| 2024 ᠣᠨ ᠤ 3 ᠳ᠋ᠤᠭᠠᠷ ᠰᠠᠷ᠎ᠠ ᠶᠢᠨ 5 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︾ ︵ ᠳᠣᠷᠣᠭᠰᠢ ︽ ᠬᠡᠷᠡᠭᠵᠢᠭᠦᠯᠬᠦ | ᠲᠥᠰᠥᠯ ︾ ᠭᠡᠵᠦ ᠲᠣᠪᠴᠢᠯᠠᠪᠠ ︶ ᠢ ᠳᠠᠷᠤᠮᠠᠯᠯᠠᠨ ᠲᠠᠷᠬᠠᠭᠠᠵᠤ ᠂ ᠨᠡᠶᠢᠲᠡ 4 ᠪᠦᠯᠦᠭ 72 ᠵᠦᠢᠯ ᠬᠤᠪᠢᠶᠠᠵᠤ ᠂ ᠭᠤᠣᠯᠳᠠᠭᠤ ᠶᠡᠷᠦᠩᠬᠡᠢ ᠱᠠᠭᠠᠷᠳᠠᠯᠭ᠎ᠠ ᠂ ᠭᠤᠣᠯ | ᠡᠭᠦᠷᠭᠡ ᠂ ᠳ᠋ᠢᠵᠢᠲ᠋ᠠᠯᠴᠢᠯᠠᠭᠰᠠᠨ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠳᠥᠷᠪᠡᠨ ᠲᠠᠯ᠎ᠠ ᠪᠠᠷ | ᠲᠣᠳᠣᠷᠬᠠᠶᠢᠯᠠᠨ ᠦᠭᠦᠯᠡᠪᠡ ᠃ ᠡᠨᠡ ᠨᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ︽ ᠶᠠᠭᠤ ᠬᠢᠬᠦ ᠂ ᠶᠠᠭᠠᠬᠢᠵᠤ ᠬᠢᠬᠦ ︾ ᠲᠤᠬᠠᠢ ᠰᠢᠰᠲ᠋ᠧᠮ ᠲᠠᠢ ᠲᠦᠯᠦᠪᠯᠡᠭᠡ ᠪᠠ ᠲᠣᠬᠢᠷᠠᠭᠤᠯᠤᠯᠲᠠ ᠪᠠᠶᠢᠷᠢᠯᠠᠭᠤᠯᠤᠯᠲᠠ ᠪᠣᠯᠣᠨ᠎ᠠ ᠂ | ᠡᠳᠦᠭᠡ ᠨᠡᠶᠢᠲᠡᠯᠡᠭᠰᠡᠨ ᠠᠬᠤᠢ ᠪᠠᠶᠢᠳᠠᠯ ᠪᠠ ᠠᠭᠤᠯᠭ᠎ᠠ ᠳᠤ ᠳᠣᠣᠷᠠᠬᠢ ᠮᠡᠲᠦ ᠲᠠᠶᠢᠯᠤᠮᠵᠢ ᠬᠢᠪᠡ ᠄ | ᠨᠢᠭᠡ ᠂ ︽ ᠬᠡᠷᠡᠭᠵᠢᠭᠦᠯᠬᠦ ᠲᠥᠰᠥᠯ ︾ ᠢ ᠲᠣᠭᠲᠠᠭᠠᠭᠰᠠᠨ ᠦᠨᠳᠦᠰᠦᠯᠡᠯ ᠨᠢ ᠶᠠᠭᠤ ᠪᠤᠢ ︖ | 2022 ᠣᠨ ᠤ 6 ᠳ᠋ᠤᠭᠠᠷ ᠰᠠᠷ᠎ᠠ ᠶᠢᠨ 6 ᠤ ᠡᠳᠦᠷ ᠂ ᠲᠥᠷᠥ ᠶᠢᠨ ᠶᠠᠪᠤᠳᠠᠯ ᠤᠨ ᠬᠤᠷᠢᠶ᠎ᠠ ︽ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ ︾ ︵ ᠲᠥᠷᠥ ᠲᠠᠷᠬᠠᠭᠠᠭᠰᠠᠨ ﹇ 2022 ﹈ 14 ᠳ᠋ᠦ᠋ᠭᠡᠷ ᠲᠣᠭᠠᠲᠤ ︶ ᠤᠨ | ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠠᠢ ᠃ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠨ ᠠᠬᠢᠭᠤᠯᠬᠤ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ 14 · 5 ﹀ ᠶᠢᠨ ᠮᠡᠳᠡᠭᠡ ᠵᠠᠩᠭᠢᠴᠢᠯᠠᠯᠲᠠ ᠶᠢᠨ ᠬᠥᠭᠵᠢᠯᠲᠡ ᠶᠢᠨ ᠲᠦᠯᠦᠪᠯᠡᠭᠡ ︾ ︽ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯᠯᠠᠭᠠᠨ ᠤ ᠲᠥᠰᠥᠯ ︵ 2021 — 2023 ᠣᠨ ︶ ︾ ᠵᠡᠷᠭᠡ ᠪᠢᠴᠢᠭ | ᠮᠠᠲ᠋ᠧᠷᠢᠶᠠᠯ ᠤᠳ ᠢ ᠦᠨᠳᠦᠰᠦᠯᠡᠨ ᠂ ᠮᠠᠨ ᠤ ᠣᠷᠣᠨ ᠤ ᠪᠣᠳᠠᠲᠠᠢ ᠲᠠᠢ ᠤᠶᠠᠯᠳᠤᠭᠤᠯᠤᠨ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︾ ᠢ ᠲᠤᠭᠤᠷᠪᠢᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ ᠃ | ᠬᠤᠶᠠᠷ ᠂ ︽ ᠬᠡᠷᠡᠭᠵᠢᠭᠦᠯᠬᠦ ᠲᠥᠰᠥᠯ ︾ ᠤᠨ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ ᠨᠢ ᠶᠠᠭᠤ ᠪᠤᠢ ︖ | ︽ ᠬᠡᠷᠡᠭᠵᠢᠭᠦᠯᠬᠦ ᠲᠥᠰᠥᠯ ︾ ᠢ ᠨᠡᠶᠢᠲᠡ 4 ᠬᠡᠰᠡᠭ ᠬᠤᠪᠢᠶᠠᠵᠤ ᠂ ᠲᠣᠰ ᠲᠣᠰ ᠶᠡᠷᠦᠩᠬᠡᠢ ᠱᠠᠭᠠᠷᠳᠠᠯᠭ᠎ᠠ ᠂ ᠭᠤᠣᠯ ᠡᠭᠦᠷᠭᠡ ᠂ ᠳ᠋ᠢᠵᠢᠲ᠋ᠠᠯᠴᠢᠯᠠᠭᠰᠠᠨ | ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ ᠃ ᠤᠯᠤᠰ ᠤᠨ ᠵᠢᠯᠤᠭᠤᠳᠬᠤ ᠰᠠᠨᠠᠯ ᠤᠨ ᠶᠣᠰᠣᠭᠠᠷ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠲᠣᠭᠲᠠᠭᠠᠵᠤ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠨᠡᠶᠢᠴᠡᠭᠰᠡᠨ 72 ᠵᠤᠷᠪᠤᠰ ᠪᠣᠳᠠᠲᠠᠢ | ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠳᠤᠷᠠᠳᠬᠤ ᠶᠢᠨ ᠬᠠᠮᠲᠤ ᠵᠣᠬᠢᠴᠠᠭᠰᠠᠨ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠬᠦᠰᠦᠨᠦᠭᠲᠦ ᠶᠢ ᠲᠣᠭᠲᠠᠭᠠᠵᠤ ᠂ | ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠦᠨᠡᠨ ᠬᠦ ᠪᠠᠲᠤᠯᠠᠪᠠ ᠃ | ᠨᠢᠭᠡᠳᠦᠭᠡᠷ ᠬᠡᠰᠡᠭ ᠶᠡᠷᠦᠩᠬᠡᠢ ᠱᠠᠭᠠᠷᠳᠠᠯᠭ᠎ᠠ ᠃ ᠵᠢᠯᠤᠭᠤᠳᠬᠤ ᠦᠵᠡᠯ ᠰᠠᠨᠠᠭ᠎ᠠ ᠶᠢ ᠲᠣᠳᠣᠷᠬᠠᠶᠢᠯᠠᠵᠤ ᠂ 