| ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ ᠂ | ᠣᠶᠢᠷ᠎ᠠ ᠳᠤ ᠂ ᠮᠠᠨ ᠤ ᠣᠷᠣᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠪᠠ | ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠷᠢᠭᠰᠠᠨ ᠣᠷᠣᠨ ᠰᠠᠭᠤᠴᠠ ᠶᠢᠨ ᠲᠥᠷᠥᠯ ᠤᠨ ᠭᠡᠷ ᠪᠠᠶᠢᠰᠢᠩ ᠢ ᠲᠤᠰᠬᠠᠢ | ᠴᠡᠭᠴᠡᠯᠡᠨ ᠵᠠᠰᠠᠬᠤ ᠲᠤᠷᠰᠢᠯᠲᠠ ︵ ᠳᠣᠷᠣᠭᠰᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ ᠬᠤᠶᠠᠷ | ᠵᠦᠢᠯ ᠤᠨ ᠲᠤᠷᠰᠢᠯᠲᠠ ︾ ᠭᠡᠵᠦ ᠲᠣᠪᠴᠢᠯᠠᠪᠠ ︶ ᠶᠢᠨ ᠠᠵᠢᠯ ᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠠᠷᠯᠠᠨ ᠰᠠᠶᠢᠰᠢᠶᠠᠪᠠ ᠃ ᠣᠳᠣᠬᠠᠨ ᠳᠤ ᠂ ᠮᠠᠨ ᠤ | ᠣᠷᠣᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠡᠭᠦᠷᠭᠡ ᠪᠠᠨ | ᠦᠨᠳᠦᠰᠦᠨ ᠳᠤ ᠪᠠᠨ ᠪᠡᠶᠡᠯᠡᠭᠦᠯᠵᠦ ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠷᠢᠭᠰᠠᠨ ᠣᠷᠣᠨ ᠰᠠᠭᠤᠴᠠ ᠶᠢᠨ | ᠲᠥᠷᠥᠯ ᠤᠨ ᠭᠡᠷ ᠪᠠᠶᠢᠰᠢᠩ ᠢ ᠲᠤᠰᠬᠠᠢ ᠴᠡᠭᠴᠡᠯᠡᠨ ᠵᠠᠰᠠᠬᠤ ᠲᠤᠷᠰᠢᠯᠲᠠ ᠶᠢᠨ ᠠᠵᠢᠯ ᠤᠨ ᠠᠬᠢᠴᠠ 98% ᠠᠴᠠ ᠳᠡᠭᠡᠭᠰᠢ ᠳᠤ ᠬᠦᠷᠴᠦ ᠂ ᠬᠥᠳᠡᠭᠡ ᠲᠣᠰᠬᠤᠨ ᠤ | ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ ᠬᠤᠶᠠᠷ ᠵᠦᠢᠯ ᠤᠨ ᠲᠤᠷᠰᠢᠯᠲᠠ ︾ ᠶᠢᠨ ᠠᠬᠢᠴᠠ ᠴᠥᠮ ᠪᠥᠬᠦ ᠤᠯᠤᠰ ᠲᠤ | ᠲᠡᠷᠢᠭᠦᠯᠡᠪᠡ ᠃ | ᠬᠢᠩᠭᠠᠨ ᠠᠶᠢᠮᠠᠭ ᠤᠨ ᠤᠯᠠᠭᠠᠨᠬᠤᠲᠠ ᠪᠥᠬᠦ ᠤᠯᠤᠰ ᠤᠨ ᠠᠩᠬᠠᠳᠠᠭᠴᠢ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ | ᠪᠠᠷᠢᠭᠰᠠᠨ ᠣᠷᠣᠨ ᠰᠠᠭᠤᠴᠠ ᠶᠢᠨ ᠲᠥᠷᠥᠯ ᠤᠨ ᠭᠡᠷ ᠪᠠᠶᠢᠰᠢᠩ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠦᠭᠰᠡᠨ ᠲᠤᠷᠰᠢᠯᠲᠠ ᠶᠢᠨ | ᠭᠠᠵᠠᠷ ᠣᠷᠣᠨ ᠪᠣᠯᠤᠭᠰᠠᠨ ᠤ ᠬᠤᠪᠢ ᠳᠤ ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ ᠬᠤᠶᠠᠷ | ᠵᠦᠢᠯ ᠤᠨ ᠲᠤᠷᠰᠢᠯᠲᠠ ︾ ᠶᠢᠨ ᠠᠵᠢᠯ ᠤᠨ ᠳᠤᠮᠳᠠ ︽ ᠮᠢᠩᠭ᠎ᠠ ᠲᠦᠮᠡ ᠶᠢᠨ ᠢᠨᠵᠧᠨᠧᠷᠢᠩ ︾ ᠤᠨ ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠬᠡᠷᠡᠭᠯᠡᠵᠦ ᠂ | ᠬᠤᠲᠠ ᠶᠢᠨ ᠬᠡᠪᠴᠢᠶᠡᠨ ᠳᠤ ᠪᠠᠯᠭᠠᠰᠤ ᠲᠣᠰᠬᠤᠨ ᠠᠯᠤᠰᠯᠠᠨ ᠰᠢᠯᠵᠢᠭᠦᠯᠦᠨ ᠥᠭᠬᠦ ᠂ ᠬᠦᠷᠢᠶᠡᠨ ᠳᠤ ᠡᠷᠦᠬᠡ ᠰᠠᠯᠭᠠᠬᠤ ᠂ ︽ ᠭᠤᠷᠪᠠᠨ ᠡᠷᠬᠡ ᠶᠢ ᠰᠠᠯᠭᠠᠬᠤ ︾ ᠶᠢ | ᠳᠠᠩᠰᠠᠯᠠᠬᠤ ᠵᠡᠷᠭᠡ ᠲᠤᠷᠰᠢᠯᠭ᠎ᠠ ᠠᠷᠭ᠎ᠠ ᠬᠢᠳᠡᠯ ᠢ ᠰᠢᠨ᠎ᠡ ᠶᠢ ᠡᠭᠦᠳᠦᠨ ᠰᠦᠪᠡᠭᠴᠢᠯᠡᠪᠡ ᠃ ᠲᠣᠰ ᠬᠤᠲᠠ ᠨᠢ ᠪᠥᠬᠦ ᠣᠷᠣᠨ ᠳᠤ ᠠᠩᠬᠠᠳᠠᠭᠴᠢ ᠬᠥᠳᠡᠭᠡ | ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠢᠷᠢ ᠬᠡᠮ ᠤᠨ ᠡᠷᠬᠡ ᠶᠢᠨ ᠦᠨᠡᠮᠯᠡᠯ ᠂ ᠠᠩᠬᠠᠳᠠᠭᠴᠢ ᠬᠥᠳᠡᠭᠡ ᠲᠣᠰᠬᠤᠨ ᠤ ᠭᠡᠷ ᠪᠠᠶᠢᠰᠢᠩ ︵ ᠣᠷᠣᠨ | ᠰᠠᠭᠤᠴᠠ ᠶᠢᠨ ᠭᠠᠵᠠᠷ ︶ ᠤᠨ ᠬᠡᠷᠡᠭᠯᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠵᠦ ᠠᠷᠠᠯᠵᠢᠶᠠᠯᠠᠬᠤ ᠬᠢᠨᠠᠨ ᠲᠣᠭᠲᠠᠭᠠᠯᠲᠠ ᠶᠢᠨ ᠦᠨᠡᠮᠯᠡᠯ ᠂ ᠠᠩᠬᠠᠳᠠᠭᠴᠢ ᠬᠥᠳᠡᠭᠡ | ᠲᠣᠰᠬᠤᠨ ᠤ ᠥᠮᠴᠢᠯᠡᠯ ᠤᠨ ᠡᠷᠬᠡ ᠶᠢᠨ ᠪᠤᠰᠤᠳ ᠵᠦᠢᠯ ᠤᠨ ᠡᠷᠬᠡ ᠶᠢᠨ ᠦᠨᠡᠮᠯᠡᠯ ᠢ ᠬᠠᠮᠤᠭ ᠤᠨ ᠲᠦᠷᠦᠭᠦᠨ ᠳᠤ ᠣᠯᠭᠤᠪᠠ ᠃ ᠨᠡᠶᠢᠲᠡᠯᠡᠨ ᠬᠡᠷᠡᠭᠵᠢᠭᠦᠯᠦᠭᠰᠡᠨ ︽ | ᠤᠯᠠᠭᠠᠨᠬᠤᠲᠠ ᠶᠢᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ ︾ ᠨᠢ ᠤᠯᠤᠰ ᠤᠨ ᠳᠦᠷᠢᠮ ᠤᠨ ᠪᠢᠴᠢᠭ ᠮᠠᠲ᠋ᠧᠷᠢᠶᠠᠯ ᠤᠳ ᠤᠨ ᠡᠮᠬᠢᠳᠬᠡᠯ ᠳᠤ ᠰᠣᠩᠭᠤᠭᠳᠠᠨ ᠣᠷᠣᠵᠠᠢ ᠃ ᠤᠯᠠᠭᠠᠨᠬᠤᠲᠠ ᠪᠠᠰᠠ ᠪᠥᠬᠦ | ᠤᠯᠤᠰ ᠤᠨ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠭ᠎ᠠ ᠰᠣᠯᠢᠯᠴᠠᠬᠤ ᠬᠤᠷᠠᠯ ᠢ ᠳᠠᠭᠠᠭᠠᠨ ᠡᠷᠭᠢᠯᠡᠵᠦ ᠂ ᠪᠥᠬᠦ | ᠤᠯᠤᠰ ᠤᠨ ᠬᠤᠶᠠᠷ ᠵᠦᠢᠯ ᠤᠨ ᠲᠤᠷᠰᠢᠯᠲᠠ ᠶᠢᠨ ᠠᠵᠢᠯ ᠤᠨ ᠬᠤᠷᠠᠯ ᠳᠡᠭᠡᠷ᠎ᠡ ᠨᠡᠶᠢᠲᠡᠯᠢᠭ ᠶᠠᠷᠢᠶ᠎ᠠ ᠲᠠᠯᠪᠢᠵᠤ ᠂ ᠣᠷᠣᠨ ᠰᠠᠭᠤᠴᠠ ᠶᠢᠨ ᠭᠠᠵᠠᠷ ᠤᠨ ᠣᠯᠠᠨ | ᠵᠦᠢᠯ ᠤᠨ ᠦᠨ᠎ᠡ ᠥᠷᠲᠡᠭ ᠪᠠ ᠴᠢᠳᠠᠮᠵᠢ ᠶᠢ ᠠᠭᠤᠳᠠᠯᠬᠤ ᠪᠠᠨ ᠲᠠᠰᠤᠷᠠᠯᠲᠠ ᠦᠭᠡᠢ ᠠᠬᠢᠭᠤᠯᠵᠤ ᠂ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ | ᠠᠰᠢᠭᠯᠠᠪᠠ ᠃ | ᠣᠶᠢᠯᠠᠭᠠᠭᠰᠠᠨ ᠢᠶᠠᠷ ᠂ ᠮᠠᠨ ᠤ ᠣᠷᠣᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ︽ ᠬᠤᠶᠠᠷ | ᠵᠦᠢᠯ ᠤᠨ ᠲᠤᠷᠰᠢᠯᠲᠠ ︾ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ ᠂ ︽ ᠣᠷᠣᠨ ᠰᠠᠭᠤᠴᠠ ᠶᠢ ᠪᠠᠲᠤᠯᠠᠬᠤ ᠂ ᠳᠤᠷ᠎ᠠ ᠪᠠᠷ ᠢᠶᠠᠨ ᠪᠠᠷᠢᠬᠤ ᠶᠢ ᠬᠠᠮᠢᠶᠠᠷᠬᠤ ᠂ | ᠰᠤᠯᠠ ᠲᠠᠯᠪᠢᠭᠳᠠᠵᠤ ᠪᠠᠶᠢᠭ᠎ᠠ ᠶᠢ ᠰᠡᠷᠭᠦᠭᠡᠬᠦ ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠂ ︽ | ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠂ ︽ ᠬᠤᠭᠤᠰᠤᠨ ᠲᠣᠰᠬᠤᠨ ︾ ᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠵᠢᠯ ᠤᠳ ᠲᠠᠢ ᠤᠶᠠᠯᠳᠤᠭᠤᠯᠤᠨ | ᠨᠢᠭᠡᠳᠦᠯᠲᠡᠢ ᠲᠥᠯᠥᠪᠯᠡᠨ ᠠᠬᠢᠭᠤᠯᠪᠠ ᠃ ᠣᠷᠣᠨ ᠰᠠᠭᠤᠴᠠ ᠶᠢᠨ ᠭᠠᠵᠠᠷ ᠤᠨ ᠲᠠᠷᠢᠶᠠᠴᠢᠨ ᠡᠷᠦᠬᠡ ᠶᠢᠨ ᠬᠢᠷᠢ ᠬᠡᠮ ᠤᠨ ᠡᠷᠬᠡ ᠶᠢ ᠪᠠᠲᠤᠯᠠᠬᠤ ᠲᠣᠭᠲᠠᠴᠠ ᠂ | ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠳᠦᠷᠢᠮ ᠂ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢ | ᠪᠠᠷᠢᠴᠠᠭᠠᠯᠠᠬᠤ ᠳᠦᠷᠢᠮ ᠂ ᠣᠷᠣᠨ ᠰᠠᠭᠤᠴᠠ ᠶᠢᠨ ᠭᠠᠵᠠᠷ ᠤᠨ ᠰᠠᠶᠢᠨ ᠳᠤᠷ᠎ᠠ ᠠᠴᠠ ᠪᠠᠨ ᠲᠥᠯᠥᠪᠦᠷᠢ ᠲᠠᠢ ᠪᠠᠷ ᠤᠬᠤᠷᠢᠨ ᠭᠠᠷᠬᠤ ᠲᠣᠭᠲᠠᠴᠠ ᠂ ᠣᠷᠣᠨ | ᠰᠠᠭᠤᠴᠠ ᠶᠢᠨ ᠭᠠᠵᠠᠷ ᠢ ᠲᠦᠯᠦᠪᠦᠷᠢ ᠲᠠᠢ ᠪᠠᠷ ᠬᠡᠷᠡᠭᠯᠡᠬᠦ ᠳᠦᠷᠢᠮ ᠢ ᠬᠠᠶᠢᠨ ᠰᠦᠪᠡᠭᠴᠢᠯᠡᠵᠦ ᠂ ᠣᠷᠣᠨ ᠰᠠᠭᠤᠴᠠ ᠶᠢᠨ ᠭᠠᠵᠠᠷ ᠤᠨ ᠬᠠᠮᠲᠤ ᠶᠢᠨ ᠥᠮᠴᠢᠯᠡᠯ ᠤᠨ | ᠡᠷᠬᠡ ᠶᠢ ᠬᠡᠷᠡᠭᠵᠢᠭᠦᠯᠬᠦ ᠲᠣᠭᠲᠠᠴᠠ ᠂ ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ ᠳᠦᠷᠢᠮ ᠢ ᠲᠡᠭᠦᠯᠳᠡᠷᠵᠢᠭᠦᠯᠦᠨ ᠂ ᠣᠷᠣᠨ ᠰᠠᠭᠤᠴᠠ ᠶᠢᠨ | ᠭᠠᠵᠠᠷ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠂ ᠣᠷᠣᠨ ᠰᠠᠭᠤᠴᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠬᠦ ︽ ᠲᠠᠪᠤ ᠶᠢ ᠬᠠᠶᠢᠨ ᠰᠦᠪᠡᠭᠴᠢᠯᠡᠵᠦ ᠂ ᠬᠤᠶᠠᠷ ᠢ ᠲᠡᠭᠦᠯᠳᠡᠷᠵᠢᠭᠦᠯᠦᠨ ᠂ ᠬᠤᠶᠠᠷ ᠢ ᠪᠦᠷᠢᠨᠰᠢᠭᠦᠯᠬᠦ ︾ ᠥᠭᠡᠷᠡᠴᠢᠯᠡᠯᠲᠡ ᠶᠢᠨ ᠠᠭᠤᠯᠭ᠎ᠠ ᠶᠢᠨ | ᠲᠣᠭᠤᠷᠢᠨ ᠳᠤ ᠪᠦᠬᠦ ᠲᠠᠯ᠎ᠠ ᠪᠠᠷ ᠬᠠᠶᠢᠨ ᠰᠦᠪᠡᠭᠴᠢᠯᠡᠵᠦ ᠂ ᠬᠤᠷᠢᠭ᠎ᠠ ᠱᠤᠭᠤᠮ ᠢ ᠪᠠᠲᠤ ᠰᠠᠬᠢᠬᠤ ᠮᠥᠷᠲᠡᠭᠡᠨ ᠵᠣᠷᠢᠭᠲᠠᠢ ᠪᠠᠷ ᠰᠢᠨ᠎ᠡ ᠶᠢ ᠡᠭᠦᠳᠴᠦ ᠂ | ᠳᠦᠷᠢᠮ ᠤᠨ ᠪᠠᠶᠢᠭᠤᠯᠤᠯᠲᠠ ᠂ ᠴᠢᠯᠦᠭᠡᠲᠡᠢ ᠠᠰᠢᠭᠯᠠᠬᠤ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠪᠠ ᠃ | | ᠮᠠᠨ ᠤ ᠣᠷᠣᠨ ᠪᠠᠰᠠ ᠣᠷᠣᠨ ᠰᠠᠭᠤᠴᠠ ᠶᠢᠨ ᠭᠠᠵᠠᠷ ᠭᠤᠶᠤᠴᠢᠯᠠᠬᠤ ᠶᠢ ᠬᠢᠨᠠᠨ ᠵᠥᠪᠰᠢᠶᠡᠷᠡᠭᠦᠯᠬᠦ ᠂ ᠰᠢᠯᠵᠢᠭᠦᠯᠦᠨ ᠡᠷᠭᠢᠯᠳᠦᠭᠦᠯᠬᠦ ᠠᠴᠠ ᠭᠠᠷᠬᠤ ᠂ ᠬᠠᠤᠯᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠂ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠂ ᠴᠢᠯᠦᠭᠡᠲᠡᠢ ᠠᠰᠢᠭᠯᠠᠬᠤ ᠵᠡᠷᠭᠡ ᠪᠥᠬᠦ ᠭᠤᠭᠴᠣᠭᠠᠨ ᠤ ᠲᠣᠭᠤᠷᠢᠨ ᠳᠤ | ᠪᠦᠷᠢᠨ ᠲᠥᠬᠦᠷ ᠳᠦᠷᠢᠮ ᠤᠨ ᠦᠷ᠎ᠡ ᠪᠦᠲᠦᠭᠡᠯ ᠲᠠᠢ ᠪᠣᠯᠪᠠ ᠃ ᠡᠭᠦᠨ ᠤ ᠬᠠᠮᠲᠤ ᠂ ᠨᠢᠭᠡ ᠪᠦᠯᠦᠭ ᠣᠷᠣᠨ ᠰᠠᠭᠤᠴᠠ ᠶᠢᠨ ᠭᠠᠵᠠᠷ ᠤᠨ ᠡᠬᠢ ᠪᠠᠶᠠᠯᠢᠭ ᠢ | ᠰᠡᠷᠭᠦᠭᠡᠵᠦ ᠂ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠬᠡᠯᠪᠡᠷᠢ ᠂ ᠠᠵᠤ ᠦᠢᠯᠡᠰ ᠤᠨ ᠬᠥᠭᠵᠢᠯᠲᠡ ᠶᠢᠨ ᠬᠡᠯᠪᠡᠷᠢ ᠂ ᠬᠥᠳᠡᠭᠡ ᠲᠣᠰᠬᠤᠨ ᠤ ᠵᠢᠭᠤᠯᠴᠢᠯᠠᠯ ᠤᠨ | ᠬᠡᠯᠪᠡᠷᠢ ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠡᠯᠪᠡᠷᠢ ᠵᠡᠷᠭᠡ 4 ᠵᠦᠢᠯ ᠤᠨ ᠴᠢᠯᠦᠭᠡᠲᠡᠢ ᠠᠰᠢᠭᠯᠠᠬᠤ ᠵᠠᠭᠪᠤᠷ ᠢ ᠬᠠᠶᠢᠨ ᠰᠦᠪᠡᠭᠴᠢᠯᠡᠵᠦ ᠂ 2.5 | ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠬᠥᠷᠥᠩᠭᠡ ᠶᠢ ᠳᠠᠶᠢᠴᠢᠯᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠪᠠ ᠃ | | |