| ᠣᠶᠢᠷ᠎ᠠ ᠳᠤ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤᠯᠤᠰ ᠤᠨ ᠲᠡᠮᠦᠷ ᠵᠠᠮ ᠤᠨ ᠲᠣᠪᠴᠢᠶ᠎ᠠ ᠂ ᠳᠤᠮᠳᠠᠳᠤ ᠤᠯᠤᠰ ᠤᠨ ᠠᠷᠠᠳ ᠤᠨ ᠬᠡᠷᠡᠭᠯᠡᠭᠡᠨ ᠤ | ᠠᠭᠠᠷ ᠠᠶᠠᠯᠠᠯ ᠤᠨ ᠲᠣᠪᠴᠢᠶ᠎ᠠ ᠂ ᠤᠯᠤᠰ ᠤᠨ ᠰᠢᠤᠳᠠᠨ ᠤ ᠲᠣᠪᠴᠢᠶ᠎ᠠ ᠂ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ | ᠺᠣᠮᠫᠠᠨᠢ ᠯᠤᠭ᠎ᠠ ᠬᠠᠮᠲᠤᠷᠠᠨ ︽ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠂ ᠥᠪᠥᠷ ᠮᠣᠩᠭᠤᠯ ᠤᠨ ︿ | ᠲᠠᠪᠤᠨ ᠶᠡᠭᠡ ᠡᠭᠦᠷᠭᠡ ﹀ ᠶᠢ ᠨᠠᠶᠢᠳᠠᠪᠤᠷᠢᠵᠢᠭᠤᠯᠬᠤ ᠳᠤ ᠦᠢᠯᠡᠴᠢᠯᠡᠬᠦ ᠲᠤᠬᠠᠢ ᠬᠡᠷᠡᠭᠵᠢᠭᠦᠯᠬᠦ ᠰᠠᠨᠠᠯ ︾ ︵ ᠳᠣᠷᠣᠭᠰᠢ ︽ ᠬᠡᠷᠡᠭᠵᠢᠭᠦᠯᠬᠦ ᠰᠠᠨᠠᠯ ︾ ᠭᠡᠵᠦ | ᠲᠣᠪᠴᠢᠯᠠᠪᠠ ︶ ᠢ ᠨᠡᠶᠢᠲᠡᠯᠡᠪᠡ ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ ᠲᠠᠪᠤᠨ ᠶᠡᠭᠡ ᠡᠭᠦᠷᠭᠡ ︾ ᠶᠢ ᠰᠠᠶᠢᠲᠤᠷ | ᠪᠡᠶᠡᠯᠡᠭᠦᠯᠬᠦ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠵᠦ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠴᠢᠩᠭ᠎ᠠ ᠬᠦᠴᠦᠲᠡᠢ ᠵᠠᠮ ᠬᠠᠷᠢᠯᠴᠠᠭ᠎ᠠ | ᠲᠡᠭᠡᠭᠡᠪᠦᠷᠢ ᠶᠢᠨ ᠪᠠᠲᠤᠯᠠᠭ᠎ᠠ ᠬᠠᠩᠭᠠᠪᠠ ᠃ | ︽ ᠬᠡᠷᠡᠭᠵᠢᠭᠦᠯᠬᠦ ᠰᠠᠨᠠᠯ ︾ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ︽ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ | ᠶᠠᠪᠤᠳᠠᠯ ᠤᠨ ᠬᠤᠷᠢᠶᠠᠨ ᠤ ᠰᠠᠨᠠᠯ ︾ ᠪᠠ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠣᠳᠠᠲᠠᠢ | ᠡᠭᠦᠷᠭᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠠᠢ ᠃ ᠣᠳᠣᠬᠢᠴᠢᠯᠠᠭᠰᠠᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠣᠭᠲᠠᠯᠴᠠᠭ᠎ᠠ ᠶᠢ ᠲᠦᠷᠭᠡᠨ | ᠪᠠᠶᠢᠭᠤᠯᠬᠤ ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ ᠳᠤ ᠦᠢᠯᠡᠴᠢᠯᠡᠬᠦ ᠂ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠨᠡᠮᠡᠷᠢᠯᠡᠬᠦ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠠᠶᠢᠭᠤᠯᠬᠤ ᠳᠤ ᠭᠦᠨᠵᠡᠭᠡᠢ ᠠᠭᠤᠰᠤᠯᠴᠠᠬᠤ ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠣᠶᠤᠨᠲᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠨ ᠠᠬᠢᠭᠤᠯᠬᠤ ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ | ᠴᠢᠩᠭᠠᠳᠬᠠᠬᠤ ᠵᠡᠷᠭᠡ 6 ᠲᠠᠯ᠎ᠠ ᠠᠴᠠ 24 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠳᠤᠷᠠᠳᠴᠠᠢ ᠃ ᠡᠭᠦᠨ ᠤ ᠬᠠᠮᠲᠤ ᠮᠠᠨ ᠤ ᠣᠷᠣᠨ ᠤ ᠤᠯᠤᠰ ᠤᠨ ᠳᠡᠭᠡᠳᠦ | ᠬᠤᠷᠳᠤ ᠶᠢᠨ ᠵᠠᠰᠠᠮᠠᠯ ᠵᠠᠮ ᠂ ᠤᠯᠤᠰ ᠤᠨ ᠡᠩ ᠤᠨ ᠵᠠᠰᠠᠮᠠᠯ ᠵᠠᠮ ᠂ ᠬᠢᠯᠢ ᠳᠠᠭᠠᠤ ᠶᠢᠨ ᠵᠠᠰᠠᠮᠠᠯ ᠵᠠᠮ ᠂ ᠲᠡᠮᠦᠷ ᠵᠠᠮ ᠪᠠ ᠨᠢᠰᠬᠡᠯ ᠤᠨ ᠪᠠᠭᠤᠳᠠᠯ ᠵᠡᠷᠭᠡ ᠴᠢᠬᠤᠯᠠ | ᠶᠡᠭᠡ ᠲᠥᠰᠥᠯ ᠤᠳ ᠢ ᠳᠡᠮᠵᠢᠬᠦ ᠪᠠᠨ ᠡᠷᠴᠢᠮᠵᠢᠭᠦᠯᠪᠡ ᠃ | ︽ ᠬᠡᠷᠡᠭᠵᠢᠭᠦᠯᠬᠦ ᠰᠠᠨᠠᠯ ︾ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠲᠥᠷᠥ ᠶᠢᠨ ᠪᠣᠳᠣᠯᠭ᠎ᠠ ᠨᠡᠶᠢᠲᠡᠯᠡᠭᠰᠡᠨ ᠠᠴᠠ ᠬᠡᠷᠡᠭᠵᠢᠭᠦᠯᠦᠭᠳᠡᠬᠦ ᠬᠦᠷᠲᠡᠯᠡᠬᠢ ᠬᠤᠭᠤᠴᠠᠭ᠎ᠠ ᠶᠢ ᠠᠳᠬᠤᠨ ᠂ ︽ ᠲᠠᠪᠤᠨ ᠶᠡᠭᠡ ᠡᠭᠦᠷᠭᠡ ︾ ᠳᠤ | ᠠᠩᠬᠠᠷᠤᠯ ᠢᠶᠠᠨ ᠲᠥᠪᠯᠡᠷᠡᠭᠦᠯᠵᠦ ᠂ ︽ ᠵᠢᠷᠭᠤᠭᠠᠨ ᠢᠨᠵᠧᠨᠧᠷᠢᠩ ︾ ᠢ ᠯᠠᠪᠳᠠᠭᠤᠨ ᠪᠠᠲᠤᠲᠠᠢ ᠠᠬᠢᠭᠤᠯᠵᠤ ᠂ ᠤᠯᠤᠰ ᠤᠨ ᠶᠠᠮᠤᠨ ᠵᠥᠪᠯᠡᠯ ᠳᠤ ᠬᠠᠷᠢᠭᠤ ᠮᠡᠳᠡᠭᠦᠯᠵᠦ | ᠵᠣᠯᠭᠠᠭᠤᠯᠬᠤ ᠪᠠᠨ ᠦᠷᠭᠦᠯᠵᠢᠯᠡᠨ ᠡᠷᠴᠢᠮᠵᠢᠭᠦᠯᠵᠦ ᠂ ᠲᠥᠷᠥ ᠶᠢᠨ ᠪᠣᠳᠣᠯᠭ᠎ᠠ ᠶᠢᠨ ᠠᠰᠢᠭ ᠢ ᠦᠨᠡᠬᠡᠷ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ | ᠬᠤᠪᠢᠷᠠᠭᠤᠯᠵᠤ ᠪᠣᠢ ᠃ ᠲᠥᠰᠥᠯ ᠤᠨ ᠡᠮᠦᠨᠡᠬᠢ ᠬᠤᠭᠤᠴᠠᠭᠠᠨ ᠤ ᠠᠵᠢᠯ ᠢ ᠨᠠᠷᠢᠯᠢᠭ ᠂ ᠪᠣᠳᠠᠲᠠᠢ ᠂ ᠭᠦᠨᠵᠡᠭᠡᠢ ᠬᠢᠵᠦ ᠂ ᠲᠥᠰᠥᠯ ᠤᠨ ᠪᠦᠲᠦᠭᠡᠨ ᠪᠠᠶᠢᠭᠤᠯᠤᠯᠲᠠ ᠶᠢ | ᠡᠬᠢᠯᠡᠭᠦᠯᠵᠦ ᠳᠡᠶᠢᠯᠬᠦ ᠶᠢ ᠨᠢ ᠪᠦᠬᠦᠨ ᠢ ᠡᠬᠢᠯᠡᠭᠦᠯᠵᠦ ᠂ ᠡᠷᠲᠡᠯᠡᠵᠦ ᠳᠡᠶᠢᠯᠬᠦ ᠶᠢ ᠨᠢ ᠪᠥᠬᠦᠨ ᠢ ᠡᠷᠲᠡᠯᠡᠭᠦᠯᠵᠦ ᠂ ᠮᠠᠨ ᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠲᠡᠢ ᠲᠤᠰᠠᠯᠠᠮᠵᠢ | ᠬᠠᠩᠭᠠᠵᠤ ᠪᠠᠶᠢᠨ᠎ᠠ ᠃ | |