2025 ᠣᠨ ᠪᠠ 2035 ᠣᠨ ᠪᠣᠯᠳᠠᠯᠠᠬᠢ | ᠶᠡᠷᠦᠩᠬᠡᠢ ᠬᠠᠷᠠᠯᠲᠠ ᠶᠢ ᠳᠤᠷᠠᠳᠪᠠ ᠃ | ᠬᠤᠶᠠᠳᠤᠭᠠᠷ ᠬᠡᠰᠡᠭ ᠭᠤᠣᠯ ᠡᠭᠦᠷᠭᠡ ᠃ ᠵᠠᠰᠠᠭ ᠤᠨ ᠣᠷᠳᠣᠨ ᠤ ᠳ᠋ᠢᠵᠢᠲ᠋ᠠᠯᠴᠢᠯᠠᠭᠰᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠂ | ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠦᠷᠢᠮ ᠲᠣᠭᠲᠠᠭᠠᠯ ᠢ ᠲᠡᠭᠦᠯᠳᠡᠷᠵᠢᠭᠦᠯᠬᠦ ᠂ ᠳ᠋ᠠᠶᠢᠲ᠋ᠠ ᠶᠢᠨ ᠡᠬᠢ ᠪᠠᠶᠠᠯᠢᠭ ᠢ ᠬᠤᠪᠢᠶᠠᠯᠴᠠᠨ | ᠨᠡᠭᠡᠭᠡᠯᠲᠡ ᠲᠠᠢ ᠪᠣᠯᠭᠠᠬᠤ ᠶᠢ ᠠᠬᠢᠭᠤᠯᠬᠤ ᠂ ᠲᠠᠪᠴᠠᠩ ᠤᠨ ᠲᠤᠰᠠᠯᠠᠮᠵᠢ ᠶᠢᠨ ᠴᠢᠳᠠᠪᠤᠷᠢ ᠶᠢ ᠴᠢᠩᠭᠠᠳᠬᠠᠬᠤ ᠂ ᠳ᠋ᠢᠵᠢᠲ᠋ᠠᠯ ᠵᠠᠰᠠᠭ ᠤᠨ ᠣᠷᠳᠣᠨ ᠤ ᠠᠮᠤᠷ | ᠲᠦᠪᠰᠢᠨ ᠤ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠪᠤᠨ ᠲᠠᠯ᠎ᠠ ᠶᠢᠨ ᠡᠭᠦᠷᠭᠡ ᠶᠢ ᠲᠣᠳᠣᠷᠬᠠᠶᠢᠯᠠᠪᠠ ᠃ | ᠭᠤᠷᠪᠠᠳᠤᠭᠠᠷ ᠬᠡᠰᠡᠭ ᠳ᠋ᠢᠵᠢᠲ᠋ᠠᠯᠴᠢᠯᠠᠭᠰᠠᠨ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ ᠃ ᠳ᠋ᠢᠵᠢᠲ᠋ᠠᠯ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠂ ᠳ᠋ᠢᠵᠢᠲ᠋ᠠᠯᠴᠢᠯᠠᠭᠰᠠᠨ ᠨᠡᠶᠢᠭᠡᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠂ ᠰᠠᠶᠢᠨ ᠰᠠᠶᠢᠬᠠᠨ ᠳ᠋ᠢᠵᠢᠲ᠋ᠠᠯ ᠠᠮᠢ ᠠᠬᠤᠢ ᠶᠢ ᠪᠤᠢ ᠪᠣᠯᠭᠠᠬᠤ | ᠭᠤᠷᠪᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠲᠣᠳᠣᠷᠬᠠᠶᠢᠯᠠᠪᠠ ᠃ | ᠳᠥᠷᠪᠡᠳᠦᠭᠡᠷ ᠬᠡᠰᠡᠭ ᠪᠠᠲᠤᠯᠠᠭ᠎ᠠ ᠶᠢᠨ ᠠᠷᠭ᠎ᠠ ᠬᠡᠮᠵᠢᠶ᠎ᠡ ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠂ ᠠᠬᠢᠭᠤᠯᠬᠤ ᠲᠣᠭᠲᠠᠴᠠ ᠶᠢ | ᠪᠦᠷᠢᠨᠰᠢᠭᠦᠯᠬᠦ ᠂ ᠳ᠋ᠢᠵᠢᠲ᠋ᠠᠯᠴᠢᠯᠠᠭᠰᠠᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠂ ᠬᠢᠨᠠᠨ ᠰᠢᠯᠭᠠᠯᠲᠠ ᠦᠨᠡᠨᠯᠡᠨ ᠵᠢᠱᠢᠯᠲᠡ ᠶᠢ ᠴᠢᠩᠭᠠᠳᠬᠠᠬᠤ ᠵᠡᠷᠭᠡ ᠳᠥᠷᠪᠡᠨ | ᠲᠠᠯ᠎ᠠ ᠶᠢᠨ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠪᠠ ᠃ | ᠭᠤᠷᠪᠠ ᠂ ︽ ᠬᠡᠷᠡᠭᠵᠢᠭᠦᠯᠬᠦ ᠲᠥᠰᠥᠯ ︾ ᠤᠨ ᠭᠤᠣᠯ ᠡᠭᠦᠷᠭᠡ ᠨᠢ ᠶᠠᠭᠤ ᠪᠤᠢ ︖ | ︵ ᠨᠢᠭᠡ ︶ ᠵᠠᠰᠠᠭ ᠤᠨ ᠣᠷᠳᠣᠨ ᠤ ᠳ᠋ᠢᠵᠢᠲ᠋ᠠᠯᠴᠢᠯᠠᠭᠰᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠪᠠ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ ᠂ ᠠᠵᠤ ᠠᠬᠤᠢ ᠶᠢᠨ | ᠲᠣᠬᠢᠷᠠᠭᠤᠯᠬᠤ ᠴᠢᠳᠠᠪᠤᠷᠢ ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠴᠢᠳᠠᠪᠤᠷᠢ ᠂ ᠨᠡᠶᠢᠭᠡᠮ ᠤᠨ ᠬᠠᠮᠢᠶᠠᠷᠤᠯᠲᠠ ᠶᠢᠨ ᠴᠢᠳᠠᠪᠤᠷᠢ ᠂ ᠣᠯᠠᠨ ᠨᠡᠶᠢᠲᠡ ᠶᠢᠨ | ᠦᠢᠯᠡᠴᠢᠯᠡᠭᠡᠨ ᠤ ᠴᠢᠳᠠᠪᠤᠷᠢ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠳᠠᠪᠤᠷᠢ ᠂ ᠵᠠᠰᠠᠭ ᠤᠨ ᠶᠠᠪᠤᠳᠠᠯ ᠤᠨ ᠠᠵᠢᠯᠯᠠᠭᠠᠨ ᠤ ᠬᠦᠴᠦᠨ | ᠴᠢᠳᠠᠪᠤᠷᠢ ᠂ ᠵᠠᠰᠠᠭ ᠤᠨ ᠶᠠᠪᠤᠳᠠᠯ ᠢ ᠢᠯᠡ ᠪᠣᠯᠭᠠᠬᠤ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ 26 ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠪᠠ ᠃ | ︵ ᠬᠤᠶᠠᠷ ︶ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠦᠷᠢᠮ ᠲᠣᠭᠲᠠᠭᠠᠯ ᠢ ᠲᠡᠭᠦᠯᠳᠡᠷᠵᠢᠭᠦᠯᠦᠨ᠎ᠡ ᠃ ᠳᠦᠷᠢᠮ ᠢ ᠤᠷᠢᠳ ᠢᠶᠠᠷ ᠬᠡᠷᠡᠭᠵᠢᠭᠦᠯᠬᠦ | ᠵᠠᠷᠴᠢᠮ ᠢᠶᠠᠷ ᠂ ᠳ᠋ᠢᠵᠢᠲ᠋ᠠᠯᠴᠢᠯᠠᠭᠰᠠᠨ ᠥᠭᠡᠷᠡᠴᠢᠯᠡᠯᠲᠡ ᠪᠠᠷ ᠳᠦᠷᠢᠮ ᠤᠨ ᠰᠢᠨᠡᠴᠢᠯᠡᠯᠲᠡ ᠶᠢ ᠠᠬᠢᠭᠤᠯᠵᠤ ᠂ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠪᠠ | ᠠᠵᠢᠯᠯᠠᠭᠠᠨ ᠤ ᠪᠦᠬᠦᠯᠢ ᠴᠣᠭᠴᠠ ᠪᠠᠷ ᠬᠠᠮᠵᠢᠯᠴᠠᠭᠰᠠᠨ ᠂ ᠤᠶᠤᠨᠲᠦ ᠥᠨᠳᠥᠷ ᠪᠦᠲᠦᠮᠵᠢᠲᠡᠢ ᠂ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ ᠂ | ᠵᠠᠰᠠᠭ ᠤᠨ ᠣᠷᠳᠣᠨ ᠤ ᠵᠠᠰᠠᠯᠲᠠ ᠶᠢᠨ ᠠᠷᠭ᠎ᠠ ᠬᠡᠯᠪᠡᠷᠢ ᠶᠢᠨ ᠬᠤᠪᠢᠰᠤᠯᠲᠠ ᠪᠣᠯᠣᠨ ᠵᠠᠰᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠪᠡᠶᠡᠯᠡᠭᠦᠯᠬᠦ ᠵᠡᠷᠭᠡ | ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠤ ᠂ 5 ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠵᠠᠢ ᠃ | ︵ ᠭᠤᠷᠪᠠ ︶ ᠳ᠋ᠠᠶᠢᠲ᠋ᠠ ᠶᠢᠨ ᠡᠬᠢ ᠪᠠᠶᠠᠯᠢᠭ ᠢ ᠬᠤᠪᠢᠶᠠᠯᠴᠠᠨ ᠨᠡᠭᠡᠭᠡᠯᠲᠡ ᠲᠠᠢ ᠪᠣᠯᠭᠠᠬᠤ ᠶᠢ ᠠᠬᠢᠭᠤᠯᠤᠨ᠎ᠠ ᠃ ᠳ᠋ᠠᠶᠢᠲ᠋ᠠ ᠶᠢᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠂ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠠᠭᠤᠷᠢ ᠲᠤᠰᠠᠯᠠᠮᠵᠢ ᠶᠢᠨ ᠴᠢᠳᠠᠪᠤᠷᠢ ᠶᠢ ᠴᠢᠩᠭᠠᠳᠬᠠᠬᠤ ᠂ | ᠳ᠋ᠠᠶᠢᠲ᠋ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠤᠨ ᠲᠣᠳᠣᠷᠬᠠᠢ | ᠬᠠᠭᠤᠳᠠᠰᠤᠴᠢᠯᠠᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠂ ᠳ᠋ᠠᠶᠢᠲ᠋ᠠ ᠬᠤᠪᠢᠶᠠᠯᠴᠠᠬᠤ ᠲᠦᠪᠰᠢᠨ ᠢ ᠳᠡᠭᠡᠭᠰᠢᠯᠡᠭᠦᠯᠬᠦ ᠂ ᠤᠯᠠᠨ | ᠨᠡᠶᠢᠲᠡ ᠶᠢᠨ ᠳ᠋ᠠᠶᠢᠲ᠋ᠠ ᠶᠢ ᠨᠡᠭᠡᠭᠡᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠂ ᠳ᠋ᠠᠶᠢᠲ᠋ᠠ ᠶᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠬᠤ ᠵᠡᠷᠭᠡ ᠲᠠᠯ᠎ᠠ ᠪᠠᠷ 7 | ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠵᠠᠢ ᠃ | ︵ ᠳᠥᠷᠪᠡ ︶ ᠲᠠᠪᠴᠠᠩ ᠤᠨ ᠲᠤᠰᠠᠯᠠᠮᠵᠢ ᠶᠢᠨ ᠴᠢᠳᠠᠪᠤᠷᠢ ᠶᠢ ᠴᠢᠩᠭᠠᠷᠠᠭᠤᠯᠤᠨ᠎ᠠ ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠡᠭᠦᠯᠡᠨ ᠲᠠᠪᠴᠠᠩ ᠤᠨ ᠲᠣᠭᠲᠠᠯᠴᠠᠭ᠎ᠠ ᠶᠢ ᠪᠠᠶᠢᠭᠤᠯᠬᠤ ᠂ ᠡᠷᠴᠢᠮᠵᠢᠭᠦᠯᠦᠭᠰᠡᠨ ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠬᠤ ᠂ | ᠡᠷᠴᠢᠮᠵᠢᠭᠦᠯᠦᠭᠰᠡᠨ ᠨᠠᠶᠢᠳᠠᠪᠤᠷᠢᠲᠠᠢ ᠡᠯᠧᠺᠳ᠋ᠷᠣᠨ ᠵᠠᠰᠠᠭ ᠤᠨ ᠶᠠᠪᠤᠳᠠᠯ ᠤᠨ ᠰᠦᠯᠵᠢᠶ᠎ᠡ ᠶᠢ ᠪᠠᠶᠢᠭᠤᠯᠬᠤ ᠂ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ | ᠲᠤᠰᠬᠠᠢ ᠰᠦᠯᠵᠢᠶ᠎ᠡ ᠶᠢ ᠡᠮᠬᠢᠯᠡᠨ ᠨᠡᠶᠢᠯᠡᠭᠦᠯᠬᠦ ᠶᠢ ᠠᠬᠢᠭᠤᠯᠬᠤ ᠂ ᠳ᠋ᠢᠵᠢᠲ᠋ᠠᠯᠴᠢᠯᠠᠭᠰᠠᠨ ᠨᠡᠶᠢᠲᠡᠴᠢ ᠴᠢᠨᠠᠷᠲᠠᠢ ᠬᠡᠷᠡᠭᠯᠡᠭᠡᠨ ᠤ ᠡᠷᠴᠢᠮᠵᠢᠭᠦᠯᠦᠭᠰᠡᠨ ᠪᠠᠶᠢᠭᠤᠯᠤᠯᠲᠠ ᠶᠢ | ᠠᠬᠢᠭᠤᠯᠬᠤ ᠂ ᠳ᠋ᠢᠵᠢᠲ᠋ᠠᠯᠴᠢᠯᠠᠭᠰᠠᠨ ᠨᠡᠶᠢᠲᠡᠴᠢ ᠴᠢᠨᠠᠷᠲᠠᠢ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ 6 ᠵᠦᠢᠯ ᠤᠨ ᠠᠷᠭ᠎ᠠ ᠪᠠᠷᠢᠯ ᠢ | ᠨᠠᠷᠢᠯᠢᠭᠵᠢᠭᠤᠯᠪᠠ ᠃ | ︵ ᠲᠠᠪᠤ ︶ ᠳ᠋ᠢᠵᠢᠲ᠋ᠠᠯ ᠵᠠᠰᠠᠭ ᠤᠨ ᠣᠷᠳᠣᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ ᠃ ᠠᠮᠤᠷ ᠲᠦᠪᠰᠢᠨ ᠤ ᠬᠠᠷᠢᠭᠤᠴᠠᠯᠭ᠎ᠠ ᠶᠢᠨ | ᠲᠣᠭᠲᠠᠯᠴᠠᠭ᠎ᠠ ᠶᠢ ᠪᠦᠷᠢᠨᠰᠢᠭᠦᠯᠬᠦ ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠂ ᠤᠯᠤᠰ ᠤᠨ ᠨᠢᠭᠤᠴᠠ ᠳᠤ ᠬᠤᠯᠪᠣᠭᠳᠠᠬᠤ ᠰᠢᠰᠲ᠋ᠧᠮ ᠤᠨ ᠬᠠᠮᠢᠶ᠎ᠠ | ᠪᠦᠬᠦᠢ ᠳᠦᠷᠢᠮ ᠢ ᠨᠠᠶᠢᠳᠠᠪᠤᠷᠢᠵᠢᠭᠤᠯᠬᠤ ᠂ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠳᠦᠷᠢᠮ ᠢ ᠨᠠᠶᠢᠳᠠᠪᠤᠷᠢᠵᠢᠭᠤᠯᠬᠤ ᠂ ᠰᠦᠯᠵᠢᠶᠡᠨ ᠤ | ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠂ ᠳ᠋ᠠᠶᠢᠲ᠋ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠂ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠴᠢᠩᠭᠠᠳᠬᠠᠬᠤ ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠬᠠᠮᠠᠭᠠᠯᠠᠯᠲᠠ ᠶᠢ | ᠴᠢᠩᠭᠠᠳᠬᠠᠬᠤ ᠂ ᠠᠮᠤᠷ ᠲᠦᠪᠰᠢᠨ ᠤ ᠦᠨᠡᠯᠡᠨ ᠵᠢᠱᠢᠯᠲᠡ ᠶᠢ ᠴᠢᠩᠭᠠᠳᠬᠠᠬᠤ ᠵᠡᠷᠭᠡ ᠲᠠᠯ᠎ᠠ ᠪᠠᠷ 9 ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠪᠠ ᠃ | ᠳᠥᠷᠪᠡ ᠂ ︽ ᠬᠡᠷᠡᠭᠵᠢᠭᠦᠯᠬᠦ ᠲᠥᠰᠥᠯ ︾ ᠢ ᠪᠤᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠬᠡᠷᠬᠢᠨ ᠪᠠᠲᠤᠯᠠᠬᠤ ᠪᠣᠶ ︖ | ︽ ᠬᠡᠷᠡᠭᠵᠢᠭᠦᠯᠬᠦ ᠲᠥᠰᠥᠯ ︾ ᠨᠢ ᠨᠠᠮ ᠤᠨ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ ᠶᠢᠨ | ᠲᠣᠭᠤᠷᠢᠨ ᠳᠤ ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠂ ᠤᠳᠤᠷᠢᠳᠬᠤ | ᠲᠣᠭᠲᠠᠴᠠ ᠶᠢ ᠪᠦᠷᠢᠨᠰᠢᠭᠦᠯᠬᠦ ᠂ ᠠᠬᠢᠭᠤᠯᠬᠤ ᠲᠣᠭᠲᠠᠴᠠ ᠶᠢ ᠪᠠᠶᠢᠭᠤᠯᠬᠤ ᠂ ᠳ᠋ᠢᠵᠢᠲ᠋ᠠᠯᠴᠢᠯᠠᠭᠰᠠᠨ ᠬᠡᠪ ᠪᠣᠯᠪᠠᠰᠤᠷᠠᠯ ᠪᠠ ᠤᠷ᠎ᠠ ᠮᠡᠷᠭᠡᠰᠢᠯ ᠤᠨ ᠬᠥᠮᠦᠵᠢᠯ ᠢ | ᠴᠢᠩᠭᠠᠳᠬᠠᠬᠤ ᠂ ᠺᠠᠳ᠋ᠷ ᠤᠨ ᠪᠣᠯᠪᠠᠰᠤᠷᠠᠯ ᠢ ᠴᠢᠩᠭᠠᠳᠬᠠᠬᠤ ᠂ ᠣᠨᠣᠯ ᠤᠨ ᠰᠤᠳᠤᠯᠭᠠᠨ ᠢ ᠴᠢᠩᠭᠠᠳᠬᠠᠬᠤ ᠂ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠬᠤ ᠂ | ᠦᠨᠡᠯᠡᠨ ᠵᠢᠱᠢᠬᠦ ᠲᠣᠭᠲᠠᠯᠴᠠᠭ᠎ᠠ ᠶᠢ ᠪᠦᠷᠢᠯᠳᠦᠭᠦᠯᠬᠦ 9 ᠵᠦᠢᠯ ᠤᠨ ᠠᠷᠭ᠎ᠠ ᠪᠠᠷᠢᠯ ᠢ ᠳᠤᠷᠠᠳᠤᠨ ᠭᠠᠷᠭᠠᠵᠤ ᠂ ᠡᠯ᠎ᠡ ᠵᠦᠢᠯ ᠤᠨ ᠡᠭᠦᠷᠭᠡ ᠶᠢ ᠪᠤᠲᠠᠲᠠᠶᠢᠵᠢᠭᠤᠯᠤᠨ | ᠦᠷ᠎ᠡ ᠪᠦᠲᠦᠮᠵᠢ ᠣᠯᠬᠤ ᠶᠢ ᠪᠠᠲᠤᠯᠠᠪᠠ ᠃ | | |