| | 2023 ᠣᠨ ᠤ 4 ᠰᠠᠷ᠎ᠠ ᠶᠢᠨ 1 ᠤ ᠡᠳᠦᠷ ︽ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ︾ ᠶᠢ ᠵᠢᠩᠬᠢᠨᠢ ᠪᠠᠷ ᠬᠡᠷᠡᠭᠵᠢᠭᠦᠯᠪᠡ᠃ ᠨᠢᠭᠡ ᠵᠢᠯ ᠤᠨ ᠲᠤᠷᠰᠢ ᠂ | ᠵᠡᠭᠦᠨᠭᠠᠷ ᠬᠤᠰᠢᠭᠤ ᠬᠠᠲᠤᠨ ᠭᠤᠣᠯ ᠤᠨ ᠳᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠢᠴᠢ ︽ ᠳᠥᠷᠪᠡᠨ ᠵᠠᠭᠤᠨ ᠲᠦᠮᠡᠨ ᠮᠦ ︾ ᠶᠢᠨ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠬᠦᠯᠵᠤ ᠂ ᠪᠥᠬᠦ ᠣᠷᠣᠨ ᠳᠤ ᠵᠠᠭᠤᠨ ᠲᠦᠮᠡᠨ ᠮᠦ ᠠᠵᠤ ᠠᠬᠤᠢ ᠶᠢᠨ | ᠣᠶ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠤᠷᠢᠳᠠᠪᠠᠷ ᠪᠡᠶᠡᠯᠡᠭᠦᠯᠵᠦ ᠂ ᠪᠥᠬᠦ ᠬᠤᠲᠠ ᠳᠤ ᠬᠥᠪᠴᠢ ᠶᠢᠨ ᠡᠯᠡᠰᠦ ᠶᠢ ᠶᠡᠷᠦᠩᠬᠡᠶᠢᠯᠡᠨ ᠰᠡᠷᠭᠡᠶᠢᠯᠡᠨ | ᠵᠠᠰᠠᠬᠤ ᠡᠭᠦᠷᠭᠡ ᠶᠢ ᠤᠷᠢᠳᠠᠪᠠᠷ ᠪᠡᠶᠡᠯᠡᠭᠦᠯᠵᠦ ᠂ 28.8 ᠲᠦᠮᠡᠨ ᠮᠦ ᠣᠶ ᠰᠢᠭᠤᠢ ᠨᠤᠳᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠵᠦ ᠂ 20 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠢ ᠶᠢᠨ ᠢᠳᠡᠭᠳᠡᠯ ᠢ ᠵᠠᠰᠠᠬᠰᠠᠨ ᠪᠠᠶᠢᠨ᠎ᠠ ᠃ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠳᠦᠷᠬᠦ ᠪᠠᠶᠢᠳᠠᠯ ᠦᠷᠭᠦᠯᠵᠢᠯᠡᠨ ᠰᠠᠶᠢᠵᠢᠷᠠᠵᠤ ᠂ ᠬᠠᠲᠤᠨ ᠭᠤᠣᠯ ᠤᠨ ᠵᠡᠭᠦᠨᠭᠠᠷ ᠬᠤᠰᠢᠭᠤᠨ ᠤ ᠬᠡᠰᠡᠭ ᠲᠤ ᠨᠤᠮᠢᠨ ᠨᠣᠭᠤᠭᠠᠨ ᠳᠠᠪᠠᠯᠭᠠᠨ | ᠳᠠᠪᠠᠯᠭᠠᠯᠠᠨ᠎ᠠ ᠃ | | | ᠵᠡᠭᠦᠨᠭᠠᠷ ᠬᠤᠰᠢᠭᠤ ᠨᠢ ᠬᠠᠲᠤᠨ ᠭᠤᠣᠯ ᠤᠨ ᠳᠤᠬᠤᠢ ᠳᠤ ᠪᠠᠶᠢᠷᠢᠯᠠᠵᠤ ᠂ ᠬᠠᠲᠤᠨ ᠭᠤᠣᠯ ᠨᠢ ᠬᠤᠰᠢᠭᠤᠨ ᠤ ᠬᠢᠵᠠᠭᠠᠷ ᠳᠤᠳᠤᠷᠠᠬᠢ 5 ᠰᠢᠶᠠᠩ ᠪᠠᠯᠭᠠᠰᠤ ᠪᠠᠷ | ᠤᠷᠤᠰᠤᠨ ᠥᠩᠭᠡᠷᠡᠵᠦ ᠂ ᠪᠥᠬᠦ ᠣᠷᠳᠣ ᠨᠢ 238 ᠺᠢᠯᠣᠮᠧᠲᠷ ᠪᠠᠶᠢᠵᠤ ᠂ ᠥᠪᠥᠷ ᠮᠣᠩᠭᠤᠯ ᠤᠨ ᠬᠡᠰᠡᠭ ᠤᠨ 28% ᠶᠢ ᠡᠵᠡᠯᠡᠨ᠎ᠡ ᠃ ᠬᠠᠲᠤᠨ ᠭᠤᠣᠯ ᠪᠣᠯ ᠡᠵᠢ | ᠭᠤᠣᠯ ᠮᠥᠨ ᠂ ᠬᠠᠲᠤᠨ ᠭᠤᠣᠯ ᠢ ᠰᠠᠶᠢᠲᠤᠷ ᠬᠠᠮᠠᠭᠠᠯᠠᠬᠤ ᠨᠢ ᠵᠡᠭᠦᠨᠭᠠᠷ ᠬᠤᠰᠢᠭᠤᠨ ᠳᠤ ᠠᠪᠴᠤ ᠬᠡᠯᠡᠪᠡᠯ ᠬᠠᠷᠢᠭᠤᠴᠠᠯᠭ᠎ᠠ ᠪᠠ ᠡᠭᠦᠷᠭᠡ ᠲᠠᠢ ᠮᠥᠷᠲᠡᠭᠡᠨ ᠠᠯᠤᠰ | ᠬᠡᠲᠦ ᠶᠢᠨ ᠬᠥᠭᠵᠢᠯᠲᠡ ᠲᠠᠢ ᠬᠤᠯᠪᠣᠭᠳᠠᠨ᠎ᠠ ᠃ ︽ ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ ︾ ᠶᠢ ᠬᠡᠷᠡᠭᠵᠢᠭᠦᠯᠦᠭᠰᠡᠨ ᠨᠢᠭᠡ ᠵᠢᠯ ᠤᠨ ᠲᠤᠷᠰᠢ ᠂ ᠵᠡᠭᠦᠨᠭᠠᠷ | ᠬᠤᠰᠢᠭᠤ ᠢᠳᠡᠪᠬᠢᠲᠡᠢ ᠬᠥᠳᠡᠯᠦᠯᠴᠡᠨ ᠂ ᠬᠤᠪᠢᠰᠤᠩᠭᠤᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠨ ᠂ ᠶᠡᠭᠡ | ᠵᠠᠰᠠᠯᠲᠠ ᠶᠢ ᠠᠬᠢᠭᠤᠯᠵᠤ ᠂ ᠬᠠᠮᠠᠭᠠᠯᠠᠬᠤ ᠂ ᠵᠠᠰᠠᠬᠤ ᠪᠠ ᠨᠡᠭᠡᠭᠡᠨ ᠬᠥᠭᠵᠢᠭᠦᠯᠬᠦ ᠶᠢᠨ ᠰᠠᠶᠢᠨ ᠨᠥᠬᠦᠴᠡᠯᠳᠦᠯ ᠳᠤᠮᠳᠠ ᠬᠠᠲᠤᠨ ᠭᠤᠣᠯ ᠢ ᠠᠷᠠᠳ ᠲᠦᠮᠡᠨ ᠳᠤ | ᠪᠤᠶᠠᠨ ᠦᠢᠯᠡᠳᠬᠦ ᠵᠣᠯ ᠵᠢᠷᠭᠠᠯᠲᠤ ᠭᠤᠣᠯ ᠪᠣᠯᠭᠠᠭᠰᠠᠨ ᠪᠠᠶᠢᠨ᠎ᠠ ᠃ | | ᠶᠡᠭᠡ ᠪᠠᠷ ᠬᠠᠮᠠᠭᠠᠯᠠᠬᠤ ᠪᠠ ᠶᠡᠭᠡ ᠪᠠᠷ ᠵᠠᠰᠠᠬᠤ ᠶᠢ ᠵᠡᠷᠭᠡᠪᠡᠷ ᠶᠠᠪᠤᠭᠳᠠᠭᠤᠯᠪᠠ | ᠵᠡᠭᠦᠨᠭᠠᠷ ᠬᠤᠰᠢᠭᠤᠨ ᠤ ᠨᠤᠳᠤᠭ ᠳᠡᠪᠢᠰᠭᠡᠷ ᠤᠨ ᠶᠡᠷᠦᠩᠬᠡᠢ ᠲᠠᠯᠠᠪᠠᠶ ᠨᠢ 7692 ᠲᠡᠭᠰᠢ ᠳᠥᠷᠪᠡᠯᠵᠢᠨ ᠺᠢᠯᠣᠮᠧᠲᠷ ᠪᠠᠶᠢᠵᠤ ᠂ ᠤᠯᠤᠰ ᠤᠨ ᠳᠣᠲᠣᠭᠠᠳᠤ | ᠭᠠᠳᠠᠭᠠᠳᠤ ᠶᠢᠨ ᠲᠤᠰᠬᠠᠢ ᠮᠡᠷᠭᠡᠵᠢᠯᠲᠡᠳ ᠲᠤ ︽ ᠳᠡᠯᠡᠬᠡᠢ ᠶᠢᠨ ᠪᠥᠮᠪᠥᠷᠴᠡᠭ ᠤᠨ ᠥᠮᠡᠨ ︾ ᠬᠡᠮᠡᠭᠳᠡᠭᠰᠡᠨ ᠬᠠᠶᠢᠷ ᠴᠢᠯᠠᠭᠤᠯᠢᠭ ᠤᠨ ᠣᠷᠣᠨ ᠤ ᠲᠠᠯᠠᠪᠠᠶ ᠨᠢ | 5807 ᠲᠡᠭᠰᠢ ᠳᠥᠷᠪᠡᠯᠵᠢᠨ ᠺᠢᠯᠣᠮᠧᠲᠷ ᠪᠠᠶᠢᠵᠤ ᠂ ᠪᠥᠬᠦ ᠬᠤᠰᠢᠭᠤᠨ ᠤ ᠨᠤᠳᠤᠭ ᠳᠡᠪᠢᠰᠭᠡᠷ ᠤᠨ ᠲᠠᠯᠠᠪᠠᠶ ᠶᠢᠨ 76.9% ᠶᠢ ᠡᠵᠡᠯᠡᠵᠦ ᠂ ᠡᠭᠦᠨ ᠳᠤ ᠬᠦᠨᠳᠦ | ᠨᠣᠴᠢᠲᠠᠢ ᠬᠠᠯᠴᠠᠭᠠᠶᠢᠷᠠᠬᠰᠠᠨ ᠣᠷᠣᠨ ᠨᠢ 1193 ᠲᠡᠭᠰᠢ ᠳᠥᠷᠪᠡᠯᠵᠢᠨ ᠺᠢᠯᠣᠮᠧᠲᠷ ᠪᠠᠶᠢᠵᠤ ᠂ ᠪᠥᠬᠦ ᠬᠤᠰᠢᠭᠤᠨ ᠤ ᠨᠤᠳᠤᠭ ᠳᠡᠪᠢᠰᠭᠡᠷ ᠤᠨ ᠲᠠᠯᠠᠪᠠᠶ ᠶᠢᠨ 15. | 8% ᠶᠢ ᠡᠵᠡᠯᠡᠨ᠎ᠡ ᠃ | | 1983 ᠣᠨ ᠠᠴᠠ ᠨᠠᠭᠠᠰᠢ ᠂ ᠤᠯᠤᠰ ᠤᠨ ᠬᠥᠷᠥᠰᠥ ᠰᠢᠷᠣᠢ ᠶᠢᠨ ᠢᠳᠡᠭᠳᠡᠯ ᠢ ᠬᠠᠮᠠᠭᠠᠯᠠᠬᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠲᠠᠰᠤᠷᠠᠯᠲᠠ ᠦᠭᠡᠢ ᠬᠡᠷᠡᠭᠵᠢᠭᠦᠯᠵᠦ ᠂ 2023 ᠣᠨ ᠳᠤ ᠬᠤᠸᠠᠩ ᠹᠦ᠋ ᠴᠤᠸᠠᠨ ᠤ ᠰᠠᠪᠠ ᠭᠠᠵᠠᠷ ᠂ ᠠᠭᠤᠢ ᠶᠢᠨ ᠭᠤᠣᠯ ᠤᠨ ᠰᠠᠪᠠ ᠭᠠᠵᠠᠷ ᠤᠨ 62 | ᠡᠯᠡᠰᠦᠨ ᠬᠠᠰᠢᠯᠭ᠎ᠠ ᠶᠢᠨ ᠪᠠᠷᠢᠯᠭ᠎ᠠ ᠶᠢ ᠪᠦᠲᠦᠭᠡᠨ ᠪᠠᠶᠢᠭᠤᠯᠪᠠ ᠃ | ᠬᠥᠪᠴᠢ ᠶᠢᠨ ᠡᠯᠡᠰᠤᠨ ᠴᠦᠯ ᠢ ᠵᠠᠰᠠᠬᠤ ᠪᠤᠭᠤᠮᠳᠠ ᠰᠢᠪᠳᠤᠯᠬᠤ ᠠᠵᠢᠯᠯᠠᠭ᠎ᠠ ᠶᠢ ᠬᠡᠷᠡᠭᠵᠢᠭᠦᠯᠪᠠ ᠃ ᠬᠥᠪᠴᠢ ᠶᠢᠨ ᠡᠯᠡᠰᠦᠨ ᠴᠥᠯ ᠨᠢ ᠵᠡᠭᠦᠨᠭᠠᠷ ᠬᠤᠰᠢᠭᠤᠨ ᠤ | ᠬᠢᠵᠠᠭᠠᠷ ᠳᠣᠲᠣᠷ᠎ᠠ 922 ᠲᠡᠭᠰᠢ ᠳᠥᠷᠪᠡᠯᠵᠢᠨ ᠺᠢᠯᠣᠮᠧᠲᠷ ︵ 138 ᠲᠦᠮᠡᠨ ᠮᠦ ︶ ᠦᠷᠭᠦᠯᠵᠢᠯᠡᠵᠦ ᠂ ᠪᠥᠬᠦ ᠬᠤᠰᠢᠭᠤᠨ ᠤ ᠨᠤᠲᠤᠭ ᠳᠡᠪᠢᠰᠬᠡᠷ ᠤᠨ | ᠲᠠᠯᠠᠪᠠᠶ ᠶᠢᠨ 12% ᠢ ᠡᠵᠡᠯᠡᠵᠤ ᠪᠤᠢ ᠃ 2023 ᠣᠨ ᠳᠤ ᠵᠡᠭᠦᠨᠭᠠᠷ ᠬᠤᠰᠢᠭᠤ ᠨᠡᠶᠢᠲᠡ 3025 ᠲᠦᠮᠡᠨ ᠲᠥᠭᠦᠷᠢᠭ ᠵᠠᠷᠤᠴᠠᠭᠤᠯᠤᠨ ᠂ ᠬᠥᠪᠴᠢ ᠶᠢᠨ | ᠡᠯᠡᠰᠤᠨ ᠴᠦᠯ ᠢ ᠶᠡᠷᠦᠩᠬᠡᠶᠢᠯᠡᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠤᠬᠰᠠᠨ ᠤ ᠬᠠᠮᠲᠤ ᠬᠥᠪᠴᠢ ᠶᠢᠨ ᠡᠯᠡᠰᠤᠨ ᠴᠦᠯ ᠤᠨ 400 ᠲᠦᠮᠡᠨ ᠺᠢᠯᠣᠸᠠᠲ ᠤᠨ | ᠰᠢᠨ᠎ᠡ ᠡᠨᠧᠷᠭᠢ ᠶᠢᠨ ᠲᠥᠷᠥᠯ ᠵᠦᠢᠯ ᠢ ᠬᠡᠷᠡᠭᠵᠢᠭᠦᠯᠵᠦ ᠂ ︽ ᠬᠡᠷᠡᠯ ᠴᠡᠨᠡᠭ + ᠡᠯᠡᠰᠦ ᠶᠢ ᠵᠠᠰᠠᠬᠤ + ᠲᠠᠷᠢᠶᠠᠯᠠᠩ ᠣᠶ ᠰᠢᠭᠤᠢ + ᠵᠤᠭᠠᠴᠠᠯ ︾ ᠪᠠ | ︽ ᠬᠠᠪᠲᠠᠰᠤᠨ ᠳᠡᠭᠡᠷ᠎ᠡ ᠠᠴᠠ ᠴᠠᠬᠢᠯᠭᠠᠨ ᠭᠠᠷᠭᠠᠵᠤ ᠂ ᠬᠠᠪᠲᠠᠰᠤᠨ ᠳᠣᠣᠷ᠎ᠠ ᠳᠠᠷᠢᠬᠤ ︾ ᠬᠥᠭᠵᠢᠯᠲᠡ ᠶᠢᠨ ᠵᠠᠭᠪᠤᠷ ᠢ ᠶᠡᠭᠡ ᠪᠠᠷ ᠬᠡᠷᠡᠭᠵᠢᠭᠦᠯᠦᠭᠰᠡᠨ ᠪᠠᠶᠢᠨ᠎ᠠ ᠃ | | ︽ᠠᠷᠪᠠᠨ ᠶᠡᠭᠡ ᠬᠦᠨᠳᠡᠢ ︾ ᠶᠢ ᠵᠠᠰᠠᠬᠤ ᠪᠤᠭᠤᠮᠳᠠ ᠰᠢᠪᠳᠤᠯᠬᠤ ᠠᠵᠢᠯᠯᠠᠭ᠎ᠠ ᠶᠢ ᠬᠡᠷᠡᠭᠵᠢᠭᠦᠯᠪᠡ᠃ 2023 ᠣᠨ ᠳᠤ ᠂ ᠬᠤᠭᠤᠯᠠᠢ ᠭᠤᠣᠯ ᠤᠨ ᠠᠮᠢ | ᠠᠬᠤᠢ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠰᠢᠨ᠎ᠡ ᠪᠠᠷ | ᠨᠡᠮᠡᠭᠳᠡᠭᠰᠡᠨ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠲᠠᠯᠠᠪᠠᠶ 3000 ᠾᠧᠺᠲ᠋ᠠᠷ ︵ ᠠᠮᠢ ᠠᠬᠤᠢ ᠶᠢᠨ ᠠᠶᠠᠨᠳᠠᠭᠠᠨ ᠰᠡᠷᠭᠦᠬᠦ ᠣᠷᠣᠨ 2013.85 | ᠾᠧᠺᠲ᠋ᠠᠷ ᠂ ᠶᠡᠷᠦᠩᠬᠡᠶᠢᠯᠡᠨ ᠵᠠᠰᠠᠬᠤ ᠣᠷᠣᠨ 986.15 ᠾᠧᠺᠲ᠋ᠠᠷ ︶ ᠭᠠᠵᠠᠷ ᠢ ᠵᠦᠪᠰᠢᠶᠡᠷᠡᠵᠤ ᠂ 1500 ᠲᠦᠮᠡᠨ ᠲᠥᠭᠦᠷᠢᠭ ᠤᠨ ᠪᠡᠯᠡ ᠣᠷᠣᠭᠤᠯᠤᠯᠲᠠ | ᠤᠷᠤᠭᠤᠯᠬᠤ ᠶᠢ ᠪᠦᠬᠦᠨ ᠢ ᠵᠦᠪᠰᠢᠶᠡᠷᠡᠭᠰᠡᠨ ᠪᠠᠶᠢᠨ᠎ᠠ ᠃ ᠪᠤᠷᠤᠳᠤᠬᠤᠢ ᠶᠢᠨ ᠠᠮᠢ ᠠᠬᠤᠢ ᠶᠢᠨ ᠤᠰᠤᠨ ᠤ ᠢᠷᠡᠯᠳᠡ ᠶᠢᠨ ᠢᠨᠵᠧᠨᠧᠷᠢᠩ ᠢ ᠪᠦᠬᠦᠨ ᠢ ᠪᠦᠲᠦᠭᠡᠨ | ᠪᠠᠶᠢᠭᠤᠯᠵᠤ ᠳᠠᠭᠤᠰᠬᠠᠨ᠂ ᠤᠶᠢᠷ᠎ᠠ ᠬᠠᠪᠢ ᠶᠢᠨ ᠤᠰᠤᠨ ᠤ ᠢᠷᠡᠯᠳᠡ ᠶᠢᠨ ᠬᠠᠳᠠᠭᠠᠯᠠᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ ᠂ ᠡᠯᠡᠰᠦ ᠤᠰᠤ ᠵᠠᠯᠭᠠᠯᠳᠤᠭᠰᠠᠨ | ᠠᠮᠢ ᠠᠬᠤᠢ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ | ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠰᠠᠶᠢᠵᠢᠷᠠᠭᠤᠯᠬᠤ ᠠᠵᠢᠯᠯᠠᠭ᠎ᠠ ᠶᠢ ᠬᠡᠷᠡᠭᠵᠢᠭᠦᠯᠪᠠ᠃ ᠠᠮᠢ ᠠᠬᠤᠢ ᠶᠢᠨ ᠪᠦᠷᠬᠦᠪᠴᠢ ᠤᠷᠭᠤᠮᠠᠯ ᠤᠨ ᠪᠦᠲᠦᠭᠡᠨ | ᠪᠠᠶᠢᠭᠤᠯᠤᠯᠲᠠ ᠶᠢ ᠥᠨᠳᠥᠷ ᠪᠠᠶᠢᠷᠢᠨ ᠳᠤ ᠲᠠᠯᠪᠢᠵᠤ ᠂ 2023 ᠣᠨ ᠳᠤ 28.75 ᠲᠦᠮᠡᠨ ᠮᠦ ᠠᠮᠢ ᠠᠬᠤᠢ ᠶᠢᠨ ᠪᠦᠷᠬᠦᠪᠴᠢ ᠤᠷᠭᠤᠮᠠᠯ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠪᠡ ᠂ ᠡᠭᠦᠨ ᠳᠤ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ 14.25 ᠲᠦᠮᠡᠨ ᠮᠦ ᠂ ᠨᠤᠲᠤᠭ ᠪᠡᠯᠴᠢᠭᠡᠷ ᠤᠨ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ 14.5 ᠲᠦᠮᠡᠨ ᠮᠦ ᠪᠠᠶᠢᠵᠤ ᠂ ᠳᠡᠭᠡᠷ᠎ᠡ ᠵᠢᠯ ᠤᠨ ᠬᠢ ᠠᠴᠠ 31.2% ᠢᠶᠠᠷ ᠨᠡᠮᠡᠭᠳᠡᠪᠡ ᠃ ᠪᠥᠬᠦ ᠠᠷᠠᠳ ᠤᠨ | ᠠᠯᠪᠠᠨ ᠵᠢᠷᠤᠮ ᠤᠨ ᠮᠣᠳᠣ ᠳᠠᠷᠢᠬᠤ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠂ 2023 ᠣᠨ ᠳᠤ ᠣᠶ ᠰᠢᠭᠤᠢ ᠨᠤᠳᠤᠭ ᠪᠡᠯᠴᠢᠭᠡᠷ ᠤᠨ | ᠰᠢᠰᠲ᠋ᠧᠮ ᠤᠨ ᠬᠢᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ 16 ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ ᠂ | 150 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠬᠤ ᠶᠢ ᠪᠡᠶᠡᠯᠡᠭᠦᠯᠪᠡ ᠃ ︽ ᠬᠦᠢᠯᠡᠰᠤᠨ ᠮᠤᠳᠤᠨ ᠤ ᠪᠠᠶᠠᠵᠢᠯ ︾ ᠤᠨ ᠵᠡᠭᠦᠨᠭᠠᠷ ᠤᠨ ᠢᠨᠵᠧᠨᠧᠷᠢᠩ ᠢ | ᠴᠣᠭᠴᠠᠯᠠᠵᠤ ᠂ ︽ ᠨᠢᠭᠡ ᠤᠴᠢᠷ ᠶᠠᠪᠤᠳᠠᠯ ᠨᠢᠭᠡ ᠬᠡᠪ ᠳᠠᠭᠤᠷᠢᠶᠠᠯ ︾ ᠤᠨ ᠳᠦᠷᠢ ᠲᠥᠷᠬᠦ ᠶᠢ ᠪᠣᠶ ᠪᠣᠯᠭᠠᠪᠠ ᠃ ︽ ᠵᠡᠭᠦᠨᠭᠠᠷ ᠬᠤᠰᠢᠭᠤᠨ ᠤ ᠵᠢᠮᠢᠰ ᠤᠨ ᠣᠶ ᠶᠢᠨ | ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠯ ︵ 2023 ︱ 2025 ︶ ︾ ᠤᠨ ᠪᠢᠴᠢᠭ ᠮᠠᠲ᠋ᠧᠷᠢᠶᠠᠯ ᠶᠣᠰᠣᠭᠠᠷ ᠂ 2023 | ᠣᠨ ᠳᠤ 4000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ ᠂ ᠠᠷᠠᠳ ᠣᠯᠠᠨ ᠤ ᠠᠰᠢᠭ ᠲᠤᠰᠠ ᠲᠠᠢ ᠬᠤᠯᠪᠣᠬᠤ ᠵᠠᠭᠪᠤᠷ ᠢᠶᠠᠷ ᠳᠠᠮᠵᠢᠭᠤᠯᠤᠨ ᠂ ᠠᠵᠤ | ᠠᠬᠤᠢ ᠶᠢᠨ ᠣᠶ ᠶᠢᠨ ᠪᠦᠲᠦᠭᠡᠨ ᠪᠠᠶᠢᠭᠤᠯᠤᠯᠲᠠ ᠶᠢ 9.28 ᠲᠦᠮᠡᠨ ᠮᠦ ᠪᠡᠶᠡᠯᠡᠭᠦᠯᠪᠠ ᠃ ᠵᠢᠯ ᠤᠨ ᠡᠴᠦᠰ ᠪᠣᠯᠲᠠᠯ᠎ᠠ ᠂ ᠪᠥᠬᠦ ᠬᠤᠰᠢᠭᠤᠨ ᠳᠤ ᠴᠢᠴᠠᠷᠭᠠᠨ᠎ᠠ 93 | ᠲᠦᠮᠡᠨ ᠮᠦ ᠂ ᠬᠦᠢᠯᠡᠰᠦ 90 ᠲᠦᠮᠡᠨ ᠮᠦ ᠂ ᠠᠯᠮᠤᠷᠠᠳ 3 ᠲᠦᠮᠡ ᠭᠠᠷᠤᠢ ᠮᠦ ᠂ ᠠᠯᠢᠮ᠎ᠠ ᠂ ᠲᠤᠭᠤᠷ ᠂ ᠤᠯᠠᠭᠠᠨ ᠴᠢᠪᠠᠭ᠎ᠠ 3 ᠲᠦᠮᠡ ᠭᠠᠷᠤᠢ ᠮᠦ ᠳᠠᠷᠢᠵᠤ ᠂ | ᠪᠥᠬᠦ ᠣᠷᠣᠨ ᠳᠤ ᠵᠠᠭᠤᠨ ᠲᠦᠮᠡᠨ ᠮᠦ ᠠᠵᠤ ᠠᠬᠤᠢ ᠶᠢᠨ ᠣᠶ ᠶᠢᠨ ᠬᠠᠷᠠᠯᠲᠠ ᠶᠢ ᠤᠷᠢᠳᠠᠪᠠᠷ ᠪᠡᠶᠡᠯᠡᠭᠦᠯᠪᠡ ᠃ | | ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠠᠵᠢᠯᠯᠠᠭ᠎ᠠ ᠶᠢ ᠬᠡᠷᠡᠭᠵᠢᠭᠦᠯᠬᠦ ᠲᠠᠯ᠎ᠠ ᠪᠠᠷ ᠃ 2023 ᠣᠨ ᠳᠤ 5 ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠪᠠ ᠃ ᠤᠳᠤᠬᠠᠨ ᠪᠣᠯᠲᠠᠯ᠎ᠠ ᠂ ᠪᠥᠬᠦ ᠬᠤᠰᠢᠭᠤᠨ ᠳᠤ ᠨᠡᠬᠦᠷᠡᠰᠤ ᠭᠠᠷᠳᠠᠭ ᠨᠡᠭᠦᠷᠡᠰᠦᠨ ᠠᠭᠤᠷᠬᠠᠢ 99 ︵ ᠠᠭᠤᠷᠬᠠᠢ ᠶᠢᠨ | ᠬᠤᠳᠳᠤᠭ 41 ᠂ ᠵᠠᠳᠠᠭᠠᠢ ᠠᠭᠤᠷᠬᠠᠢ 45 ᠂ ᠭᠠᠮᠰᠢᠭ ᠢ ᠵᠠᠰᠠᠬᠤ 13 ︶ ᠪᠠᠶᠢᠵᠤ ᠂ ᠤᠯᠤᠰ ᠤᠨ ᠲᠠᠰ ᠤᠨ ᠪᠣᠬᠢᠷᠲᠤᠯ ᠦᠭᠡᠢ ᠠᠭᠤᠷᠬᠠᠢ ᠶᠢ 8 ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠠᠭᠤᠷᠬᠠᠢ ᠶᠢ 58 ᠪᠠᠶᠢᠭᠤᠯᠵᠤ ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠨᠣᠷᠮ᠎ᠠ | 70% ᠳᠤ ᠬᠥᠷᠪᠡ ᠃ | ︽ᠬᠤᠶᠠᠷ ᠠᠭᠤᠯᠠ︾ ᠶᠢᠨ ᠤᠨᠤᠯ ᠤᠨ ᠵᠢᠯᠣᠭᠤᠳᠤᠯᠭ᠎ᠠ ᠪᠠᠷ ᠂ ᠬᠠᠶᠢᠷ ᠴᠢᠯᠠᠭᠤᠯᠢᠭ ᠭᠠᠵᠠᠷ ᠢ ᠶᠡᠷᠦᠩᠬᠡᠶᠢᠯᠡᠨ ᠵᠠᠰᠠᠬᠤ ᠲᠡᠷᠢᠭᠦᠨ ᠤ ᠣᠷᠣᠨ ᠢ ᠪᠠᠶᠢᠭᠤᠯᠪᠠ᠃ | ᠪᠥᠬᠦ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠰᠲ᠋ᠧᠮ ᠤᠨ ᠵᠠᠰᠠᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ | ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ ᠂ ︽ ᠣᠷᠣᠨ ᠨᠤᠲᠤᠭ ᠂ ᠠᠵᠤ ᠠᠬᠤᠶᠢᠯᠠᠯ ᠂ ᠠᠷᠠᠳ ᠤᠯᠠᠨ ︾ ᠭᠤᠷᠪᠠᠨ ᠲᠠᠯ᠎ᠠ ᠪᠠᠷ ᠠᠰᠢᠭ ᠭᠥᠷᠳᠡᠬᠦ ᠶᠢ | ᠪᠡᠶᠡᠯᠡᠭᠦᠯᠬᠦ ᠪᠠᠷ ᠬᠠᠷᠠᠯᠲᠠ ᠪᠣᠯᠭᠠᠵᠤ ᠂ ᠥᠩᠭᠡᠨ ᠲᠠᠯ᠎ᠠ ᠪᠠ ᠦᠨᠳᠤᠰᠤᠨ ᠠᠴᠠ ᠨᠢ ᠵᠡᠷᠭᠡᠪᠡᠷ ᠵᠠᠰᠠᠵᠤ ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠤᠨ ᠂ | ᠪᠦᠳᠤᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠵᠤ ᠂ ᠵᠠᠰᠠᠯᠳᠠ ᠤᠶᠢᠯᠡᠳᠪᠤᠷᠢᠯᠡᠯ ᠢ ᠠᠭᠤᠰᠤᠯᠴᠠᠭᠤᠯᠤᠨ ᠂ ᠬᠠᠶᠢᠷ ᠴᠢᠯᠠᠭᠤᠯᠢᠭ ᠭᠠᠵᠠᠷ ᠢ | ᠶᠡᠷᠦᠩᠬᠡᠶᠢᠯᠡᠨ ᠵᠠᠰᠠᠬᠤ ᠵᠢᠴᠢ ᠠᠮᠢ ᠠᠬᠤᠢ ᠶᠢ ᠰᠡᠷᠭᠦᠭᠡᠨ ᠵᠠᠰᠠᠬᠤ ᠶᠢ ᠨᠢᠭᠡ ᠴᠣᠭᠴᠠᠵᠢᠭᠤᠯᠤᠭᠰᠠᠨ ᠵᠡᠭᠦᠨᠭᠠᠷ ᠤᠨ ᠵᠠᠭᠪᠤᠷ ᠢ ᠠᠩᠬ᠎ᠠ ᠠᠯᠬᠤᠮ ᠪᠣᠶ ᠪᠣᠯᠭᠠᠪᠠ ᠃ | 2023 ᠣᠨ ᠤ 6 ᠰᠠᠷ᠎ᠠ ᠳᠤ ᠂ ᠵᠡᠭᠦᠨᠭᠠᠷ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠭᠤᠣᠯ ᠤᠨ ᠵᠠᠮ ᠤᠨ ᠠᠮᠢ ᠠᠬᠤᠢ ᠶᠢᠨ ᠵᠠᠰᠠᠯᠲᠠ ᠶᠢᠨ ᠶᠡᠭᠡ | ᠲᠣᠭᠤᠷᠢᠨ ᠪᠠᠶᠢᠴᠠᠭᠠᠯᠲᠠ ᠥᠷᠨᠢᠭᠦᠯᠵᠦ ᠂ ᠬᠠᠳᠤᠨ ᠭᠤᠣᠯ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠤᠨ ᠂ | ᠠᠰᠠᠭᠤᠳᠠᠯ ᠢ ᠳᠠᠷᠠᠭᠠᠯᠠᠨ ᠪᠠᠶᠢᠴᠠᠭᠠᠬᠤ ᠶᠢ ᠭᠦᠨᠵᠡᠭᠡᠶᠢᠷᠡᠭᠦᠯᠬᠦ ᠂ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠴᠢᠩᠭ᠎ᠠ ᠠᠳᠬᠤᠬᠤ ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠵᠤ ᠂ ᠵᠡᠭᠦᠨᠭᠠᠷ ᠬᠤᠰᠢᠭᠤᠨ ᠤ ᠭᠤᠣᠯ ᠨᠠᠭᠤᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ | ᠪᠣᠯᠣᠨ ᠬᠠᠳᠤᠨ ᠭᠤᠣᠯ ᠤᠨ ᠬᠠᠮᠠᠭᠠᠯᠠᠯᠲᠠ ᠳᠤ ︽ᠠᠮᠤᠷ ᠲᠦᠪᠰᠢᠨ ᠤ ᠱᠤᠭᠤᠮ︾ ᠵᠢᠷᠤᠨ ᠦᠭᠴᠤ ᠂ ︽ᠬᠠᠮᠠᠭᠠᠯᠠᠯᠲᠠ︾ ᠶᠢ ᠪᠤᠢ ᠪᠤᠯᠭᠠᠵᠠᠢ᠃ | 2023 ᠣᠨ ᠤ 8 ᠰᠠᠷ᠎ᠠ ᠳᠤ ᠂ ᠵᠡᠭᠦᠨᠭᠠᠷ ᠤᠨ ᠠᠯᠪᠠᠨ ᠵᠢᠷᠤᠮ ᠤᠨ ᠠᠵᠢᠯᠳᠠᠨ ᠤ ᠨᠡᠶᠢᠭᠡᠮᠯᠢᠭ ᠤᠨ 320 ᠵᠠᠯᠠᠭᠤ ᠰᠠᠶᠢᠨ ᠳᠤᠷᠠᠴᠤᠤᠯ ᠵᠡᠭᠦᠨᠭᠠᠷ | ᠬᠤᠰᠢᠭᠤᠨ ᠤ ᠱᠢ ᠡᠯ ᠯᠢᠶᠠᠨ ᠴᠧᠩ ᠰᠢᠶᠠᠩ ᠤᠨ ᠬᠤᠶᠢᠲᠤ ᠬᠡᠰᠡᠭ ᠤᠨ ᠬᠠᠳᠤᠨ ᠭᠤᠣᠯ ᠤᠨ ᠬᠥᠪᠡᠭᠡᠨ ᠳᠤ ︽ᠡᠵᠢ ᠭᠤᠣᠯ ᠢ ᠬᠠᠮᠠᠭᠠᠯᠠᠬᠤ︾ ᠲᠠᠩ ᠴᠡᠪᠡᠷᠯᠡᠬᠦ | ᠠᠵᠢᠯᠯᠠᠭ᠎ᠠ ᠥᠷᠨᠢᠭᠦᠯᠵᠡᠢ᠃ ᠰᠠᠶᠢᠨ ᠳᠤᠷᠠᠴᠤᠤᠯ ᠶᠠᠪᠠᠭᠠᠨ ᠢᠶᠠᠷ ᠬᠠᠳᠤᠨ ᠭᠤᠣᠯ ᠤᠨ ᠬᠥᠪᠡᠭᠡᠨ ᠤ ᠬᠤᠶᠠᠷ ᠬᠠᠵᠠᠭᠤ ᠶᠢᠨ 10 ᠺᠢᠯᠤᠮᠧᠲᠷ ᠭᠠᠵᠠᠷ ᠢᠶᠠᠷ ᠠᠯᠬᠤᠮ | ᠠᠯᠬᠤᠮ ᠢᠶᠠᠷ ᠪᠠᠶᠢᠴᠠᠭᠠᠨ ᠴᠡᠪᠡᠷᠯᠡᠵᠦ ᠂ ᠭᠤᠣᠯ ᠤᠨ ᠵᠠᠮ ᠤᠨ ᠬᠤᠶᠠᠷ ᠬᠠᠵᠠᠭᠤ ᠶᠢᠨ ᠴᠠᠭᠠᠨ ᠥᠩᠭᠡᠲᠦ ᠬᠤᠭ ᠨᠣᠪᠰᠢ ᠂ ᠵᠠᠮ ᠳᠠᠭᠠᠤ ᠶᠢᠨ ᠡᠪᠡᠰᠦᠨ ᠪᠤᠳᠠ | ᠪᠣᠯᠣᠨ ᠴᠢᠯᠠᠭᠤᠨ ᠵᠠᠪᠰᠠᠷ ᠲᠠᠬᠢ ᠰᠦᠯᠢᠶᠥᠦ ᠤᠭᠤᠲᠠ᠂ ᠴᠠᠭᠠᠰᠤ ᠂ ᠰᠢᠯ ᠯᠣᠩᠬᠤ ᠂ ᠷᠠᠰᠢᠶᠠᠨ ᠤᠰᠤᠨ ᠤ ᠯᠣᠩᠬᠤ ᠵᠡᠷᠭᠡ ᠡᠯᠳᠡᠪ ᠪᠣᠳᠠᠰ ᠢ ᠴᠡᠪᠡᠷᠯᠡᠨ | ᠠᠷᠢᠯᠭᠠᠬᠰᠠᠨᠪᠠᠶᠢᠨᠠ᠃ ᠠᠯᠪᠠᠨ ᠵᠢᠷᠤᠮ ᠤᠨ ᠠᠵᠢᠯᠳᠠᠨ ᠤ ᠨᠡᠶᠢᠭᠡᠮᠯᠢᠭ ᠤᠨ ᠬᠠᠷᠢᠭᠤᠴᠠᠯᠭᠠᠲᠠᠨ ᠠᠴᠠ ᠵᠠᠭᠤᠴᠢᠯᠠᠭᠤᠷ ᠤᠨ ᠬᠢᠨ ᠳᠤ ᠲᠠᠨᠢᠯᠴᠠᠭᠤᠯᠬᠤ ᠳᠠᠭᠠᠨ᠂ | ᠵᠡᠭᠦᠨᠭᠠᠷ ᠬᠤᠰᠢᠭᠤᠨ ᠤ ᠬᠠᠳᠤᠨ ᠭᠤᠣᠯ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠳᠤ ᠣᠷᠣᠯᠴᠠᠭᠰᠠᠨ ᠰᠠᠶᠢᠨ ᠳᠤᠷᠠᠴᠤᠤᠯ ᠬᠠᠮᠤᠭ ᠠᠩᠬᠠᠨ ᠳᠠᠭᠠᠨ | 11 ᠬᠥᠮᠥᠨ ᠪᠠᠶᠢᠭᠰᠠᠨ ᠠᠴᠠ ᠪᠠᠨ ᠲᠦᠮᠡ ᠭᠠᠷᠤᠢ ᠬᠥᠮᠥᠨ ᠪᠤᠯᠤᠨ ᠨᠡᠮᠡᠭᠳᠡᠵᠡᠢ ᠃ | | ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢ ᠵᠡᠷᠭᠡᠪᠡᠷ ᠴᠢᠬᠤᠯᠠᠴᠢᠯᠠᠪᠠ | 2023 ᠣᠨ ᠤ 7 ᠰᠠᠷ᠎ᠠ ᠳᠤ ᠂ ᠬᠠᠳᠤᠨ ᠭᠤᠣᠯ ᠤᠨ ᠬᠤᠶᠢᠲᠤ ᠬᠡᠰᠡᠭ ᠲᠤ ᠪᠠᠶᠢᠷᠢᠯᠠᠵᠤ ᠪᠠᠶᠢᠭ᠎ᠠ ᠱᠢ ᠡᠯ ᠯᠢᠶᠠᠨ ᠴᠧᠩ ᠰᠢᠶᠠᠩ ᠤᠨ ᠵᠢᠦᠢ ᠾᠧ ᠲᠠᠨ | ᠲᠣᠰᠬᠤᠨ ᠤ ᠬᠢᠨ ᠡᠮᠦᠨᠡᠲᠦ ᠠᠮᠧᠷᠢᠺᠠ ᠶᠢᠨ ᠴᠠᠭᠠᠨ ᠵᠦᠢᠷᠡᠢ ᠰᠠᠮ ᠬᠤᠷᠣᠬᠠᠢ ᠲᠡᠵᠢᠭᠡᠨ ᠦᠷᠡᠵᠢᠭᠦᠯᠬᠦ ᠲᠦᠷᠦᠯ ᠵᠦᠢᠯ ᠢ ᠣᠷᠣᠭᠤᠯᠤᠨ ᠠᠪᠴᠢᠷᠠᠵᠤ ᠂ ᠲᠦᠷᠦᠭᠦᠦ | ᠪᠦᠯᠦᠭ ᠲᠤ 120 ᠲᠦᠮᠡᠨ ᠰᠠᠮ ᠬᠤᠷᠣᠬᠠᠢ ᠶᠢᠨ ᠵᠢᠷᠭᠠᠬᠠᠢ ᠶᠢ ᠲᠠᠯᠪᠢᠭᠰᠠᠨ ᠪᠠᠶᠢᠨ᠎ᠠ᠃ ᠲᠣᠰ ᠲᠥᠷᠥᠯ ᠵᠦᠢᠯ ᠪᠣᠯ ᠵᠡᠭᠦᠨᠭᠠᠷ ᠬᠤᠰᠢᠭᠤᠨ ᠤ ᠲᠠᠷᠢᠶᠠᠯᠠᠩ ᠮᠠᠯ | ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠮᠦᠨᠡᠬᠢ ᠬᠤᠭᠤᠴᠠᠭᠠᠨ ᠤ ᠤᠰᠤᠨ ᠤ ᠴᠢᠨᠠᠷ ᠲᠤ ᠲᠣᠬᠢᠷᠠᠭᠤᠯᠤᠯᠲᠠ ᠬᠢᠬᠦ ᠂ ᠬᠢᠨᠠᠨ | ᠰᠢᠯᠭᠠᠬᠤ ᠪᠠᠷ ᠳᠡᠮᠵᠢᠭᠤᠯᠤᠨ ᠂ ᠵᠢᠦᠢ ᠾᠧ ᠲᠠᠨ ᠲᠣᠰᠬᠤᠨ ᠤ ᠬᠠᠮᠲᠤ ᠶᠢᠨ ᠠᠵᠤ ᠠᠬᠤᠢ ᠳᠤ ᠬᠠᠷᠢᠶᠠᠯᠠᠭᠳᠠᠬᠤ ᠵᠢᠭᠠᠰᠤᠨ ᠴᠥᠭᠦᠷᠥᠮ ᠳᠤ ᠪᠦᠲᠦᠭᠡᠨ | ᠪᠠᠶᠢᠭᠤᠯᠤᠯᠲᠠ ᠪᠠ ᠡᠵᠡᠩᠨᠡᠯᠲᠡ ᠬᠢᠬᠦ ᠪᠠᠷ ᠲᠣᠭᠲᠠᠭᠰᠠᠨ ᠤᠰᠤᠨ ᠭᠠᠷᠤᠯᠲᠠ ᠲᠡᠵᠢᠭᠡᠨ ᠦᠷᠡᠵᠢᠭᠦᠯᠬᠦ ᠲᠥᠷᠥᠯ ᠵᠦᠢᠯ ᠪᠣᠯᠣᠨ᠎ᠠ ᠃ ᠬᠤᠰᠢᠭᠤᠨ ᠤ ᠲᠠᠷᠢᠶᠠᠯᠠᠩ ᠮᠠᠯ | ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠲᠡᠵᠢᠭᠡᠨ ᠦᠷᠡᠵᠢᠭᠦᠯᠬᠦ ᠡᠷᠦᠬᠡ ᠳᠤ ᠰᠠᠮ ᠬᠤᠷᠣᠬᠠᠢ ᠶᠢᠨ ᠵᠢᠷᠭᠠᠬᠠᠢ ᠵᠢᠴᠢ ᠲᠡᠵᠢᠭᠡᠨ | ᠦᠷᠡᠵᠢᠭᠦᠯᠬᠦ ᠮᠡᠷᠭᠡᠵᠢᠯ ᠤᠨ ᠵᠢᠯᠣᠭᠤᠳᠤᠯᠭ᠎ᠠ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ ᠂ ᠤᠶᠢᠷ᠎ᠠ ᠬᠠᠪᠢ ᠶᠢᠨ ᠭᠠᠵᠠᠷ ᠣᠷᠣᠨ ᠤ ᠬᠤᠵᠢᠷᠯᠢᠭ ᠭᠠᠵᠠᠷ ᠤᠨ | ᠵᠢᠭᠠᠰᠤᠨ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠪᠠ ᠬᠤᠵᠢᠷᠯᠢᠭ ᠭᠠᠵᠠᠷ ᠤᠨ ᠰᠠᠶᠢᠵᠢᠷᠠᠭᠤᠯᠤᠯᠲᠠ ᠬᠤᠶᠠᠷ ᠲᠠᠯ᠎ᠠ ᠪᠠᠷ ᠠᠰᠢᠭ ᠭᠥᠷᠳᠡᠬᠦ ᠪᠠᠶᠢᠳᠠᠯ ᠢ | ᠵᠢᠱᠢᠶ᠎ᠡ ᠦᠵᠡᠭᠦᠯᠤᠨ ᠳᠠᠶᠢᠴᠢᠯᠠᠵᠤ ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠭᠰᠡᠨ ᠪᠠᠶᠢᠨ᠎ᠠ ᠃ | ᠬᠤᠵᠢᠷᠯᠢᠭ ᠭᠠᠵᠠᠷ ᠲᠤ ᠡᠷᠴᠢᠮᠵᠢᠭᠦᠯᠦᠨ ᠲᠡᠵᠢᠭᠡᠨ ᠦᠷᠡᠵᠢᠭᠦᠯᠬᠦ ᠶᠢ ᠬᠡᠷᠡᠭᠵᠢᠭᠦᠯᠵᠦ ᠂ ᠤᠯᠠᠮᠵᠢᠯᠠᠯᠲᠤ ᠲᠡᠵᠢᠭᠡᠨ ᠦᠷᠡᠵᠢᠭᠦᠯᠬᠦ ᠦᠢᠯᠡᠰ ᠤᠨ ᠰᠠᠭᠤᠷᠢᠨ | ᠳᠡᠭᠡᠷ᠎ᠡ ᠠᠵᠤ ᠦᠢᠯᠡᠰ ᠤᠨ ᠬᠡᠯᠬᠢᠶ᠎ᠡ ᠶᠢ ᠨᠡᠮᠡᠭᠳᠡᠭᠦᠯᠵᠦ ᠂ ᠵᠢᠦᠢ ᠾᠧ ᠲᠠᠨ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠭᠰᠠᠨ ᠦᠷ᠎ᠡ | ᠪᠦᠲᠦᠭᠡᠯ ᠢ ᠳᠡᠯᠭᠡᠨ ᠦᠵᠡᠭᠦᠯᠵᠦ ᠂ ᠵᠢᠦᠢ ᠾᠧ ᠲᠠᠨ ᠲᠣᠰᠬᠤᠨ ᠤ ︽ ᠵᠢᠭᠠᠰᠤ ᠠᠩᠨᠠᠬᠤ ᠪᠠᠷ ᠬᠤᠵᠢᠷᠯᠢᠭ ᠭᠠᠵᠠᠷ ᠢ ᠰᠠᠶᠢᠵᠢᠷᠠᠭᠤᠯᠬᠤ ︾ ᠠᠵᠤ ᠦᠢᠯᠡᠰ ᠤᠨ | ᠬᠥᠭᠵᠢᠯᠲᠡ ᠶᠢᠨ ᠢᠷᠡᠭᠡᠳᠦᠢ ᠲᠠᠢ ᠨᠡᠶᠢᠴᠡᠵᠦ ᠪᠤᠢ ᠃ | | 2023 ᠣᠨ ᠤ 10 ᠰᠠᠷ᠎ᠠ ᠳᠤ ᠂ ᠵᠡᠭᠦᠨᠭᠠᠷ ᠬᠤᠰᠢᠭᠤᠨ ᠤ ᠱᠢ ᠡᠯ ᠯᠢᠶᠠᠨ ᠴᠧᠩ ᠰᠢᠶᠠᠩ ᠪᠣᠯᠣᠨ ᠳ᠋ᠠ ᠯᠦ ᠪᠠᠯᠭᠠᠰᠤ ᠶᠢᠨ ᠬᠠᠳᠤᠨ ᠭᠤᠣᠯ ᠤᠨ ᠵᠠᠮ | ᠳᠠᠭᠠᠤ ᠶᠢᠨ 1.42 ᠲᠦᠮᠡᠨ ᠮᠦ ᠴᠠᠷᠭᠠᠰᠤ ᠪᠣᠯᠣᠨ ᠨᠣᠬᠠᠢ ᠶᠢᠨ ᠬᠤᠰᠢᠭᠤ ᠶᠢᠨ ᠡᠪᠡᠰᠦ ᠬᠠᠳᠤᠵᠤ ᠬᠤᠷᠢᠶᠠᠬᠤ ᠤᠯᠠᠷᠢᠯ ᠪᠤᠯᠵᠤ ᠂ ᠬᠠᠳᠤᠨ ᠭᠤᠣᠯ ᠤᠨ ᠲᠠᠩ | ᠭᠠᠵᠠᠷ ᠤᠨ ᠡᠪᠡᠰᠦ ᠪᠡᠯᠴᠢᠭᠡᠷ ︽ ᠰᠢᠨ᠎ᠡ ᠳᠦᠷᠬᠦ ᠪᠠᠶᠢᠳᠠᠯ︾ ᠲᠠᠢ ᠪᠤᠯᠵᠠᠢ ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ | ᠠᠬᠢᠭᠤᠯᠬᠤ ᠶᠢᠨ ᠳᠤᠰᠠᠳᠠ᠂ ᠵᠡᠭᠦᠨᠭᠠᠷ ᠬᠤᠰᠢᠭᠤᠨ ᠤ ᠠᠭᠤᠷᠬᠠᠢ ᠶᠢᠨ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ︽ ᠨᠢᠭᠡ ᠤᠴᠢᠷ ᠶᠠᠪᠤᠳᠠᠯ ᠨᠢᠭᠡ ᠭᠡᠪ ᠳᠠᠭᠤᠷᠢᠶᠠᠯ ︾ ᠢᠶᠠᠷ ᠭᠠᠷᠳᠠᠴᠠ ᠪᠣᠯᠭᠠᠵᠤ ᠂ 2023 ᠣᠨ ᠠᠴᠠ ᠡᠬᠢᠯᠡᠨ᠂ ᠱᠢ ᠡᠯ ᠯᠢᠶᠠᠨ | ᠴᠧᠩ ᠰᠢᠶᠠᠩ ᠪᠣᠯᠣᠨ ᠳ᠋ᠠ ᠯᠦ ᠪᠠᠯᠭᠠᠰᠤ ᠶᠢᠨ ᠬᠠᠳᠤᠨ ᠭᠤᠣᠯ ᠤᠨ ᠭᠤᠤᠯ ᠤᠨ ᠵᠠᠮ ᠳᠠᠭᠠᠤ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠭᠰᠠᠨ ᠣᠷᠣᠨ | ᠪᠦᠰᠡ ᠶᠢᠨ ᠭᠠᠵᠠᠷ ᠰᠢᠷᠤᠢ ᠶᠢ ᠨᠢ ᠰᠢᠯᠵᠢᠬᠦᠯᠦᠭᠰᠡᠨ ᠲᠠᠷᠢᠶᠠᠴᠢᠨ ᠡᠷᠦᠭᠡ ᠶᠢᠨ 1.42 ᠲᠦᠮᠡᠨ ᠮᠦ ᠭᠠᠵᠠᠷ ᠲᠤ ᠡᠪᠡᠰᠤ ᠳᠠᠷᠢᠵᠤ ᠂ ᠡᠭᠦᠨ ᠤ ᠤᠯᠠᠮ ᠠᠴᠠ ᠲᠠᠩ | ᠭᠠᠵᠠᠷ ᠤᠨ ᠰᠠᠯᠬᠢᠨ ᠤ ᠬᠤᠷᠳᠤᠴᠠ ᠶᠢ ᠪᠠᠭᠠᠰᠬᠠᠵᠤ ᠂ ᠰᠠᠯᠬᠢᠨ ᠤ ᠢᠳᠡᠭᠳᠡᠯ ᠢ ᠪᠠᠭᠠᠰᠬᠠᠨ ᠂ ᠬᠥᠷᠥᠰᠥ ᠰᠢᠷᠣᠢ ᠣᠷᠴᠢᠨ ᠲᠣᠭᠤᠷᠢᠨ ᠢ ᠰᠠᠶᠢᠵᠢᠷᠠᠭᠤᠯᠵᠤ ᠂ | ᠲᠦᠷᠦᠯ ᠵᠦᠢᠯ ᠤᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠰᠠᠶᠢᠨ ᠤᠷᠴᠢᠯ ᠢ ᠠᠬᠢᠭᠤᠯᠵᠤ ᠂ ᠪᠠᠶᠢᠭᠠᠯᠢ ᠶᠢᠨ ᠭᠠᠮᠰᠢᠭ ᠲᠠᠢ ᠳᠡᠮᠡᠴᠡᠬᠦ ᠴᠢᠳᠠᠪᠤᠷᠢ ᠶᠢ ᠨᠢ | ᠳᠡᠭᠡᠭᠰᠢᠯᠡᠭᠦᠯᠵᠡᠢ᠃ | | ᠴᠠᠷᠭᠠᠰᠤ ᠡᠪᠡᠰᠦ ᠪᠣᠯ ᠤᠤᠯ ᠠᠴᠠ ᠪᠠᠨ ︽ ᠲᠡᠵᠢᠭᠡᠯ ᠡᠪᠡᠰᠦᠨ ᠤ ᠸᠠᠩ ︾ ᠭᠡᠰᠡᠨ ᠴᠣᠯᠠ ᠲᠠᠢ ᠂ ᠲᠡᠭᠦᠨ ᠤ ᠤᠭᠤᠷᠠᠭ ᠤᠨ ᠠᠭᠤᠯᠤᠭᠳᠠᠴᠠ ᠨᠢ 20% ᠠᠴᠠ | ᠳᠡᠭᠡᠭᠰᠢ ᠪᠠᠶᠢᠵᠤ ᠂ ᠨᠢᠭᠡ ᠵᠦᠢᠯ ᠤᠨ ᠰᠠᠭᠠᠯᠢ ᠶᠢᠨ ᠦᠨᠢᠶ᠎ᠡ ᠲᠡᠵᠢᠭᠡᠬᠦ ᠳᠤ ᠮᠠᠰᠢ ᠲᠣᠬᠢᠷᠠᠮᠵᠢᠲᠠᠢ ᠲᠡᠵᠢᠭᠡᠯ ᠡᠪᠡᠰᠦᠨ ᠤ ᠲᠥᠷᠥᠯ ᠵᠦᠢᠯ ᠪᠠᠶᠢᠵᠤ ᠂ ᠵᠢᠯ ᠪᠦᠷᠢ ᠶᠢᠨ | 6 ᠰᠠᠷ᠎ᠠ ᠠᠴᠠ 10 ᠰᠠᠷ᠎ᠠ ᠶᠢᠨ ᠬᠤᠭᠤᠷᠣᠨᠳᠤ 4 ᠤᠳᠠᠭ᠎ᠠ ᠬᠠᠳᠤᠵᠤ ᠬᠤᠷᠢᠶᠠᠳᠠᠭ ᠃ ᠨᠣᠬᠠᠢ ᠶᠢᠨ ᠬᠤᠰᠢᠭᠤ ᠶᠢᠨ ᠡᠪᠡᠰᠦ ᠨᠢ ︽ ᠮᠥᠩᠬᠡ ᠬᠥᠬᠡ ᠡᠪᠡᠰᠦ ︾ | ᠭᠡᠰᠡᠨ ᠨᠡᠷ᠎ᠡ ᠲᠠᠢ ᠂ ᠬᠠᠯᠠᠭᠤᠨ ᠳᠤ ᠲᠡᠰᠪᠦᠷᠢᠲᠡᠢ ᠂ ᠬᠦᠢᠲᠡᠨ ᠳᠤ ᠳᠠᠭᠠᠭᠠᠴᠠᠳᠠᠢ ᠂ ᠤᠷᠭᠤᠯᠲᠠ ᠶᠢᠨ ᠬᠤᠭᠤᠴᠠᠭᠠᠨ ᠳᠠᠭᠠᠨ ᠭᠠᠵᠠᠷ ᠰᠢᠷᠣᠢ ᠶᠢᠨ ᠨᠥᠬᠦᠴᠡᠯ ᠤᠨ | ᠱᠠᠭᠠᠷᠳᠠᠯᠭ᠎ᠠ ᠥᠨᠳᠥᠷ ᠪᠢᠰᠢ ᠂ ᠲᠡᠵᠢᠭᠡᠯ ᠪᠣᠷᠳᠣᠭᠠᠨ ᠤ ᠦᠨ᠎ᠡ ᠥᠷᠲᠡᠭ ᠢᠶᠠᠷ ᠨᠡᠯᠢᠶᠡᠳ ᠥᠨᠳᠥᠷ ᠪᠠᠶᠢᠬᠤ ᠠᠴᠠ ᠭᠠᠳᠠᠨ᠎ᠠ ᠪᠠᠰᠠ ᠵᠣᠬᠢᠬᠤ ᠬᠡᠮᠵᠢᠶᠡᠨ ᠤ ᠡᠮ ᠤᠨ | ᠦᠨ᠎ᠡ ᠥᠷᠲᠡᠭ ᠲᠠᠢ ᠪᠠᠶᠢᠳᠠᠭ ᠃ ᠴᠢᠨᠠᠷ ᠰᠠᠶᠢᠲᠠᠢ ᠳᠡᠵᠢᠭᠡᠯ ᠪᠣᠷᠳᠤᠭ᠎ᠠ ᠳᠠᠷᠢᠬᠤ ᠨᠢ ᠣᠷᠴᠢᠨ ᠳᠤᠭᠤᠷᠢᠨ ᠢ ᠰᠠᠶᠢᠵᠢᠷᠠᠭᠤᠯᠤᠭᠰᠠᠨ ᠢᠶᠠᠷ ᠦᠯᠤ ᠪᠠᠷᠠᠨ ᠂ ᠲᠥᠷᠥᠯ | ᠵᠦᠢᠯ ᠤᠨ ᠣᠷᠣᠨ ᠤ ᠮᠠᠯᠴᠢᠨ ᠲᠠᠷᠢᠶᠠᠴᠢᠳ ᠤᠨ ᠣᠷᠣᠯᠭ᠎ᠠ ᠶᠢ ᠴᠤ ᠳᠡᠭᠡᠭᠰᠢᠯᠡᠭᠦᠯᠦᠭᠰᠡᠨ ᠪᠠᠶᠢᠨ᠎ᠠ ᠃ | ᠵᠡᠭᠦᠨᠭᠠᠷ ᠬᠤᠰᠢᠭᠤᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠷᠰᠢᠯᠲᠠ ᠶᠢᠨ | ᠵᠢᠱᠢᠶ᠎ᠡ ᠦᠵᠡᠭᠦᠯᠬᠦ ᠲᠥᠷᠥᠯ ᠵᠦᠢᠯ ᠠᠩᠬ᠎ᠠ ᠠᠯᠬᠤᠮ ᠤᠨ ᠦᠷ᠎ᠡ ᠪᠦᠲᠦᠮᠵᠢ ᠤᠯᠤᠬᠰᠠᠨ ᠪᠠᠶᠢᠨ᠎ᠠ ᠃ | | ᠬᠠᠲᠤᠨ ᠭᠤᠣᠯ ᠤᠨ ᠵᠡᠭᠦᠨᠭᠠᠷ ᠬᠤᠰᠢᠭᠤᠨ ᠤ ᠬᠡᠰᠡᠭ ᠤᠨ ᠠᠮᠢ ᠠᠬᠤᠢ ᠦᠷᠭᠦᠯᠵᠢᠯᠡᠨ ᠰᠠᠶᠢᠵᠢᠷᠠᠪᠠ | 2024 ᠣᠨ ᠤ 3 ᠰᠠᠷ᠎ᠠ ᠶᠢᠨ 31 ᠤ ᠡᠳᠦᠷ ᠂ ᠰᠢᠨᠬᠤᠸᠠ ᠬᠤᠷᠢᠶᠠᠨ ᠤ ᠰᠢᠯᠵᠢᠶ᠎ᠡ︽ᠠᠭᠤᠷᠬᠠᠢ ᠶᠢᠨ ᠠᠮᠢ ᠠᠬᠤᠢ ᠶᠢᠨ ᠰᠠᠶᠢᠨ ᠡᠰᠡᠬᠦ ᠶᠢ ᠰᠢᠪᠠᠭᠤᠳ | ᠤᠷᠢᠳᠠᠪᠠᠷ ᠮᠡᠳᠡᠨ᠎ᠡ︾ ᠭᠡᠬᠦ ᠰᠣᠨᠢᠨ ᠮᠡᠳᠡᠭᠡ ᠨᠡᠶᠢᠲᠡᠯᠡᠵᠦ ᠂ ᠬᠠᠪᠤᠷ ᠤᠨ ᠡᠬᠢᠨ ᠳᠤ ᠂ ᠬᠥᠭᠡᠷᠦᠬᠦᠨ ︽ᠪᠢᠴᠢᠬᠠᠨ ᠵᠣᠴᠢᠨ︾ ᠭᠡᠮᠡᠭᠳᠡᠭᠰᠡᠨ ᠯᠠᠮᠠ ᠭᠠᠯᠠᠭᠤ ᠶᠢᠨ | ᠵᠡᠭᠦᠨᠭᠠᠷ ᠬᠤᠰᠢᠭᠤᠨ ᠤ ᠪᠣᠬᠢᠷᠲᠤᠯ ᠦᠭᠡᠢ ᠠᠭᠤᠷᠬᠠᠢ ᠳᠤ ᠢᠯᠡᠷᠡᠭᠰᠡᠨ ᠢᠶᠠᠷ ᠭᠠᠷᠳᠠᠴᠠ ᠪᠤᠯᠭᠠᠨ ᠂ ᠣᠶᠢᠷ᠎ᠠ ᠶᠢᠨ ᠵᠢᠯ ᠤᠨ ᠲᠤᠷᠰᠢ ᠵᠡᠭᠦᠨᠭᠠᠷ ᠬᠤᠰᠢᠭᠤ ᠤᠯᠠᠨ | ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠤᠭᠰᠠᠨ ᠪᠥᠭᠡᠳ | ᠮᠡᠳᠡᠭᠳᠡᠮ᠎ᠡ ᠦᠷ᠎ᠡ ᠪᠦᠲᠦᠮᠵᠢ ᠤᠯᠤᠬᠰᠠᠨ ᠪᠠᠶᠢᠨ᠎ᠠ ᠭᠡᠵᠦ ᠮᠡᠳᠡᠭᠡᠯᠡᠵᠡᠢ᠃ | | ᠵᠣᠬᠢᠶᠠᠯ ᠳᠤ ᠄ ᠠᠮᠢ ᠠᠬᠤᠢ ᠰᠠᠶᠢᠵᠢᠷᠠᠵᠤ ᠂ ᠨᠡᠭᠦᠳᠡᠯ ᠰᠢᠪᠠᠭᠤ ᠣᠯᠠᠰᠢᠷᠠᠭᠰᠠᠨ ᠨᠢ ᠵᠡᠭᠦᠨᠭᠠᠷ ᠬᠤᠰᠢᠭᠤᠨ ᠤ ᠣᠯᠠᠨ ᠵᠢᠯ ᠤᠨ ᠲᠤᠷᠰᠢ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠦᠭᠰᠡᠨ ᠲᠠᠢ ᠰᠠᠯᠤᠰᠢ ᠦᠭᠡᠢ ᠶᠤᠮ ᠃ ᠵᠥᠪᠬᠡᠨ 2023 ᠣᠨ ᠳᠤ ᠂ ᠵᠡᠭᠦᠨᠭᠠᠷ ᠬᠤᠰᠢᠭᠤ | ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ 15.