| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 7 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠣᠶᠢᠷ᠎ᠠ ᠳᠤ ︽ ᠪᠦᠭᠦ | ᠨᠠᠮ ᠤᠨ ᠳᠣᠲᠣᠭᠠᠳᠤ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ ︾ ︵ ᠳᠣᠷᠣᠭᠰᠢ ︽ ᠮᠡᠳᠡᠭᠳᠡᠯ ︾ ᠭᠡᠵᠦ | ᠳᠥᠭᠦᠮᠴᠢᠯᠡᠨ᠎ᠡ ︶ ᠢ ᠳᠠᠷᠤᠮᠠᠯᠯᠠᠨ ᠲᠠᠷᠬᠠᠭᠠᠪᠠ ᠃ | ︽ ᠮᠡᠳᠡᠭᠳᠡᠯ ︾ ᠳᠤ ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ | ᠳᠦᠷᠢᠮ ︾ ︵ ᠳᠣᠷᠣᠭᠰᠢ ︽ ᠳᠦᠷᠢᠮ ︾ ᠭᠡᠵᠦ ᠳᠥᠭᠦᠮᠴᠢᠯᠡᠨ᠎ᠡ ︶ ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ ᠂ ᠨᠠᠮ ᠤᠨ ᠲᠥᠪ ᠬᠤᠷᠢᠶ᠎ᠠ ᠶᠢᠨ | ᠵᠥᠪᠰᠢᠶᠡᠷᠡᠯ ᠢᠶᠠᠷ ᠂ 2024 ᠣᠨ ᠤ 4 ᠰᠠᠷ᠎ᠠ ᠠᠴᠠ 7 ᠰᠠᠷ᠎ᠠ ᠪᠤᠯᠲᠠᠯ᠎ᠠ ᠪᠦᠭᠦ ᠨᠠᠮ ᠤᠨ ᠳᠣᠲᠣᠭᠠᠳᠤ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠥᠷᠨᠢᠭᠦᠯᠦᠨ᠎ᠡ ᠭᠡᠵᠦ ᠵᠢᠭᠠᠵᠤ ᠭᠠᠷᠭᠠᠪᠠ ᠃ | ︽ ᠮᠡᠳᠡᠭᠳᠡᠯ ︾ ᠳᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠵᠠᠷᠢᠮ ᠨᠠᠮ ᠤᠨ ᠭᠡᠰᠢᠭᠦᠨ ᠂ ᠺᠠᠳ᠋ᠷᠴᠤᠳ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠳᠤ ᠰᠠᠨᠠᠭ᠎ᠠ | ᠲᠠᠯᠪᠢᠬᠤ ᠦᠭᠡᠢ ᠂ ᠣᠶᠢᠯᠠᠭᠠᠬᠤ ᠦᠭᠡᠢ ᠂ ᠡᠵᠡᠮᠰᠢᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠨᠠᠮ ᠤᠨ ᠭᠡᠰᠢᠭᠦᠨ | ᠢᠯᠠᠩᠭᠤᠶ᠎ᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠤᠨ ︽ ᠳᠦᠷᠢᠮ ︾ ᠢ ᠨᠠᠷᠢᠨ ᠬᠢᠨᠠᠮᠠᠭᠠᠢ ᠰᠤᠷᠤᠯᠴᠠᠭᠤᠯᠵᠤ ᠂ ᠰᠠᠬᠢᠯᠭ᠎ᠠ ᠪᠠᠲᠤ ᠶᠢ | ᠰᠤᠷᠤᠯᠴᠠᠬᠤ ᠂ ᠰᠠᠬᠢᠯᠭ᠎ᠠ ᠪᠠᠲᠤ ᠶᠢ ᠮᠡᠳᠡᠬᠦ ᠂ ᠰᠠᠬᠢᠯᠭ᠎ᠠ ᠪᠠᠲᠤ ᠶᠢ ᠣᠶᠢᠯᠠᠭᠠᠬᠤ ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ ᠂ ᠨᠠᠮ ᠤᠨ ᠰᠠᠬᠢᠯᠭ᠎ᠠ ᠪᠠᠲᠤ | ᠶᠣᠰᠣ ᠳᠦᠷᠢᠮ ᠭᠡᠭᠴᠢ ᠶᠠᠭᠤ ᠪᠤᠯᠬᠤ ᠶᠢ ᠲᠣᠳᠣᠷᠬᠠᠢ ᠣᠶᠢᠯᠠᠭᠠᠵᠤ ᠂ ᠶᠠᠭᠤ ᠶᠢ ᠬᠢᠵᠦ ᠪᠤᠯᠬᠤ ᠂ ᠶᠠᠭᠤ ᠶᠢ ᠬᠢᠵᠦ ᠦᠯᠦ ᠪᠤᠯᠬᠤ ᠶᠢ ᠣᠶᠢᠯᠠᠭᠠᠵᠤ ᠂ ᠳᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ ᠂ ᠦᠭᠡ ᠶᠠᠷᠢᠶ᠎ᠠ ᠦᠢᠯᠡ ᠠᠵᠢᠯᠯᠠᠭᠠᠨ ᠤ ᠪᠠᠨ ᠪᠠᠷᠢᠮᠵᠢᠶ᠎ᠠ ᠪᠤᠯᠭᠠᠵᠤ ᠂ | ᠴᠢᠨᠠᠭᠰᠢᠳᠠ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ ᠂ ᠦᠯᠦ ᠬᠠᠯᠳᠠᠭᠠᠬᠤ ᠴᠢᠳᠠᠪᠤᠷᠢ ᠪᠠᠨ | ᠳᠡᠭᠡᠭᠰᠢᠯᠡᠭᠦᠯᠵᠦ ᠂ ᠤᠯᠤᠰ ᠲᠦᠷᠦ ᠶᠢᠨ ᠲᠣᠭᠲᠠᠯ ᠬᠦᠴᠦᠨ ᠂ ᠰᠠᠬᠢᠯᠭ᠎ᠠ ᠪᠠᠲᠤ ᠶᠢᠨ ᠲᠣᠭᠲᠠᠯ ᠬᠦᠴᠦᠨ ᠂ ᠶᠣᠰᠣ ᠰᠤᠷᠲᠠᠬᠤᠨ ᠤ ᠲᠣᠭᠲᠠᠯ ᠬᠦᠴᠦᠨ ᠂ | ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢᠶᠠᠨ ᠴᠢᠩᠭᠠᠳᠬᠠᠵᠤ ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ | ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ ᠃ | ︽ ᠮᠡᠳᠡᠭᠳᠡᠯ ︾ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠬᠤ ᠂ ᠪᠠᠶᠢᠩᠭᠤ | ᠠᠳᠬᠤᠬᠤ ᠶᠢ ᠴᠢᠬᠤᠯᠠᠴᠢᠯᠠᠬᠤ ᠬᠡᠷᠡᠭᠲᠡᠢ ᠃ ᠲᠡᠷᠡ ᠬᠡᠪ ᠢᠶᠠᠷ ᠨᠢ ᠰᠤᠷᠤᠯᠴᠠᠵᠤ ᠂ ᠬᠤᠪᠢ ᠬᠥᠮᠥᠨ ᠤ ᠥᠪᠡᠰᠦᠪᠡᠨ ᠰᠤᠷᠤᠯᠴᠠᠬᠤ ᠪᠠ ᠲᠥᠪᠯᠡᠷᠡᠭᠦᠯᠦᠨ | ᠰᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠂ | ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠂ ᠤᠯᠠᠨ ᠲᠦᠮᠡᠨ ᠤ ᠰᠠᠬᠢᠯᠭ᠎ᠠ ᠪᠠᠲᠤ ᠂ ᠠᠵᠢᠯ ᠤᠨ ᠰᠠᠬᠢᠯᠭ᠎ᠠ ᠪᠠᠲᠤ ᠂ ᠠᠮᠢᠳᠤᠷᠠᠯ ᠤᠨ ᠰᠠᠬᠢᠯᠭ᠎ᠠ ᠪᠠᠲᠤ ᠯᠤᠭ᠎ᠠ ᠨᠢᠭᠲᠠ | ᠤᠶᠠᠯᠳᠤᠭᠤᠯᠤᠨ ᠰᠤᠳᠤᠯᠤᠨ ᠶᠠᠷᠢᠯᠴᠠᠵᠤ ᠂ ︽ ᠳᠦᠷᠢᠮ ︾ ᠢ ᠲᠠᠷᠢᠬᠢᠨ ᠳᠠᠭᠠᠨ ᠰᠢᠩᠭᠡᠭᠡᠵᠦ ᠰᠡᠳᠬᠢᠯ ᠳᠡᠭᠡᠨ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ ᠃ | ᠰᠡᠷᠡᠮᠵᠢᠯᠡᠭᠦᠯᠭᠦ ᠬᠥᠮᠦᠵᠢᠯ ᠢ ᠴᠢᠩᠭᠠᠳᠬᠠᠵᠤ ᠂ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠤᠨ ᠰᠢᠨᠵᠢᠯᠡᠵᠦ ᠂ | ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠥᠰ ᠢᠶᠠᠨ ᠬᠥᠮᠥᠵᠢᠭᠦᠯᠬᠦ ᠶᠢ ᠴᠢᠬᠤᠯᠠᠴᠢᠯᠠᠵᠤ ᠂ ᠨᠠᠮ ᠤᠨ ᠭᠡᠰᠢᠭᠦᠨ ᠂ ᠺᠠᠳ᠋ᠷᠴᠤᠳ ᠢ ᠰᠡᠷᠡᠮᠵᠢ ᠠᠪᠬᠤ ᠂ ᠬᠤᠷᠢᠭ᠎ᠠ | ᠱᠤᠭᠤᠮ ᠢ ᠲᠣᠳᠣᠷᠬᠠᠢ ᠮᠡᠳᠡᠬᠦ ᠂ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠤᠯᠭᠠᠬᠤ ᠬᠡᠷᠡᠭᠲᠡᠢ ᠃ ᠲᠠᠶᠢᠯᠤᠮᠵᠢ ᠪᠠ ᠪᠣᠯᠪᠠᠰᠤᠷᠠᠯ ᠢ ᠴᠢᠩᠭᠠᠳᠬᠠᠵᠤ ᠂ ︽ ᠳᠦᠷᠢᠮ ︾ | ᠢ ᠣᠶᠢᠯᠠᠭᠠᠨ ᠬᠡᠷᠡᠭᠯᠡᠬᠦ ᠶᠢ ᠭᠦᠨᠵᠡᠭᠡᠶᠢᠷᠡᠭᠦᠯᠬᠦ ᠬᠡᠷᠡᠭᠲᠡᠢ ᠃ 2024 ᠣᠨ ᠤ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠪᠠᠭ ᠤᠨ | ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠣᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠬᠤᠷᠠᠯ ᠨᠢ ᠂ ︽ ᠳᠦᠷᠢᠮ ︾ ᠢ ᠰᠤᠷᠤᠯᠴᠠᠨ ᠲᠤᠭᠤᠰᠢᠯᠠᠭᠤᠯᠤᠭᠰᠠᠨ ᠪᠠᠶᠢᠳᠠᠯ ᠢ ᠬᠠᠷᠢᠴᠠᠭᠤᠯᠤᠨ ᠪᠠᠶᠢᠴᠠᠭᠠᠬᠤ ᠶᠢᠨ ᠴᠢᠬᠤᠯᠠ ᠠᠭᠤᠯᠭ᠎ᠠ ᠪᠤᠯᠭᠠᠬᠤ ᠬᠡᠷᠡᠭᠲᠡᠢ ᠭᠡᠵᠦ | ᠴᠢᠬᠤᠯᠠᠴᠢᠯᠠᠪᠠ ᠃ | ︽ ᠮᠡᠳᠡᠭᠳᠡᠯ ︾ ᠳᠤ ᠂ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠱᠠᠯᠠᠪᠳᠠᠭᠤᠯᠤᠨ | ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠢ ᠃ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ ᠂ ᠬᠡᠯᠪᠡᠷᠢᠴᠢ ᠦᠵᠡᠯ ᠢ ᠡᠷᠡᠰ | ᠡᠰᠡᠷᠭᠦᠴᠡᠵᠦ ᠂ ︽ ᠨᠠᠮ ᠤᠨ ᠤᠯᠤᠰ ᠲᠦᠷᠦ ᠶᠢᠨ ᠢᠲᠡᠭᠡᠯ ᠪᠢᠰᠢᠷᠡᠯ ᠪᠣᠯᠣᠨ ᠤᠯᠤᠰ ᠲᠦᠷᠦ ᠶᠢᠨ ᠵᠣᠷᠢᠯᠲᠠ ᠶᠢ ᠰᠠᠨᠠᠭᠠᠴᠢᠯᠠᠭ᠎ᠠ ᠲᠠᠢ ᠪᠤᠶᠤ ᠰᠠᠨᠠᠭᠠᠴᠢᠯᠠᠭᠠᠲᠤ | ᠪᠤᠰᠤ ᠪᠠᠷ ᠳᠥᠭᠦᠮᠴᠢᠯᠡᠬᠦ ᠪᠣᠯᠭᠢᠴᠢᠯᠠᠬᠤ ︾ ᠂ ︽ ᠨᠠᠮ ᠤᠨ ᠢᠲᠡᠭᠡᠯ ᠪᠢᠰᠢᠷᠡᠯ ᠪᠣᠯᠣᠨ ᠤᠯᠤᠰ ᠲᠦᠷᠦ ᠶᠢᠨ ᠵᠣᠷᠢᠯᠲᠠ ᠶᠢ ᠬᠡᠯᠡᠨ ᠤ ᠤᠷᠠᠨ ᠢ ᠠᠰᠢᠭᠯᠠᠵᠤ | ᠭᠦᠳᠬᠡᠬᠦ ᠲᠠᠭᠠᠷᠢᠬᠤ ︾ ᠶᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ ᠃ | | |