| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 8 ᠤ ᠴᠠᠭᠢᠯᠭᠠᠨ ᠮᠡᠳᠡᠭᠡ 4 ᠰᠠᠷ᠎ᠠ ᠶᠢᠨ 8 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠸᠢᠶᠧᠳ᠋ᠨᠠᠮ ᠤᠨ ᠤᠯᠤᠰ ᠤᠨ ᠬᠤᠷᠠᠯ ᠤᠨ ᠲᠡᠷᠢᠭᠦᠯᠡᠭᠴᠢ ᠸᠠᠩ ᠲᠢᠩ ᠬᠤᠢ ᠲᠠᠢ ᠠᠭᠤᠯᠵᠠᠪᠠ ᠃ | | 4 ᠰᠠᠷ᠎ᠠ ᠶᠢᠨ 8 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠸᠢᠶᠧᠳ᠋ᠨᠠᠮ ᠤᠨ | ᠤᠯᠤᠰ ᠤᠨ ᠬᠤᠷᠠᠯ ᠤᠨ ᠲᠡᠷᠢᠭᠦᠯᠡᠭᠴᠢ ᠸᠠᠩ ᠲᠢᠩ ᠬᠤᠢ ᠲᠠᠢ ᠠᠭᠤᠯᠵᠠᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ ᠰᠡᠭᠦᠳᠡᠷᠯᠡᠪᠡ | ᠰᠢ ᠶᠢᠨ ᠫᠢᠩ ᠸᠠᠩ ᠲᠢᠩ ᠬᠤᠢ ᠪᠠᠷ ᠳᠠᠮᠵᠢᠭᠤᠯᠤᠨ ᠶᠡᠷᠦᠩᠬᠡᠢ ᠱᠦᠵᠢ ᠷᠤᠸᠠᠨ ᠹᠦ᠋ ᠵᠦᠩ ᠳᠤ ᠳᠣᠲᠣᠨᠣ ᠮᠡᠨᠳᠦᠴᠢᠯᠡᠯ ᠳᠡᠪᠰᠢᠭᠦᠯᠪᠡ ᠃ ᠰᠢ ᠶᠢᠨ ᠫᠢᠩ ᠂ | ᠨᠢᠳᠤᠨᠤᠨ ᠵᠢᠯ ᠤᠨ ᠰᠡᠭᠦᠯᠴᠢ ᠪᠠᠷ ᠪᠢ ᠸᠢᠶᠧᠳ᠋ᠨᠠᠮ ᠳᠤ ᠠᠶᠢᠯᠴᠢᠯᠠᠯᠲᠠ ᠬᠢᠬᠦ ᠬᠤᠭᠤᠴᠠᠭᠠᠨ ᠳᠤ ᠂ ᠶᠡᠷᠦᠩᠬᠡᠢ ᠱᠦᠵᠢ ᠷᠤᠸᠠᠨ ᠹᠦ᠋ ᠵᠦᠩ ᠲᠠᠢ ᠬᠠᠮᠲᠤ ᠪᠠᠷ | ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠨᠡᠶᠢᠲᠡᠯᠡᠵᠦ ᠂ | ᠳᠤᠮᠳᠠᠳᠤ ᠸᠢᠶᠧᠳ᠋ᠨᠠᠮ ᠤᠨ ᠬᠠᠷᠢᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠪᠡ ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠂ ᠮᠢᠨᠤ ᠶᠡᠷᠦᠩᠬᠡᠢ ᠱᠦᠵᠢ | ᠷᠤᠸᠠᠨ ᠹᠦ᠋ ᠵᠦᠩ ᠯᠦᠭᠡ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠠᠭ ᠨᠠᠶᠢᠳᠠᠪᠤᠷᠢᠵᠢᠭᠤᠯᠤᠭᠳᠠᠵᠤ ᠪᠠᠶᠢᠨ᠎ᠠ ᠃ ᠵᠣᠷᠢᠭ ᠨᠢᠭᠡ ᠵᠣᠷᠢᠯᠲᠠ ᠠᠳᠠᠯᠢ ᠂ ᠬᠤᠪᠢ | ᠵᠠᠶᠠᠭ᠎ᠠ ᠨᠢᠭᠡᠲᠡᠢ ᠪᠠᠶᠢᠬᠤ ᠪᠣᠯ ᠳᠤᠮᠳᠠᠳᠤ ᠸᠢᠶᠧᠳ᠋ᠨᠠᠮ ᠤᠨ ᠬᠠᠷᠢᠯᠴᠠᠭ᠎ᠠ ᠶᠢᠨ ᠬᠠᠮᠤᠭ ᠤᠨ ᠢᠯᠡ ᠲᠣᠳᠣ ᠣᠨᠴᠠᠯᠢᠭ ᠪᠣᠯᠣᠨ᠎ᠠ ᠂ ︽ ᠨᠥᠬᠦᠷ ᠪᠥᠭᠡᠳ ᠠᠬ᠎ᠠ ᠳᠡᠭᠦᠦ ︾ | ᠪᠣᠯ ᠳᠤᠮᠳᠠᠳᠤ ᠸᠢᠶᠧᠳ᠋ᠨᠠᠮ ᠤᠨ ᠬᠤᠶᠠᠷ ᠨᠠᠮ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠤᠨ ᠬᠠᠮᠤᠭ ᠤᠨ ᠠᠮᠢᠳᠤᠯᠢᠭ ᠵᠢᠷᠤᠭᠯᠠᠯ ᠮᠥᠨ ᠃ ᠬᠤᠶᠠᠷ | ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ ᠦᠷ᠎ᠡ | ᠪᠦᠲᠦᠭᠡᠯ ᠣᠯᠬᠤ ᠶᠢ ᠠᠬᠢᠭᠤᠯᠵᠤ ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠵᠦ ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠰᠠᠶᠢᠨ ᠪᠤᠶᠠᠨ ᠦᠢᠯᠡᠳᠬᠦ ᠶᠢᠨ ᠬᠠᠮᠲᠤ ᠳᠡᠯᠡᠬᠡᠢ ᠶᠢᠨ ᠨᠡᠶᠢᠭᠡᠮ ᠵᠢᠷᠤᠮ ᠤᠨ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ | ᠵᠢᠭᠠᠵᠤ ᠭᠠᠷᠭᠠᠪᠠ ᠃ | ᠰᠢ ᠶᠢᠨ ᠫᠢᠩ ᠂ ᠣᠳᠣᠬᠠᠨ ᠳᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠤ ᠭᠦᠨᠵᠡᠭᠡᠢ ᠪᠤᠳᠤᠯᠢᠶᠠᠨᠲᠠᠢ ᠬᠤᠪᠢᠷᠠᠯᠲᠠ ᠭᠠᠷᠴᠤ ᠪᠤᠢ ᠂ ᠨᠡᠶᠢᠭᠡᠮ | ᠵᠢᠷᠤᠮ ᠤᠨ ᠪᠠᠶᠢᠭᠤᠯᠤᠯ ᠢ ᠬᠠᠮᠠᠭᠠᠯᠠᠵᠤ ᠂ ᠤᠯᠤᠰ ᠤᠨ ᠲᠣᠭᠲᠠᠭᠤᠨ ᠪᠠ ᠬᠥᠭᠵᠢᠯᠲᠡ ᠶᠢ ᠬᠠᠮᠠᠭᠠᠯᠠᠬᠤ ᠪᠣᠯ ᠳᠤᠮᠳᠠᠳᠤ ᠸᠢᠶᠧᠳ᠋ᠨᠠᠮ ᠬᠤᠶᠠᠷ ᠲᠠᠯ᠎ᠠ ᠶᠢᠨ ᠬᠠᠮᠲᠤ ᠶᠢᠨ | ᠠᠰᠢᠭ ᠲᠤᠰᠠ ᠪᠣᠯᠣᠨ᠎ᠠ ᠃ ᠬᠤᠶᠠᠷ ᠲᠠᠯ᠎ᠠ ᠪᠠᠷ ᠢᠶᠠᠨ ᠥᠨᠳᠥᠷ ᠲᠦᠪᠰᠢᠨ ᠪᠦᠬᠦᠢ ᠢᠲᠡᠭᠡᠯᠴᠡᠭᠡ ᠪᠠᠷ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠂ ᠴᠢᠨᠠᠷ ᠰᠠᠶᠢᠲᠠᠢ ᠬᠠᠮᠲᠤᠷᠠᠯᠴᠠᠭ᠎ᠠ ᠪᠠᠷ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠰᠠᠭᠤᠷᠢ ᠶᠢ ᠪᠠᠬᠢᠵᠢᠭᠦᠯᠵᠦ ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠶᠤᠨ ᠤᠬᠠᠭᠠᠨ ᠢᠶᠠᠷ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠶ᠎ᠠ ᠃ ᠳᠤᠮᠳᠠᠳᠤ ᠤᠯᠤᠰ ᠳᠤᠷᠠᠲᠠᠶ᠎ᠠ ᠸᠢᠶᠧᠳ᠋ᠨᠠᠮ ᠤᠨ ᠬᠢᠨ ᠲᠠᠢ ᠨᠠᠮ ᠢ ᠵᠠᠰᠠᠵᠤ ᠲᠦᠷᠦ ᠶᠢ ᠵᠠᠰᠠᠵᠤ | ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠳᠤᠮᠳᠠᠳᠤ ᠸᠢᠶᠧᠳ᠋ᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠵᠢᠯᠤᠭᠤᠳᠬᠤ | ᠵᠥᠪᠯᠡᠯ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ | ᠪᠠᠶᠢᠭᠤᠯᠬᠤ ᠰᠠᠨᠠᠭᠠᠴᠢᠯᠠᠭ᠎ᠠ ᠪᠣᠯᠣᠨ ︽ ᠬᠤᠶᠠᠷ ᠬᠤᠩᠭᠢᠯ ᠨᠢᠭᠡ ᠲᠣᠭᠤᠷᠢᠭ ︾ ᠤᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠲᠦᠷᠭᠡᠳᠬᠡᠨ ᠠᠬᠢᠭᠤᠯᠵᠤ ᠂ | ᠵᠠᠯᠠᠭᠤᠴᠤᠳ ᠂ ᠨᠥᠭᠦᠷᠰᠡᠭ ᠬᠤᠳᠠ ᠵᠡᠷᠭᠡ ᠠᠷᠭ᠎ᠠ ᠵᠠᠮ ᠤᠨ ᠰᠣᠯᠢᠯᠴᠠᠭ᠎ᠠ ᠶᠢ ᠪᠠᠶᠠᠯᠢᠭᠵᠢᠭᠤᠯᠤᠨ᠎ᠠ ᠃ ᠬᠤᠶᠠᠷ ᠲᠠᠯ᠎ᠠ ᠶᠢᠨ ᠬᠠᠤᠯᠢ ᠲᠣᠭᠲᠠᠭᠠᠬᠤ ᠪᠠᠶᠢᠭᠤᠯᠤᠮᠵᠢ ᠂ | ᠡᠯ᠎ᠡ ᠲᠡᠰ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠬᠠᠤᠯᠢ ᠲᠣᠭᠲᠠᠭᠠᠬᠤ ᠬᠢᠨᠠᠯᠲᠠ ᠲᠠᠯᠪᠢᠬᠤ ᠲᠤᠷᠰᠢᠯᠭ᠎ᠠ ᠵᠡᠷᠭᠡ ᠲᠠᠯ᠎ᠠ ᠪᠠᠷ | ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠪᠠᠨ ᠴᠢᠩᠭᠠᠳᠬᠠᠵᠤ ᠂ ᠬᠤᠶᠠᠷ ᠤᠯᠤᠰ ᠤᠨ ᠠᠷᠠᠳ ᠤᠨ ᠬᠤᠭᠤᠷᠣᠨᠳᠣᠭᠢ ᠨᠥᠬᠦᠷᠯᠡᠯ ᠢ ᠵᠤᠵᠠᠭᠠᠳᠬᠠᠬᠤ ᠳᠤ | ᠴᠢᠬᠤᠯᠠ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃ | ᠸᠠᠩ ᠲᠢᠩ ᠬᠤᠢ ᠶᠡᠷᠦᠩᠬᠡᠢ ᠱᠦᠵᠢ ᠷᠤᠸᠠᠨ ᠹᠦ᠋ ᠵᠦᠩ ᠤᠨ ᠶᠡᠷᠦᠩᠬᠡᠢ ᠱᠦᠵᠢ ᠰᠢ ᠶᠢᠨ ᠫᠢᠩ ᠳᠤ ᠳᠡᠪᠰᠢᠭᠦᠯᠦᠭᠰᠡᠨ ᠳᠣᠲᠣᠨᠣ ᠮᠡᠨᠳᠦᠴᠢᠯᠡᠯ ᠪᠣᠯᠣᠨ ᠰᠠᠶᠢᠨ | ᠰᠠᠶᠢᠬᠠᠨ ᠵᠥᠩᠨᠡᠯ ᠢ ᠳᠠᠮᠵᠢᠭᠤᠯᠪᠠ ᠃ ᠳᠡᠷᠡ ᠂ ᠨᠥᠬᠦᠷ ᠪᠥᠭᠡᠳ ᠠᠬ᠎ᠠ ᠳᠡᠭᠦᠦ ᠪᠣᠯᠤᠭᠰᠠᠨ ᠤ ᠬᠤᠪᠢ ᠳᠤ ᠂ ᠸᠢᠶᠧᠳ᠋ᠨᠠᠮ ᠤᠨ ᠨᠠᠮ ᠪᠠ ᠵᠠᠰᠠᠭ ᠤᠨ ᠣᠷᠳᠣᠨ | ᠳᠤᠮᠳᠠᠳᠤ ᠤᠯᠤᠰ ᠤᠨ ᠬᠥᠭᠵᠢᠯᠲᠡ ᠳᠠᠪᠰᠢᠯᠲᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ | ᠪᠦᠲᠦᠮᠵᠢ ᠶᠢ ᠴᠢᠩ ᠰᠡᠳᠬᠢᠯ ᠠᠴᠠ ᠪᠠᠨ ᠪᠢᠰᠢᠷᠡᠵᠦ ᠪᠠᠶᠢᠨ᠎ᠠ ᠃ ᠡᠨᠡ ᠵᠢᠯ ᠤᠨ ᠳᠤᠮᠳᠠᠳᠤ ᠤᠯᠤᠰ ᠤᠨ ᠬᠤᠶᠠᠷ ᠬᠤᠷᠠᠯ ᠠᠴᠠ ᠲᠣᠭᠲᠠᠭᠠᠭᠰᠠᠨ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠵᠡᠷᠭᠡ ᠬᠠᠷᠠᠯᠲᠠ ᠪᠣᠯ ᠨᠡᠶᠢᠭᠡᠮ ᠵᠢᠷᠤᠮ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠶᠢᠵᠤ ᠂ | ᠸᠢᠶᠧᠳ᠋ᠨᠠᠮ ᠳᠤ ᠠᠰᠢᠭᠲᠠᠢ ᠯᠠᠪᠯᠠᠯᠲᠠ ᠬᠠᠩᠭᠠᠪᠠ ᠃ ᠳᠤᠮᠳᠠᠳᠤ ᠤᠯᠤᠰ ᠯᠠᠪᠲᠠᠢ ᠲᠣᠭᠲᠠᠭᠰᠠᠨ ᠬᠤᠭᠤᠴᠠᠭᠠᠨ ᠳᠠᠭᠠᠨ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠭᠦ ᠲᠠᠯ᠎ᠠ ᠪᠠᠷ ᠪᠡᠶᠡᠯᠡᠭᠦᠯᠵᠦ ᠂ ᠳᠡᠯᠡᠬᠡᠢ ᠶᠢᠨ ᠡᠩᠬᠡ ᠲᠠᠶᠢᠪᠤᠩ ᠂ ᠲᠣᠭᠲᠠᠭᠤᠨ ᠪᠣᠯᠣᠨ ᠬᠥᠭᠵᠢᠯᠲᠡ ᠶᠢ ᠠᠬᠢᠭᠤᠯᠬᠤ ᠳᠤ ᠴᠢᠬᠤᠯᠠ | ᠬᠤᠪᠢ ᠨᠡᠮᠡᠷᠢ ᠦᠵᠡᠭᠦᠯᠭᠦ ᠶᠢ ᠢᠲᠡᠭᠡᠵᠦ ᠪᠠᠶᠢᠨ᠎ᠠ ᠃ ᠸᠢᠶᠧᠳ᠋ᠨᠠᠮ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠲᠠᠶᠢᠸᠠᠨ | ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ ᠂ ᠶᠠᠮᠠᠷᠪᠠ ᠭᠡᠯᠪᠡᠷᠢ ᠶᠢᠨ ︽ ᠲᠠᠶᠢᠸᠠᠨ ᠢ ᠲᠤᠰᠠᠭᠠᠷ | ᠲᠣᠭᠲᠠᠨᠢᠭᠤᠯᠬᠤ ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠨ᠎ᠡ ᠂ ᠰᠢᠶᠠᠩᠭᠠᠩ ᠂ ᠰᠢᠨᠵᠢᠶᠠᠩ ᠂ ᠲᠥᠪᠡᠳ ᠤᠨ ᠬᠡᠷᠡᠭ ᠶᠠᠪᠤᠳᠠᠯ ᠪᠣᠯ ᠴᠥᠮ ᠳᠤᠮᠳᠠᠳᠤ | ᠤᠯᠤᠰ ᠤᠨ ᠳᠣᠲᠣᠭᠠᠳᠤ ᠶᠠᠪᠤᠳᠠᠯ ᠮᠥᠨ ᠂ ᠳᠤᠮᠳᠠᠳᠤ ᠤᠯᠤᠰ ᠯᠠᠪᠲᠠᠢ ᠤᠷᠳᠤ ᠬᠤᠭᠤᠴᠠᠭᠠᠨ ᠤ ᠲᠣᠭᠲᠠᠭᠤᠨ ᠴᠡᠴᠡᠭᠯᠡᠯ ᠬᠥᠭᠵᠢᠯ ᠢᠶᠠᠨ ᠪᠠᠲᠤᠯᠠᠨ᠎ᠠ ᠭᠡᠵᠦ | ᠦᠵᠡᠵᠦ ᠪᠠᠶᠢᠨ᠎ᠠ ᠃ ᠸᠢᠶᠧᠳ᠋ᠨᠠᠮ ᠪᠡᠶ᠎ᠡ ᠪᠠᠨ ᠳᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ ᠂ ᠳᠤᠮᠳᠠᠳᠤ | ᠤᠯᠤᠰ ᠢ ᠸᠢᠶᠧᠳ᠋ᠨᠠᠮ ᠤᠨ ᠭᠠᠳᠠᠭᠠᠳᠤ ᠬᠠᠷᠢᠯᠴᠠᠭᠠᠨ ᠤ ᠲᠡᠷᠢᠭᠦᠨ ᠴᠢᠬᠤᠯᠠ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠤᠯᠭᠠᠵᠤ ᠂ ᠶᠡᠷᠦᠩᠬᠡᠢ ᠱᠦᠵᠢ ᠷᠤᠸᠠᠨ ᠹᠦ᠋ | ᠵᠥᠩ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠲᠣᠭᠲᠠᠭᠠᠭᠰᠠᠨ ︽ ᠵᠢᠷᠭᠤᠭᠠᠨ ᠨᠠᠩ ᠢᠯᠡᠭᠦᠦ ︾ ᠶᠢᠨ ᠬᠠᠷᠠᠯᠲᠠ ᠶᠣᠰᠣᠭᠠᠷ ᠂ ᠳᠤᠮᠳᠠᠳᠤ ᠶᠢᠨ ᠲᠠᠯ᠎ᠠ ᠲᠠᠢ | ᠡᠯ᠎ᠡ ᠲᠠᠰ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠵᠤ ᠂ ᠥᠨᠳᠥᠷ ᠲᠦᠪᠰᠢᠨ ᠪᠦᠬᠦᠢ ᠤᠯᠤᠰ ᠲᠥᠷᠥ ᠶᠢᠨ ᠢᠲᠡᠭᠡᠯᠴᠡᠭᠡ ᠪᠠᠨ | ᠦᠷᠭᠦᠯᠵᠢᠯᠡᠨ ᠪᠠᠬᠢᠵᠢᠭᠦᠯᠵᠦ ᠂ ︽ ᠬᠤᠶᠠᠷ ᠬᠤᠩᠭᠢᠯ ᠨᠢᠭᠡ ᠲᠣᠭᠤᠷᠢᠭ ︾ ᠪᠣᠯᠣᠨ ︽ ᠨᠢᠭᠡ ᠪᠦᠰᠡ ᠨᠢᠭᠡ ᠵᠠᠮ ︾ ᠤᠨ ᠵᠣᠯᠭᠠᠯᠴᠠᠭ᠎ᠠ ᠶᠢ ᠢᠳᠡᠪᠬᠢᠲᠡᠢ | ᠠᠬᠢᠭᠤᠯᠤᠨ᠎ᠠ ᠃ ᠸᠢᠶᠧᠳ᠋ᠨᠠᠮ ᠤᠨ ᠤᠯᠤᠰ ᠤᠨ ᠬᠤᠷᠠᠯ ᠳᠤᠷᠠᠲᠠᠶ᠎ᠠ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠯᠤᠭ᠎ᠠ ᠨᠢᠭᠲᠠ ᠶᠠᠪᠤᠯᠴᠠᠭ᠎ᠠ ᠰᠣᠯᠢᠯᠴᠠᠭ᠎ᠠ ᠪᠠᠨ ᠪᠠᠲᠤᠯᠠᠵᠤ ᠂ ᠬᠤᠶᠠᠷ ᠤᠯᠤᠰ ᠤᠨ ᠠᠷᠠᠳ ᠤᠨ ᠬᠤᠭᠤᠷᠣᠨᠳᠣᠭᠢ ᠨᠥᠬᠦᠷᠯᠡᠯ ᠢ ᠪᠠᠬᠢᠵᠢᠭᠦᠯᠬᠦ ᠂ ᠪᠠᠶᠢᠯᠳᠤᠬᠤ | ᠪᠣᠳᠣᠯᠭ᠎ᠠ ᠶᠢᠨ ᠠᠴᠢ ᠬᠤᠯᠪᠣᠭᠳᠠᠯ ᠲᠠᠢ ᠸᠢᠶᠧᠳ᠋ᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠢᠳᠡᠪᠬᠢᠲᠡᠢ | ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ ᠃ | ᠸᠠᠩ ᠢ ᠂ ᠸᠠᠩ ᠳ᠋ᠦᠩ ᠮᠢᠩ ᠠᠭᠤᠯᠵᠠᠯᠲᠠ ᠳᠤ ᠣᠷᠣᠯᠴᠠᠵᠠᠢ ᠃ | |