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠂ ᠳᠠᠬᠢᠨ ᠬᠠᠭᠠᠯᠪᠤᠷᠢᠯᠠᠵᠤ | ᠨᠣᠭᠤᠭᠠᠷᠠᠭᠤᠯᠬᠤ ᠵᠠᠰᠠᠯᠲᠠ ᠶᠢᠨ ᠲᠠᠯᠠᠪᠠᠶ ᠶᠢ 2424 ᠾᠧᠺᠲ᠋ᠠᠷ ᠪᠡᠶᠡᠯᠡᠭᠦᠯᠵᠦ ᠂ ᠨᠢᠭᠡ ᠪᠦᠯᠦᠭ ᠪᠣᠬᠢᠷᠲᠤᠯ ᠦᠭᠡᠢ ᠠᠭᠤᠷᠬᠠᠢ ᠶᠢᠨ ᠵᠢᠱᠢᠶ᠎ᠡ ᠦᠵᠡᠭᠦᠯᠬᠦ ᠣᠷᠣᠨ ᠂ | ᠪᠦᠬᠦᠯᠢ ᠠᠭᠤᠯᠠ ᠪᠦᠬᠦᠯᠢ ᠭᠤᠤ ᠶᠢ ᠵᠠᠰᠠᠬᠤ ᠨᠡᠶᠢᠲᠡᠯᠢᠭ ᠠᠭᠤᠷᠬᠠᠢ ᠶᠢᠨ ᠣᠷᠣᠨ ᠂ ᠲᠥᠪᠯᠡᠷᠡᠨ ᠵᠠᠯᠭᠠᠯᠳᠤᠭᠰᠠᠨ ᠵᠠᠰᠠᠯᠲᠠ ᠶᠢᠨ ᠣᠷᠣᠨ ᠢ ᠪᠥᠬᠦ | ᠬᠦᠴᠦᠨ ᠢᠶᠠᠷ ᠢᠶᠠᠨ ᠪᠣᠶ ᠪᠣᠯᠭᠠᠬᠤ ᠪᠠᠷ ᠳᠡᠮᠵᠢᠭᠤᠯᠤᠨ ᠂ ᠬᠠᠭᠤᠯᠪᠤᠷᠢᠯᠠᠵᠤ ᠪᠣᠯᠬᠤ ᠂ ᠳᠡᠯᠭᠡᠷᠡᠭᠦᠯᠵᠦ ᠪᠣᠯᠬᠤ ᠨᠡᠶᠢᠲᠡᠯᠢᠭ ᠵᠢᠱᠢᠶ᠎ᠡ ᠦᠵᠡᠭᠦᠯᠬᠦ ᠣᠷᠣᠨ ᠢ ᠪᠣᠶ | ᠪᠣᠯᠭᠠᠵᠤ ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ | ᠭᠡᠪᠡ ᠃ | ᠠᠭᠤᠯᠠ ᠤᠰᠤ ᠤᠢ ᠰᠢᠭᠤᠢ ᠭᠠᠵᠠᠷ ᠲᠠᠷᠢᠶᠠᠨᠠᠭᠤᠷ ᠪᠦᠷᠢᠳᠦ ᠨᠤᠳᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠵᠤ ᠂ | ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ ᠂ ᠭᠤᠣᠯ ᠮᠥᠷᠡᠨ ᠨᠠᠭᠤᠷ ᠤᠨ ᠤᠰᠤᠨ ᠤ ᠣᠷᠴᠢᠨ ᠲᠣᠭᠤᠷᠢᠨ ᠤ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠵᠤ ᠂ ᠭᠤᠣᠯ ᠮᠥᠷᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠬᠡᠷᠡᠭᠵᠢᠭᠦᠯᠵᠦ ᠂ ᠬᠠᠳᠤᠨ ᠭᠤᠣᠯ ᠢ | ᠬᠠᠮᠠᠭᠠᠯᠠᠬᠤ ᠤᠯᠠᠨ ᠠᠷᠭ᠎ᠠ ᠬᠡᠮᠵᠢᠶ᠎ᠡ ᠶᠢ ᠭᠦᠨᠵᠡᠭᠡᠢ ᠬᠡᠷᠡᠭᠵᠢᠭᠦᠯᠬᠦ ᠶᠢ ᠳᠠᠭᠠᠯᠳᠤᠨ᠂ ᠬᠠᠳᠤᠨ ᠭᠤᠣᠯ ᠤᠨ ᠵᠡᠭᠦᠨᠭᠠᠷ ᠬᠤᠰᠢᠭᠤᠨ ᠤ ᠬᠡᠰᠡᠭ ᠲᠤ ︽ᠤᠰᠤ ᠨᠢ | ᠲᠤᠩᠭᠠᠯᠠᠭ ᠂ ᠡᠷᠭᠢ ᠨᠢ ᠨᠣᠭᠤᠭᠠᠨ᠂ ᠭᠤᠣᠯ ᠨᠢ ᠰᠠᠭᠠᠳ ᠦᠭᠡᠢ ᠂ ᠦᠵᠡᠮᠵᠢ ᠨᠢ ᠭᠤᠶᠤ ᠂ ᠠᠮᠢ ᠠᠬᠤᠢ ᠨᠢ ᠰᠠᠶᠢᠬᠠᠨ︾ ᠦᠵᠡᠰᠬᠦᠯᠡᠩᠲᠦ ᠰᠠᠶᠢᠬᠠᠨ ᠵᠢᠷᠤᠭ | ᠠᠭᠠᠵᠢᠮ ᠢᠶᠠᠷ ᠢᠯᠡᠷᠡᠵᠡᠢ᠃ | | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠠᠬᠢᠭᠤᠯᠵᠤ ᠂ ᠠᠮᠢ ᠠᠬᠤᠢ ᠣᠷᠴᠢᠨ ᠲᠣᠭᠤᠷᠢᠨ ᠳᠤ ᠯᠤᠲᠤ ᠶᠡᠭᠡ ᠬᠤᠪᠢᠷᠠᠯᠲᠠ ᠭᠠᠷᠴᠤ ᠂ ᠪᠣᠬᠢᠷᠲᠤᠯ ᠦᠭᠡᠢ ᠬᠥᠭᠵᠢᠯᠲᠡ ᠬᠥᠮᠥᠰ ᠤᠨ ᠰᠡᠳᠬᠢᠯ ᠳᠤ ᠬᠠᠳᠠᠩᠰᠢᠨ ᠂ | ᠵᠡᠭᠦᠨᠭᠠᠷ ᠬᠤᠰᠢᠭᠤᠨ ᠤ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠳᠤ ᠲᠥᠷᠥᠭᠳᠡᠯ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ | ᠬᠠᠲᠤᠨ ᠭᠤᠣᠯ ᠢ ᠬᠠᠮᠠᠭᠠᠯᠠᠬᠤ ᠨᠢ ᠤᠳᠤ ᠦᠶ᠎ᠡ ᠳᠤ ᠭᠠᠪᠢᠶ᠎ᠠ ᠪᠠᠶᠢᠭᠤᠯᠵᠤ ᠂ ᠥᠨᠢ ᠡᠭᠦᠷᠢᠳᠡ ᠠᠰᠢᠭ ᠲᠤᠰᠠ ᠲᠠᠢ ᠶᠤᠮ᠃ | | | | |