵᠤ ᠰᠠᠭᠤᠭᠰᠠᠨ ᠮᠡᠳᠡᠭᠡ ᠵᠠᠩᠭᠢ ᠂ ᠡᠮ ᠤᠨ ᠵᠦᠢᠯ ᠤᠨ | ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠮᠡᠳᠡᠭᠡ ᠵᠠᠩᠭᠢ ᠨᠤᠭᠤᠳ ᠢ ᠬᠠᠷᠭᠤᠭᠤᠯᠬᠤ ᠪᠠ ᠬᠤᠷᠢᠶᠠᠩᠭᠤᠶᠢᠯᠠᠬᠤ ᠶᠢ ᠰᠠᠶᠢᠲᠤᠷ ᠬᠢᠵᠦ ᠂ ᠡᠮ ᠤᠨ ᠵᠦᠢᠯ ᠢ | ᠰᠦᠯᠵᠢᠶ᠎ᠡ ᠪᠠᠷ ᠪᠣᠷᠣᠯᠠᠭᠤᠯᠬᠤ ᠭᠤᠷᠪᠠᠳᠠᠭᠢ ᠡᠲᠡᠭᠡᠳ ᠤᠨ ᠲᠠᠪᠴᠠᠩ ᠪᠠ ᠠᠵᠤ ᠠᠬᠤᠶᠢᠯᠠᠯ ᠤᠳ ᠤᠨ ᠬᠢᠨᠠᠯᠲᠠ ᠬᠠᠮᠢᠶᠠᠷᠤᠯᠲᠠ ᠶᠢᠨ ᠡᠬᠡ ᠲᠠᠩᠰᠠ ᠪᠠ | ᠠᠰᠠᠭᠤᠳᠠᠯ ᠤᠨ ᠨᠠᠷᠢᠨ ᠬᠠᠭᠤᠳᠠᠰᠤ ᠶᠢ ᠪᠠᠶᠢᠭᠤᠯᠤᠨ ᠂ ᠭᠠᠷᠤᠯ ᠡᠭᠦᠰᠦᠯ ᠲᠣᠳᠣᠷᠬᠠᠢ ᠂ ᠪᠠᠶᠢᠳᠠᠯ ᠢᠯᠡ ᠂ ᠠᠷᠭ᠎ᠠ ᠬᠡᠮᠵᠢᠶ᠎ᠡ ᠣᠨᠣᠪᠴᠢᠲᠠᠶ ᠂ ᠦᠷ᠎ᠡ ᠪᠦᠲᠦᠮᠵᠢ | ᠰᠠᠶᠢᠨ ᠪᠠᠶᠢᠬᠤ ᠶᠢ ᠪᠡᠶᠡᠯᠡᠭᠦᠯᠵᠦ ᠴᠢᠳᠠᠵᠠᠢ ᠃ ᠪᠠᠰᠠ ᠂ ︽ ᠪᠥᠬᠦ ᠣᠷᠣᠨ ᠢᠶᠠᠷ ᠢᠶᠠᠨ ᠨᠢᠭᠡ ᠬᠥᠯᠭᠡ ᠰᠢᠲᠠᠷ᠎ᠠ ︾ ᠶᠢ ᠪᠠᠷᠢᠮᠲᠠᠯᠠᠵᠤ ᠂ ᠡᠯ᠎ᠡ ᠠᠶᠢᠮᠠᠭ ᠬᠤᠲᠠ ᠶᠢ | ᠵᠢᠯᠣᠭᠤᠳᠤᠨ ᠠᠵᠢᠯ ᠤᠨ ᠪᠣᠳᠠᠲᠠᠢ ᠲᠠᠢ ᠨᠢ ᠤᠶᠠᠯᠳᠤᠭᠰᠠᠨ ᠲᠤᠰᠬᠠᠢ ᠵᠠᠰᠠᠬᠤ ᠠᠵᠢᠯ ᠤᠨ ᠠᠷᠭ᠎ᠠ ᠬᠡᠮᠵᠢᠶ᠎ᠡ ᠲᠣᠭᠲᠠᠭᠠᠯᠭᠠᠵᠤ ᠂ ᠪᠠᠶᠢᠴᠠᠭᠠᠭᠰᠠᠨ ᠦᠷ᠎ᠡ ᠳ᠋ᠦᠩ ᠢ | ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠭᠤᠯᠵᠤ ᠂ ᠲᠤᠰᠬᠠᠢ ᠵᠠᠰᠠᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠠᠬᠢᠭᠤᠯᠪᠠ ᠃ ᠲᠡᠷᠡᠴᠢᠯᠡᠨ ᠂ | ᠲᠤᠰᠬᠠᠢ ᠵᠠᠰᠠᠬᠤ ᠠᠵᠢᠯ ᠢ ᠣᠨ ᠤ ᠡᠮ ᠤᠨ ᠵᠦᠢᠯ ᠤᠨ ᠠᠮᠤᠷ ᠲᠦᠪᠰᠢᠨ ᠢ ᠰᠢᠯᠭᠠᠨ ᠬᠢᠨᠠᠬᠤ ᠠᠭᠤᠯᠭᠠᠨ ᠳᠤ ᠣᠷᠣᠭᠤᠯᠤᠨ ᠂ ᠡᠯ᠎ᠡ ᠠᠶᠢᠮᠠᠭ ᠬᠤᠲᠠ ᠶᠢ | ᠬᠠᠷᠢᠶ᠎ᠠ ᠣᠷᠣᠨ ᠤ ᠳᠣᠲᠣᠷᠠᠬᠢ ᠬᠤᠰᠢᠭᠤ ᠰᠢᠶᠠᠨ ︵ ᠬᠤᠲᠠ ᠂ ᠲᠣᠭᠤᠷᠢᠭ ︶ ᠢᠶᠠᠨ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠨ ᠂ ᠥᠪᠡᠷᠲᠡᠭᠡᠨ ᠵᠠᠰᠠᠬᠤ | ᠣᠷᠣᠨ ᠂ ᠠᠶᠢᠮᠠᠭ ᠬᠤᠲᠠ ᠂ ᠬᠤᠰᠢᠭᠤ ᠰᠢᠶᠠᠨ ︵ ᠬᠤᠲᠠ ᠂ ᠲᠣᠭᠤᠷᠢᠭ ︶ ᠭᠤᠷᠪᠠᠨ ᠱᠠᠲᠤ ᠪᠠᠷ ᠢᠶᠠᠨ ᠬᠠᠮᠵᠢᠯᠴᠠᠨ ᠬᠥᠳᠡᠯᠦᠯᠴᠡᠭᠰᠡᠨ ᠠᠵᠢᠯ ᠤᠨ ᠵᠠᠭᠪᠤᠷ ᠢ ᠪᠣᠶ | ᠪᠣᠯᠭᠠᠬᠤ ᠬᠡᠷᠡᠭᠲᠡᠢ ᠭᠡᠵᠦ ᠱᠠᠭᠠᠷᠳᠠᠪᠠ ᠃ | ᠡᠭᠦᠨ ᠤ ᠬᠠᠮᠲᠤ ᠂ ᠪᠥᠬᠦ ᠣᠷᠣᠨ ᠤ ᠡᠯ᠎ᠡ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠤᠨ | ᠲᠤᠰᠬᠠᠢ ᠪᠠᠶᠢᠴᠠᠭᠠᠯᠲᠠ ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠂ ᠰᠦᠯᠵᠢᠶ᠎ᠡ ᠪᠠᠷ ᠲᠣᠭᠤᠷᠢᠨ ᠪᠠᠶᠢᠴᠠᠭᠠᠬᠤ ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ | ᠬᠡᠮᠵᠢᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠪᠠ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠭᠤᠷᠪᠠᠳᠠᠭᠢ | ᠡᠲᠡᠭᠡᠳ ᠤᠨ ᠲᠠᠪᠴᠠᠩ ᠪᠠ ᠠᠵᠤ ᠠᠬᠤᠶᠢᠯᠠᠯ ᠤᠳ ᠢ ᠨᠡᠶᠢᠳᠡᠮ ᠪᠠᠶᠢᠴᠠᠭᠠᠪᠠ ᠃ ︽ ᠰᠦᠯᠵᠢᠶ᠎ᠡ ᠪᠠᠷ ᠰᠦᠯᠵᠢᠶ᠎ᠡ ᠶᠢ ᠬᠠᠮᠢᠶᠠᠷᠬᠤ ︾ ᠣᠨᠣᠯ ᠶᠣᠰᠣᠭᠠᠷ ᠂ | ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠣᠶᠣᠨᠲᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠰᠦᠪᠡᠭᠴᠢᠯᠡᠨ ᠠᠰᠢᠭᠯᠠᠵᠤ ᠂ ᠡᠮ ᠤᠨ ᠵᠦᠢᠯ ᠢ | ᠰᠦᠯᠵᠢᠶ᠎ᠡ ᠪᠠᠷ ᠪᠣᠷᠣᠯᠠᠭᠤᠯᠬᠤ ᠶᠢ ᠬᠢᠨᠠᠨ ᠬᠡᠮᠵᠢᠬᠦ ᠶᠢ ᠬᠡᠷᠡᠭᠵᠢᠭᠦᠯᠦᠨ ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ ᠶᠢ ᠬᠢᠨᠠᠨ ᠬᠠᠮᠢᠶᠠᠷᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠡᠢ ᠃ | | |