| 4 ᠳ᠋ᠦ᠋ᠭᠡᠷ ᠰᠠᠷ᠎ᠠ ᠶᠢᠨ 6 ᠤ ᠡᠳᠦᠷ ᠤᠨ ᠣᠷᠣᠢ ᠂ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠡᠶᠢᠲᠡᠯᠡᠭᠰᠡᠨ ᠮᠡᠳᠡᠭᠡ ᠠᠴᠠ ᠦᠵᠡᠪᠡᠯ ᠂ | ᠬᠠᠩᠰᠢ ᠶᠢᠨ ᠠᠮᠠᠷᠠᠯᠲᠠ ᠳᠤ ᠪᠥᠬᠦ ᠣᠷᠣᠨ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ ᠨᠡᠶᠢᠲᠡ 763.48 ᠲᠦᠮᠡᠨ ᠬᠥᠮᠥᠨ ᠤᠳᠠᠭ᠎ᠠ ᠭᠥᠯᠢᠶᠡᠨ | ᠠᠪᠴᠤ ᠂ 2023 ᠣᠨ ᠤ 2.6 ᠳᠠᠬᠢᠨ ᠂ 2019 ᠣᠨ ᠤ 1.87 ᠳᠠᠬᠢᠨ ᠪᠣᠯᠪᠠ ︔ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠤᠨ ᠶᠡᠷᠦᠩᠬᠡᠢ | ᠵᠠᠷᠤᠳᠠᠯ 50.8 ᠳ᠋ᠦᠩᠰᠢᠭᠤᠷ ᠲᠥᠭᠦᠷᠢᠭ ᠲᠤ ᠬᠦᠷᠴᠦ ᠂ 2023 ᠣᠨ ᠤ 3.57 ᠲᠠᠬᠢᠨ ᠂ 2019 ᠣᠨ ᠤ 2.45 ᠲᠠᠬᠢᠨ ᠪᠣᠯᠵᠠᠢ ᠃ ᠰᠢᠶᠧ ᠴᠧᠩ | ᠰᠦᠯᠵᠢᠶᠡᠨ ᠤ ᠪᠦᠷᠢᠳᠬᠡᠯ ᠢ ᠦᠨᠳᠦᠰᠦᠯᠡᠪᠡᠯ ᠂ ᠬᠠᠩᠰᠢ ᠶᠢᠨ ᠦᠶ᠎ᠡ ᠳᠤ ᠥᠪᠥᠷ ᠮᠣᠩᠭᠤᠯ ᠤᠨ ᠵᠢᠭᠤᠯᠴᠢᠯᠠᠯ ᠤᠨ ᠵᠠᠬᠢᠶᠠᠯᠠᠭ᠎ᠠ ᠶᠢᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 103% ᠪᠠᠷ ᠨᠡᠮᠡᠭᠳᠡᠵᠦ ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠵᠠᠬᠢᠶᠠᠯᠠᠭ᠎ᠠ 3053% ᠪᠠᠷ ᠨᠡᠮᠡᠭᠳᠡᠵᠡᠢ ᠃ | ᠵᠢᠭᠤᠯᠴᠢᠯᠠᠭᠰᠠᠳ ᠤᠨ ᠭᠤᠣᠯ ᠢᠷᠡᠯᠲᠡ ᠨᠢ ᠪᠡᠭᠡᠵᠢᠩ ᠂ ᠴᠠᠩᠱᠠ ᠂ ᠱᠠᠩᠬᠠᠢ ᠂ ᠲᠢᠶᠠᠨᠵᠢᠨ ᠂ ᠱᠧᠨᠶᠠᠩ ᠵᠡᠷᠭᠡ ᠭᠠᠵᠠᠷ ᠪᠣᠯᠣᠨ᠎ᠠ ᠃ | ᠠᠯᠢᠮ᠎ᠠ ᠶᠢᠨ ᠴᠡᠴᠡᠭ ᠳᠡᠯᠭᠡᠷᠡᠬᠦᠶ᠎ᠡ ᠨᠡᠭᠡᠭᠡᠭᠰᠡᠨ ᠬᠠᠩᠰᠢ ᠢᠷᠡᠵᠦ ᠂ ᠠᠯᠤᠰ ᠲᠤ ᠪᠠᠶᠢᠭ᠎ᠠ ᠵᠠᠯᠠᠭᠤᠰ ᠬᠠᠪᠤᠷ ᠢ ᠡᠷᠢᠨ ᠬᠡᠰᠦᠨᠡ ᠃ ᠬᠠᠩᠰᠢ ᠶᠢᠨ ᠠᠮᠠᠷᠠᠯᠲᠠ ᠳᠤ | ᠬᠥᠮᠥᠰ ᠰᠢᠷᠣᠢ ᠨᠡᠮᠡᠬᠦ ᠂ ᠳᠤᠷᠠᠰᠤᠨ ᠰᠠᠨᠠᠭᠠᠯᠵᠠᠬᠤ ᠠᠴᠠ ᠭᠠᠳᠠᠨ᠎ᠠ ᠂ ᠬᠥᠳᠡᠭᠡ ᠭᠠᠷᠬᠤ ᠂ ᠴᠡᠴᠡᠭ ᠰᠣᠨᠢᠷᠬᠠᠬᠤ ᠨᠢ ᠠᠮᠠᠷᠠᠯᠲᠠ ᠶᠢᠨ ᠭᠤᠣᠯ ᠬᠥᠳᠡᠯᠭᠡᠭᠡᠨ ᠪᠣᠯᠵᠤ ᠂ | ᠪᠦᠬᠦ ᠣᠷᠣᠨ ᠤ ᠡᠯ᠎ᠡ ᠭᠠᠵᠠᠷ ᠤᠳ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠬᠥᠳᠡᠯᠭᠡᠭᠡᠨ ᠪᠡᠯᠡᠳᠬᠡᠵᠦ ︽ ᠬᠠᠪᠤᠷ ᠤᠨ ᠠᠵᠤ ᠠᠬᠤᠢ ︾ ᠶᠢ ᠠᠬᠢᠭᠤᠯᠪᠠ ᠃ 4 | ᠳ᠋ᠦ᠋ᠭᠡᠷ ᠰᠠᠷ᠎ᠠ ᠶᠢᠨ ᠡᠬᠢᠨ ᠢᠶᠠᠷ ᠂ ᠮᠢᠷᠠᠯᠵᠠᠨ ᠳᠡᠯᠭᠡᠷᠡᠭᠰᠡᠨ ᠲᠤᠭᠤᠷ ᠤᠨ ᠴᠡᠴᠡᠭ ᠨᠢ ᠲᠤᠶᠠᠭ᠎ᠠ ᠰᠢᠭ᠋ ᠳᠤᠷᠳᠤᠩ ᠰᠢᠭ᠋ ᠰᠠᠶᠢᠬᠠᠨ ᠴᠠᠭ ᠢᠶᠠᠷ ᠬᠥᠬᠡᠬᠤᠲᠠ 10 | ᠵᠤᠷᠪᠤᠰ ᠴᠡᠴᠡᠭ ᠰᠣᠨᠢᠷᠬᠠᠬᠤ ᠱᠤᠭᠤᠮ ᠭᠠᠷᠭᠠᠵᠤ ᠂ ᠡᠭᠦᠨ ᠳᠤ ᠬᠦᠢᠯᠡᠰᠦᠨ ᠤ ᠴᠡᠴᠡᠭ ᠰᠣᠨᠢᠷᠬᠠᠬᠤ ᠱᠤᠭᠤᠮ 4 ᠂ ᠲᠤᠭᠤᠷ ᠤᠨ ᠴᠡᠴᠡᠭ ᠰᠣᠨᠢᠷᠬᠠᠬᠤ ᠱᠤᠭᠤᠮ | 4 ᠂ ᠲᠤᠭᠤᠷ ᠤᠨ ᠴᠡᠴᠡᠭ ᠂ ᠡᠯᠪᠡᠭᠡᠲᠦ ᠰᠣᠨᠢᠷᠬᠠᠬᠤ ᠱᠤᠭᠤᠮ 1 ᠂ ᠭᠤᠣᠯᠲᠤ ᠪᠣᠷᠣ ᠰᠣᠨᠢᠷᠬᠠᠬᠤ ᠱᠤᠭᠤᠮ 1 ᠶᠢ ᠪᠠᠭᠲᠠᠭᠠᠨ᠎ᠠ ᠃ ᠡᠭᠦᠨ ᠤ ᠬᠠᠮᠲᠤ ᠂ | ᠲᠦᠩᠯᠢᠶᠣᠣ ᠂ ᠪᠠᠶᠠᠨᠨᠠᠭᠤᠷ ᠂ ᠠᠯᠠᠱᠠ ᠂ ᠬᠥᠯᠥᠨ ᠪᠤᠶᠢᠷ ᠵᠡᠷᠭᠡ ᠠᠶᠢᠮᠠᠭ ᠬᠤᠳᠠ ᠨᠤᠭᠤᠳ ᠵᠠᠯᠭᠠᠭ᠎ᠠ ᠵᠠᠯᠭᠠᠭ᠎ᠠ ᠪᠠᠷ ᠴᠡᠴᠡᠭ ᠰᠣᠨᠢᠷᠬᠠᠬᠤ ᠵᠠᠮ ᠱᠤᠭᠤᠮ ᠂ ᠴᠡᠴᠡᠭ | ᠰᠣᠨᠢᠷᠬᠠᠬᠤ ᠵᠦᠭᠯᠡᠭᠦᠷ ᠭᠠᠷᠭᠠᠵᠤ ᠂ ᠵᠢᠭᠤᠯᠴᠢᠯᠠᠭᠰᠠᠳ ᠲᠤ ᠬᠠᠪᠤᠷ ᠤᠨ ᠥᠩᠭᠡ ᠦᠵᠡᠮᠵᠢ ᠶᠢ ᠰᠣᠨᠢᠷᠬᠠᠭᠤᠯᠪᠠ ᠃ | ᠠᠷᠠᠳ ᠤᠨ ᠵᠠᠩ ᠦᠢᠯᠡ ᠶᠢᠨ ᠲᠣᠭᠯᠠᠯᠲᠠ ᠨᠢ ᠠᠮᠠᠷᠠᠯᠲᠠ ᠶᠢ ᠨᠡᠩ ᠰᠠᠶᠢᠬᠠᠨ ᠢᠶᠠᠷ ᠴᠢᠮᠡᠭᠯᠡᠪᠡ ᠃ ᠡᠨᠡ ᠬᠡᠳᠦᠨ ᠡᠳᠦᠷ ᠂ ᠬᠥᠬᠡᠬᠤᠲᠠ ᠶᠢᠨ ᠭᠦᠩᠵᠦ ᠶᠢᠨ | ᠣᠷᠳᠣᠨ ᠤ ᠴᠡᠴᠡᠷᠯᠢᠭ ᠲᠤ ᠲᠤᠭᠤᠷ ᠤᠨ ᠴᠡᠴᠡᠭ ᠳᠡᠯᠭᠡᠷᠡᠵᠦ ᠂ ᠬᠠᠪᠤᠷ ᠤᠨ ᠦᠵᠡᠮᠵᠢ ᠨᠢ ᠲᠤᠭ᠎ᠠ ᠲᠣᠮᠰᠢ ᠦᠭᠡᠢ ᠵᠢᠭᠤᠯᠴᠢᠯᠠᠭᠰᠠᠳ ᠤᠨ ᠠᠩᠬᠠᠷᠤᠯ ᠢ ᠲᠠᠲᠠᠵᠤ ᠂ | ᠭᠦᠩᠵᠦ ᠶᠢᠨ ᠣᠷᠳᠣᠨ ᠮᠦᠽᠧᠢ ︽ ᠬᠠᠪᠤᠷ ᠤᠨ ᠵᠠᠬᠢᠶ᠎ᠠ ᠪᠠᠷ ᠰᠡᠳᠬᠢᠯ ᠢ ᠴᠢᠨᠢ ᠪᠠᠶᠠᠰᠬᠠᠨ᠎ᠠ ︾ ᠭᠡᠬᠦ ᠬᠥᠳᠡᠯᠭᠡᠭᠡᠨ ᠥᠷᠨᠢᠭᠦᠯᠵᠦ ᠂ ᠵᠢᠭᠤᠯᠴᠢᠯᠠᠭᠰᠠᠳ | ᠴᠢᠩᠲ᠋ᠤᠸᠠᠨ ᠪᠠᠷᠢᠬᠤ ᠂ ᠴᠠᠭᠠᠰᠤᠨ ᠰᠢᠪᠠᠭᠤ ᠬᠢᠬᠦ ᠂ ᠴᠠᠭᠠᠰᠤᠨ ᠰᠢᠬᠦᠷ ᠵᠢᠷᠤᠬᠤ ᠵᠡᠷᠭᠡ ᠪᠠᠷ ᠪᠣᠳᠠᠰ ᠤᠨ ᠪᠤᠰᠤ ᠰᠣᠶᠣᠯ ᠤᠨ ᠥᠪ ᠤᠨ ᠬᠠᠪᠤ ᠴᠡᠩᠭᠡᠯ ᠢ ᠡᠳ᠋ᠯᠡᠵᠦ | ᠪᠣᠯᠣᠨ᠎ᠠ ᠃ ᠬᠠᠩᠰᠢ ᠶᠢᠨ ᠠᠮᠠᠷᠠᠯᠲᠠ ᠳᠤ ᠂ ᠴᠥᠭᠡᠨ ᠪᠤᠰᠤ ᠦᠵᠡᠮᠵᠢ ᠶᠢᠨ ᠣᠷᠣᠨ ᠨᠤᠭᠤᠳ ᠲᠤ ᠪᠣᠳᠠᠰ ᠤᠨ ᠪᠤᠰᠤ ᠰᠣᠶᠣᠯ ᠤᠨ ᠥᠪ ᠤᠨ ᠲᠣᠭᠯᠠᠯᠲᠠ | ᠭᠠᠷᠭᠠᠵᠤ ᠂ ᠵᠢᠭᠤᠯᠴᠢᠯᠠᠭᠰᠠᠳ ᠲᠤ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠪᠡ ᠃ | ᠬᠠᠩᠰᠢ ᠶᠢᠨ ᠦᠶ᠎ᠡ ᠪᠠᠷ ᠡᠪᠡᠰᠦ ᠮᠣᠳᠣ ᠨᠠᠬᠢᠶᠠᠯᠠᠭᠰᠠᠨ ᠨᠢ ᠰᠤᠳᠤᠯᠤᠨ ᠰᠣᠷᠣᠯᠴᠠᠬᠤ ᠬᠥᠳᠡᠯᠭᠡᠭᠡᠨ ᠥᠷᠨᠢᠭᠦᠯᠬᠦ ᠳᠤ ᠮᠠᠰᠢ ᠲᠣᠬᠢᠷᠠᠮᠵᠢᠲᠠᠢ ᠃ | ᠣᠶᠢᠯᠠᠭᠠᠭᠰᠠᠨ ᠢᠶᠠᠷ ᠂ 4 ᠳ᠋ᠦ᠋ᠭᠡᠷ ᠰᠠᠷ᠎ᠠ ᠶᠢᠨ 5 ᠤ ᠡᠳᠦᠷ ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ | ᠶᠡᠷᠦᠩᠬᠡᠢ ᠥᠷᠲᠡᠭᠡ ᠶᠢᠨ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠨᠢ ᠬᠢᠯᠢ ᠪᠠᠷ ᠣᠷᠣᠵᠤ ᠭᠠᠷᠬᠤ | ᠬᠥᠮᠥᠰ ᠢ ᠨᠡᠶᠢᠲᠡ 1.1049 ᠲᠦᠮᠡᠨ ᠬᠥᠮᠥᠨ ᠤᠳᠠᠭ᠎ᠠ ᠪᠠᠶᠢᠴᠠᠭᠠᠨ ᠥᠩᠭᠡᠷᠡᠭᠦᠯᠵᠦ ᠂ ᠪᠣᠭᠤᠮᠲᠠ ᠶᠢ ᠰᠡᠷᠭᠦᠭᠡᠭᠰᠡᠨ ᠠᠴᠠ ᠨᠠᠭᠠᠰᠢᠬᠢ ᠬᠠᠮᠤᠭ ᠤᠨ ᠥᠨᠳᠥᠷ | ᠲᠡᠮᠳᠡᠭᠯᠡᠯ ᠢ ᠡᠭᠦᠳᠪᠡ ᠃ ᠡᠷᠢᠶᠡᠨ ᠬᠤᠲᠠ ᠶᠢᠨ ᠪᠣᠭᠤᠮᠲᠠ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ ᠂ 4 ᠳ᠋ᠦ᠋ᠭᠡᠷ ᠰᠠᠷ᠎ᠠ ᠳᠤ ᠮᠣᠩᠭᠤᠯ ᠤᠯᠤᠰ ᠤᠨ | ᠰᠤᠷᠭᠠᠭᠤᠯᠢ ᠨᠤᠭᠤᠳ 10 ᠡᠳᠦᠷ ᠤᠨ ᠬᠠᠪᠤᠷ ᠤᠨ ᠠᠮᠠᠷᠠᠯᠲᠠ ᠲᠠᠯᠪᠢᠭᠰᠠᠨ ᠨᠢ ᠶᠠᠭ ᠰᠠᠶᠢᠬᠠᠨ ᠳᠤᠮᠳᠠᠳᠤ ᠤᠯᠤᠰ ᠤᠨ ᠬᠠᠩᠰᠢ ᠶᠢᠨ ᠠᠮᠠᠷᠠᠯᠲᠠ ᠲᠠᠢ | ᠲᠣᠬᠢᠶᠠᠯᠳᠤᠵᠤ ᠂ ᠬᠢᠯᠢ ᠶᠢᠨ ᠪᠣᠭᠤᠮᠲᠠ ᠳᠤ ᠬᠢᠯᠢ ᠠᠯᠤᠰᠯᠠᠭᠰᠠᠨ ᠵᠢᠭᠤᠯᠴᠢᠯᠠᠯ ᠤᠨ ᠣᠷᠭᠢᠯ ᠦᠶ᠎ᠡ ᠶᠢ ᠤᠭᠲᠤᠪᠠ ᠃ ᠣᠶᠢᠷ᠎ᠠ ᠳᠤ ᠠᠭᠤᠷ ᠠᠮᠢᠰᠬᠤᠯ | ᠳᠤᠯᠠᠭᠠᠷᠠᠬᠤ ᠶᠢ ᠳᠠᠭᠠᠯᠳᠤᠨ ᠂ ᠬᠢᠯᠢ ᠪᠠᠷ ᠣᠷᠣᠵᠤ ᠭᠠᠷᠬᠤ ᠤᠷᠤᠰᠬᠠᠯ ᠤᠨ ᠬᠡᠮᠵᠢᠶ᠎ᠡ ᠥᠨᠳᠥᠷ ᠪᠠᠶᠢᠷᠢ ᠪᠠᠨ ᠦᠷᠭᠦᠯᠵᠢᠯᠡᠨ ᠪᠠᠲᠤᠯᠠᠬᠤ ᠪᠣᠯᠣᠨ᠎ᠠ ᠃ | ᠰᠣᠶᠣᠯ ᠤᠨ ᠥᠩᠭᠡᠷᠡᠭᠡᠯᠲᠡ ᠲᠠᠢ ᠤᠶᠠᠯᠳᠤᠭᠤᠯᠤᠨ ᠂ ᠴᠥᠭᠡᠨ ᠪᠤᠰᠤ ᠰᠣᠶᠣᠯ ᠤᠨ ᠦᠵᠡᠰᠬᠦᠯᠡᠩ ᠤᠨ ᠲᠠᠯᠠᠪᠠᠶ ᠣᠷᠳᠣᠨ ᠳᠤ ᠥᠪᠡᠷᠮᠢᠴᠡ ᠣᠨᠴᠠᠯᠢᠭ ᠲᠠᠢ | ᠦᠢᠯᠡᠴᠢᠯᠡᠭᠡ ᠬᠠᠩᠭᠠᠪᠠ ᠃ ᠥᠪᠥᠷ ᠮᠣᠩᠭᠤᠯ ᠮᠦᠽᠧᠢ ᠬᠤᠪᠢᠰᠬᠠᠯ ᠤᠨ ᠦᠵᠡᠭᠦᠯᠭᠡ ᠶᠢᠨ ᠲᠤᠰᠬᠠᠢ ᠱᠤᠭᠤᠮ ᠤᠨ ᠲᠠᠶᠢᠯᠤᠮᠵᠢ ᠂ ︽ ᠴᠠᠭᠠᠰᠤᠨ ᠰᠢᠪᠠᠭᠤ ᠵᠢᠷᠤᠬᠤ ︾ | ᠬᠠᠪᠤᠷ ᠢᠶᠠᠷ ᠪᠣᠳᠠᠰ ᠤᠨ ᠪᠤᠰᠤ ᠰᠣᠶᠣᠯ ᠤᠨ ᠥᠪ ᠢ ᠰᠤᠳᠤᠯᠤᠨ ᠰᠣᠷᠣᠯᠴᠠᠬᠤ ᠥᠩᠭᠡᠷᠡᠭᠡᠯᠲᠡ ᠂ ᠡᠭᠦᠯᠡᠨ ᠳᠡᠭᠡᠷᠡᠬᠢ ᠬᠠᠩᠰᠢ ᠁ ᠤᠯᠠᠨ ᠵᠦᠢᠯ ᠤᠨ ᠭᠤᠣᠯ | ᠰᠡᠳᠦᠪᠲᠦ ᠬᠥᠳᠡᠯᠭᠡᠭᠡᠨ ᠥᠷᠨᠢᠭᠦᠯᠵᠦ ᠦᠵᠡᠭᠴᠢᠳ ᠤᠨ ᠠᠩᠬᠠᠷᠤᠯ ᠢ ᠲᠠᠲᠠᠪᠠ ᠃ ᠣᠯᠠᠨ ᠢᠶᠠᠷ ᠢᠶᠠᠨ ᠮᠦᠽᠧᠢ ᠳᠤ ᠬᠠᠩᠰᠢ ᠶᠢᠨ ᠡᠳᠦᠷ ᠤᠨ ᠵᠠᠩ ᠳᠠᠳᠬᠠᠯ ᠢ | ᠡᠷᠭᠢᠴᠡᠭᠦᠯᠵᠦ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠲᠠᠢ ᠣᠶᠢᠷᠠᠲᠤᠨ ᠣᠶᠢᠯᠠᠭᠠᠪᠠ ᠃ ᠥᠪᠥᠷ ᠮᠣᠩᠭᠤᠯ ᠮᠦᠽᠧᠢ ᠬᠠᠩᠰᠢ ᠶᠢᠨ | ᠠᠮᠠᠷᠠᠯᠲᠠ ᠳᠤ ᠦᠵᠡᠭᠴᠢᠳ ᠢ ᠨᠡᠶᠢᠲᠡ 4.3 ᠲᠦᠮᠡᠨ ᠬᠥᠮᠥᠨ ᠤᠳᠠᠭ᠎ᠠ ᠭᠥᠯᠢᠶᠡᠨ ᠠᠪᠴᠤ ᠂ ᠨᠢᠳᠤᠨᠤᠨ ᠤ ᠠᠳᠠᠯᠢ ᠬᠤᠭᠤᠴᠠᠭᠠᠨ ᠤ ᠦᠵᠡᠭᠴᠢᠳ ᠤᠨ 3.2 | ᠳᠠᠬᠢᠨ ᠪᠣᠯᠵᠤ ᠂ ᠡᠯ᠎ᠡ ᠲᠥᠷᠥᠯ ᠤᠨ ᠨᠡᠶᠢᠭᠡᠮ ᠬᠥᠮᠦᠵᠢᠯ ᠤᠨ ᠠᠵᠢᠯᠯᠠᠭ᠎ᠠ ᠶᠢ ᠨᠡᠶᠢᠲᠡ 30 ᠤᠳᠠᠭ᠎ᠠ ᠡᠷᠭᠢᠯᠡᠵᠦ ᠂ ᠰᠦᠯᠵᠢᠶᠡᠨ ᠳᠡᠭᠡᠷᠡᠬᠢ ᠠᠵᠢᠯᠯᠠᠭ᠎ᠠ ᠶᠢ | ᠤᠩᠰᠢᠭᠰᠠᠨ ᠬᠡᠮᠵᠢᠶ᠎ᠡ 4 ᠲᠦᠮᠡᠨ ᠤᠳᠠᠭ᠎ᠠ ᠳᠤ ᠬᠦᠷᠴᠡᠢ ᠃ | | |