| ᠬᠠᠷ᠎ᠠ ᠰᠠᠮᠪᠠᠷ᠎ᠠ ᠶᠢᠨ ᠳᠣᠲᠣᠷ᠎ᠠ ᠲᠡᠭᠷᠢ ᠭᠠᠵᠠᠷ ᠪᠤᠶ ᠃ ᠰᠢᠨᠵᠢᠯᠡᠬᠦ ᠤᠬᠠᠭᠠᠨ ᠮᠡᠷᠭᠡᠵᠢᠯ ᠤᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠡᠯ᠎ᠡ ᠵᠦᠢᠯ ᠤᠨ | ᠣᠶᠤᠨᠴᠢᠯᠠᠭᠰᠠᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠡᠯ᠎ᠡ ᠰᠤᠷᠭᠠᠭᠤᠯᠢ ᠳᠤ ᠬᠡᠷᠡᠭᠯᠡᠭᠰᠡᠨ ᠪᠠᠶᠢᠨ᠎ᠠ᠃ ᠵᠡᠭᠦᠨᠭᠠᠷ ᠬᠤᠰᠢᠭᠤᠨ ᠳᠤ ᠂ | ᠪᠥᠬᠦ ᠬᠤᠰᠢᠭᠤᠨ ᠤ ᠡᠯᠡᠲ᠋ᠤᠮᠳᠠᠳᠤ ᠪᠠᠭ᠎ᠠᠰᠤᠷᠭᠠᠭᠤᠯᠢ ᠬᠡᠦᠬᠡᠳ ᠤᠨ ᠴᠡᠴᠡᠷᠯᠢᠭ ᠲᠤ ᠲᠦᠭᠡᠮᠡᠯᠵᠢᠭᠰᠡᠨ ᠣᠶᠤᠨᠴᠢ ᠰᠠᠮᠪᠠᠷ᠎ᠠ ᠨᠢ ᠣᠶᠤᠨᠴᠢ ᠰᠤᠷᠭᠠᠭᠤᠯᠢ ᠶᠢᠨ | ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠳᠠᠷᠤᠪᠴᠢ ᠶᠢ ᠳᠠᠷᠤᠬᠰᠠᠨ ᠪᠠᠶᠢᠨ᠎ᠠ ᠃ | | | | ᠵᠡᠭᠦᠨᠭᠠᠷ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠰᠢᠭᠤᠳ ᠨᠡᠪᠲᠡᠷᠡᠭᠦᠯᠭᠡ ᠶᠢᠨ ᠠᠩᠭᠢ ᠶᠢᠨ | ᠬᠢᠴᠢᠶᠡᠯ ᠤᠨ ᠭᠡᠷ ᠲᠤ ᠂ ᠰᠤᠷᠤᠭᠴᠢᠳ ᠣᠶᠤᠨᠴᠢ ᠰᠠᠮᠪᠠᠷ᠎ᠠ ᠪᠠᠷ 1200 ᠭᠠᠷᠤᠢ ᠺᠢᠯᠤᠮᠧᠲᠷ ᠬᠤᠯᠠ ᠪᠠᠶᠢᠭ᠎ᠠ ᠴᠧᠩᠳᠦ᠋ ᠶᠢᠨ ᠳᠣᠯᠣᠳᠤᠭᠠᠷ ᠳᠤᠮᠳᠠᠳᠤ | ᠰᠤᠷᠭᠠᠭᠤᠯᠢ ᠶᠢᠨ ᠰᠤᠷᠤᠭᠴᠢᠳ ᠲᠠᠢ ᠠᠳᠠᠯᠢᠬᠠᠨ ᠲᠡᠦᠬᠡ ᠶᠢᠨ ᠬᠢᠴᠢᠶᠡᠯ ᠣᠷᠣᠵᠤ ᠪᠠᠶᠢᠯ᠎ᠠ᠃ ᠡᠨᠡ ᠬᠦ ᠵᠢᠵᠢᠭᠬᠡᠨ ᠰᠠᠮᠪᠠᠷ᠎ᠠ ᠨᠢ ᠠᠯᠤᠰ ᠵᠠᠢ ᠶᠢᠨ ᠰᠤᠷᠭᠠᠨ | ᠬᠥᠮᠦᠵᠢᠯ ᠤᠨ ᠲᠠᠪᠴᠠᠩ ᠲᠠᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠵᠦ ᠂ ᠰᠤᠷᠤᠭᠴᠢᠳ ᠲᠤ ᠤᠯᠤᠰ ᠤᠨ ᠳᠣᠲᠣᠭᠠᠳᠤ ᠶᠢᠨ ᠲᠡᠷᠢᠭᠦᠨ ᠲᠠᠰ ᠤᠨ ᠰᠤᠷᠭᠠᠨ | ᠬᠥᠮᠦᠵᠢᠯ ᠤᠨ ᠡᠬᠢ ᠪᠠᠶᠠᠯᠢᠭ ᠢ ᠡᠳ᠋ᠯᠡᠭᠦᠯᠦᠭᠰᠡᠨ ᠪᠠᠶᠢᠨ᠎ᠠ ᠃ | | | | ︽ ᠡᠨᠡ ᠬᠤᠶᠠᠷ ᠵᠢᠯ ᠤᠨ ᠰᠢᠭᠤᠳ ᠨᠡᠪᠲᠡᠷᠡᠭᠦᠯᠭᠡ ᠶᠢᠨ ᠰᠤᠷᠤᠯᠴᠠᠯᠭ᠎ᠠ ᠪᠠᠷ ᠳᠡᠮᠵᠢᠨ ᠂ ᠪᠢ ᠰᠢᠨᠵᠢᠯᠡᠬᠦ ᠤᠬᠠᠭᠠᠨ ᠮᠡᠷᠭᠡᠵᠢᠯ ᠤᠨ ᠪᠢᠳᠡᠨ ᠳᠤ ᠠᠪᠴᠢᠷᠠᠭᠰᠠᠨ | ᠲᠥᠬᠦᠮ ᠨᠥᠬᠦᠴᠡᠯ ᠢ ᠭᠦᠨᠵᠡᠭᠡᠢ ᠣᠶᠢᠯᠠᠭᠠᠵᠤ ᠂ ᠴᠧᠩᠳᠦ᠋ ᠶᠢᠨ ᠳᠣᠯᠣᠳᠤᠭᠠᠷ ᠳᠤᠮᠳᠠᠳᠤ ᠰᠤᠷᠭᠠᠭᠤᠯᠢ ᠶᠢᠨ ᠰᠢᠯᠢᠳᠡᠭ ᠵᠢᠭᠠᠨ ᠰᠤᠷᠭᠠᠯᠲᠠ ᠶᠢᠨ ᠡᠬᠢ ᠪᠠᠶᠠᠯᠢᠭ ᠢ | ᠡᠳ᠋ᠯᠡᠵᠦ ᠂ ᠪᠢᠳᠡᠨ ᠤ ᠰᠤᠷᠤᠯᠴᠠᠯᠭ᠎ᠠ ᠠᠮᠢᠳᠤᠷᠠᠯ ᠳᠤ ᠮᠠᠰᠢ ᠣᠯᠠᠨ ᠠᠰᠢᠭᠲᠠᠢ ᠬᠠᠪᠰᠤᠷᠤᠯᠭ᠎ᠠ ᠦᠵᠡᠭᠦᠯᠦᠭᠰᠡᠨ ᠶᠤᠮ ︾ ᠭᠡᠵᠦ ᠵᠡᠭᠦᠨᠭᠠᠷ ᠬᠤᠰᠢᠭᠤᠨ ᠤ | ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢ ᠴᠧᠨ ᠯᠸ ᠢ ᠶᠠᠷᠢᠨ᠎ᠠ᠃ | ᠣᠶᠢᠯᠠᠭᠠᠭᠰᠠᠨ ᠢᠶᠠᠷ ᠂ ᠣᠶᠤᠨᠴᠢᠯᠠᠭᠰᠠᠨ ᠰᠠᠮᠪᠠᠷ᠎ᠠ ᠨᠢ ᠨᠢᠭᠡ ᠵᠦᠢᠯ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠡᠯᠧᠮᠧᠨ᠋ᠲ ᠢ ᠬᠤᠷᠠᠮᠳᠤᠭᠤᠯᠬᠤ ᠣᠳᠣ | ᠦᠶ᠎ᠡ ᠶᠢᠨ ᠰᠤᠷᠭᠠᠨ ᠬᠥᠮᠦᠵᠢᠯ ᠤᠨ ᠲᠣᠨᠣᠭᠯᠠᠯ ᠪᠣᠯᠤᠭᠰᠠᠨ ᠤ ᠬᠤᠪᠢ ᠳᠤ ᠂ ᠤᠯᠠᠮᠵᠢᠯᠠᠯᠲᠤ ᠪᠢᠴᠢᠯᠭᠡ ᠶᠢᠨ ᠴᠢᠳᠠᠮᠵᠢ ᠶᠢ ᠪᠦᠷᠢᠳᠦᠭᠦᠯᠦᠭᠰᠡᠨ ᠢᠶᠠᠷ ᠪᠠᠷᠠᠬᠤ | ᠦᠭᠡᠢ ᠪᠠᠰᠠ ᠣᠯᠠᠨ ᠵᠠᠭᠤᠴᠢᠯᠠᠭᠤᠷ ᠂ ᠢᠨᠲ᠋ᠧᠷ ᠰᠦᠯᠵᠢᠶ᠎ᠡ ᠂ ᠬᠢᠮᠡᠯ ᠤᠶᠤᠯᠢᠭ ᠵᠡᠷᠭᠡ ᠲᠡᠷᠢᠭᠦᠨ ᠤ ᠮᠡᠷᠭᠡᠵᠢᠯ ᠢ ᠠᠭᠤᠰᠬᠠᠨ ᠣᠷᠣᠭᠤᠯᠵᠤ ᠂ ᠪᠠᠭᠰᠢ ᠨᠠᠷ ᠰᠠᠮᠪᠠᠷ᠎ᠠ | ᠳᠡᠭᠡᠷᠡᠬᠢ ᠵᠥᠭᠡᠯᠡᠨ ᠬᠡᠷᠡᠭᠰᠡᠯ ᠢᠶᠠᠷ ᠳᠠᠮᠵᠢᠭᠤᠯᠤᠨ ᠂ ᠬᠢᠴᠢᠶᠡᠯ ᠢ ᠬᠢᠯᠪᠠᠷᠬᠠᠨ ᠢᠶᠠᠷ ᠵᠣᠬᠢᠶᠠᠵᠤ ᠂ ᠵᠢᠭᠠᠨ ᠰᠤᠷᠭᠠᠯᠲᠠ ᠶᠢᠨ ᠸᠢᠳᠢᠤ᠋ ᠶᠢ ᠳᠡᠯᠭᠡᠨ ᠦᠵᠡᠭᠦᠯᠵᠦ ᠂ ᠴᠠᠭ | ᠲᠤᠬᠠᠢ ᠳᠤᠨᠢ ᠬᠠᠷᠢᠯᠴᠠᠨ ᠦᠢᠯᠡᠳᠦᠯᠴᠡᠵᠦ ᠂ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠵᠡᠷᠭᠡ ᠳᠤ ᠵᠢᠭᠠᠨ ᠰᠤᠷᠭᠠᠯᠲᠠ ᠶᠢᠨ ᠬᠡᠯᠪᠡᠷᠢ | ᠶᠢ ᠨᠡᠩ ᠣᠯᠠᠨ ᠶᠠᠩᠵᠤ ᠶᠢᠨ ᠂ ᠠᠮᠢᠳᠤᠯᠢᠭ ᠪᠣᠯᠭᠠᠵᠤ ᠪᠣᠯᠣᠨ᠎ᠠ ᠃ | ︽ ᠲᠡᠷᠡ ᠨᠢ ᠪᠢᠳᠡᠨ ᠤ ᠵᠢᠭᠠᠨ ᠰᠤᠷᠭᠠᠯᠲᠠ ᠶᠢᠨ ᠶᠠᠪᠤᠴᠠ ᠳᠤ ᠸᠢᠳᠢᠤ᠋ ᠂ ᠲᠠᠭᠤᠨ ᠳᠠᠪᠲᠠᠮᠵᠢ ᠵᠡᠷᠭᠡ ᠶᠢ ᠬᠠᠪᠰᠤᠷᠭᠠᠬᠤ ᠳᠤ ᠬᠠᠪᠰᠤᠷᠤᠮᠵᠢ ᠪᠣᠯᠵᠤ ᠂ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠪᠠᠶᠠᠯᠢᠭᠵᠢᠭᠤᠯᠤᠨ ᠂ ᠰᠤᠷᠤᠭᠴᠢᠳ ᠤᠨ ᠰᠣᠨᠢᠷᠬᠠᠯ ᠢ ᠨᠠᠩ ᠢᠯᠡᠭᠦᠦ ᠲᠠᠲᠠᠵᠤ ᠴᠢᠳᠠᠬᠤ ᠪᠠᠷ ᠪᠠᠷᠠᠬᠤ ᠦᠭᠡᠢ ᠂ | ᠪᠠᠰᠠ ᠬᠢᠴᠢᠶᠡᠯ ᠤᠨ ᠲᠠᠩᠬᠢᠮ ᠤᠨ ᠬᠡᠷᠡᠭᠯᠡᠯᠲᠡ ᠶᠢᠨ ᠶᠠᠪᠤᠴᠠ ᠳᠤ ᠴᠠᠭ ᠲᠤᠬᠠᠢ ᠳᠤᠨᠢ ᠰᠣᠷᠣᠭᠴᠢ ᠶᠢᠨ ᠳᠠᠰᠬᠠᠯ ᠢ ᠰᠡᠭᠦᠳᠡᠷᠯᠡᠨ ᠳᠠᠮᠵᠢᠭᠤᠯᠵᠤ ᠪᠣᠯᠣᠨ᠎ᠠ ᠃ | ᠡᠭᠦᠨ ᠤ ᠵᠡᠷᠭᠡ ᠳᠤ ᠭᠠᠷ ᠤᠲᠠᠰᠤ ᠪᠠᠷ ᠰᠢᠭᠤᠳ ᠳᠡᠯᠭᠡᠴᠡᠨ ᠳᠤ ᠣᠷᠣᠵᠤ ᠂ ᠰᠤᠷᠤᠭᠴᠢᠳ ᠤᠨ ᠬᠢᠴᠢᠶᠡᠯ ᠤᠨ ᠲᠠᠩᠬᠢᠮ ᠤᠨ ᠠᠵᠢᠯᠯᠠᠭ᠎ᠠ ᠶᠢ ᠶᠡᠬᠡᠰᠬᠡᠵᠦ ᠂ | ᠰᠤᠷᠤᠭᠴᠢᠳ ᠤᠨ ᠬᠥᠳᠡᠯᠦᠯ ᠪᠠᠶᠢᠳᠠᠯ ᠂ ᠴᠢᠷᠠᠢ ᠶᠢᠨ ᠢᠯᠡᠷᠡᠯ ᠵᠡᠷᠭᠡ ᠶᠢ ᠲᠣᠳᠣᠷᠬᠠᠢ ᠣᠯᠵᠤ ᠬᠠᠷᠠᠬᠤ ᠨᠢ ᠪᠠᠰᠠ ᠨᠢᠭᠡᠨ ᠳᠠᠪᠠᠭᠤᠯᠢᠭ ᠲᠠᠯ᠎ᠠ ᠲᠠᠢ ᠶᠤᠮ ︾ ᠭᠡᠵᠦ | ᠵᠡᠭᠦᠨᠭᠠᠷ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ ᠪᠠᠭᠰᠢ ᠯᠢᠦ ᠼᠠᠢ ᠹᠧᠨ ᠶᠠᠷᠢᠨ᠎ᠠ ᠃ | ᠲᠣᠭᠠᠴᠢᠯᠠᠯᠳᠠ ᠂ ᠮᠡᠳᠡᠭᠡ ᠵᠠᠩᠭᠢᠵᠢᠯᠲᠠ ᠶᠢᠨ ᠴᠠᠭ ᠦᠶ᠎ᠡ ᠶᠢᠨ ᠠᠬᠤᠢ ᠪᠠᠶᠢᠳᠠᠯ ᠳᠣᠣᠷ᠎ᠠ ᠂ ᠣᠶᠤᠨᠴᠢ ᠰᠤᠷᠭᠠᠭᠤᠯᠢ ᠶᠢᠨ ᠬᠦᠷᠢᠶᠡᠨ ᠤ ᠪᠦᠲᠦᠭᠡᠨ | ᠪᠠᠶᠢᠭᠤᠯᠤᠯᠲᠠ ᠨᠢ ᠨᠢᠭᠡᠨᠲᠡ ᠰᠤᠷᠭᠠᠨ ᠬᠥᠮᠦᠵᠢᠯ ᠤᠨ ᠬᠦᠷᠢᠶᠡᠨ ᠳᠠᠬᠢ ᠴᠢᠬᠤᠯᠠ ᠵᠥᠪᠯᠡᠬᠦ ᠵᠤᠶᠢᠯ ᠪᠣᠯᠤᠭᠰᠠᠨ ᠪᠠᠶᠢᠨ᠎ᠠ ᠃ ᠤᠳᠤᠬᠠᠨ ᠳᠤ ᠂ ᠵᠡᠭᠦᠨᠭᠠᠷ | ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠂ ᠣᠶᠤᠨᠴᠢᠯᠠᠯᠳᠠ᠂ ᠲᠣᠭᠠᠴᠢᠯᠠᠯᠳᠠ ᠭᠠᠵᠠᠷ ᠪᠣᠯᠭᠠᠨ ᠳᠤ ᠭᠡᠷᠡᠭᠯᠡᠭᠳᠡᠨ ᠂ ᠰᠤᠷᠭᠠᠭᠤᠯᠢ ᠶᠢᠨ ᠡᠭᠦᠳᠡᠨ ᠳᠤ | ᠡᠯᠧᠺᠲᠷᠣᠨ ᠬᠤᠷᠢᠭᠠᠶᠢᠨ ᠲᠥᠬᠦᠭᠡᠷᠦᠮᠵᠢ ᠲᠣᠬᠢᠷᠠᠭᠤᠯᠵᠤ ᠂ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠳᠤ ᠲᠦᠭᠦᠮ ᠦᠵᠡᠭᠦᠯᠤᠨ ᠂ ᠬᠤᠭᠤᠯᠠᠨ ᠭᠡᠷ ᠲᠤ | ᠣᠶᠤᠨᠴᠢ ᠨᠢᠭᠤᠷ ᠦᠵᠡᠬᠦᠯᠬᠦ ᠲᠥᠬᠦᠭᠡᠷᠦᠮᠵᠢ ᠲᠣᠬᠢᠷᠠᠭᠤᠯᠵᠤ ᠂ ᠰᠤᠷᠤᠭᠴᠢᠳ ᠤᠨ ᠬᠤᠭᠤᠯᠠ ᠢᠳᠡᠬᠦ ᠤᠶᠢᠯᠡᠴᠢᠯᠡᠭᠡᠨ ᠤ ᠦᠷ᠎ᠡ ᠠᠰᠢᠭ ᠢ ᠳᠡᠭᠡᠭᠰᠢᠯᠡᠭᠦᠯᠵᠡᠢ ᠃ | ︽ ᠢᠷᠡᠭᠡᠳᠦᠢ ᠳᠤ ᠂ ᠪᠢᠳᠡ ᠣᠶᠤᠨᠴᠢ ᠰᠤᠷᠭᠠᠭᠤᠯᠢ ᠶᠢᠨ ᠬᠦᠷᠢᠶ᠎ᠡ ᠂ ᠣᠶᠤᠨᠴᠢ ᠲᠠᠮᠢᠷ ᠤᠨ ᠲᠠᠯᠠᠪᠠᠶ ᠂ ᠣᠶᠤᠨᠴᠢ ᠪᠠᠶᠢᠷᠢ ᠂ ᠣᠶᠤᠨᠴᠢ ᠬᠤᠭᠤᠯᠠᠨ ᠭᠡᠷ | ᠪᠠᠶᠢᠭᠤᠯᠵᠤ ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠥᠭᠵᠢᠯᠲᠡ ᠳᠤ ᠬᠦᠴᠦᠨ ᠨᠡᠮᠡᠷᠢᠯᠡᠵᠦ ᠂ | ᠰᠤᠷᠭᠠᠭᠤᠯᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ ︾ ᠭᠡᠵᠦ ᠵᠡᠭᠦᠨᠭᠠᠷ | ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ ᠭᠤᠤ ᠰᠢᠸ ᠺᠦᠨ ᠶᠠᠷᠢᠨ᠎ᠠ᠃ | | | | |