ᠮᠠᠨ ᠤ ᠤᠷᠤᠨ ᠤ ᠠᠩᠬᠠᠳᠠᠬᠴᠢ ᠠᠷᠠᠳ ᠠᠴᠠ ᠡᠵᠡᠩᠨᠡᠭᠰᠡᠨ ᠮᠦᠽᠸᠢ ᠶᠢᠨ ᠰᠦᠷᠦᠭᠵᠢᠯ ᠳ᠋ᠥᠡᠭᠱᠸᠡᠭ ᠲᠤᠭᠤᠷᠢᠭ ᠲᠤ ᠪᠠᠶᠢᠭᠤᠯᠤᠬᠳᠠᠪᠠ
ᠨᠡᠶᠢᠲᠡᠯᠡᠭᠰᠡᠨ ᠴᠠᠭ᠄
2024/5/10
    ᠦᠢᠷᠠᠳᠬᠠᠨ ᠴᠤᠬᠯᠠᠭᠤᠯᠬᠤ ᠂ ᠬᠠᠳᠠᠭᠠᠯᠠᠬᠤ ᠂ ᠰᠤᠳᠤᠯᠬᠤ ᠂ ᠲᠡᠯᠬᠡᠨ ᠦᠵᠡᠬᠦᠯᠬᠦ ᠪᠠ ᠤᠯᠠᠮᠵᠢᠯᠠᠬᠤ ᠶᠢ ᠨᠢᠬᠡ ᠴᠤᠭᠴᠠᠵᠢᠭᠤᠯᠤᠬᠰᠠᠨ ᠮᠠᠨ ᠤ ᠤᠷᠤᠨ ᠤ ᠠᠩᠬᠠᠳᠠᠬᠴᠢ ᠠᠷᠠᠳ ᠠᠴᠠ ᠡᠵᠡᠩᠨᠡᠭᠰᠡᠨ ᠮᠦᠽᠸᠢ ᠶᠢᠨ ᠰᠦᠷᠦᠭᠵᠢᠯ ᠳ᠋ᠥᠡᠭᠱᠸᠡᠭ ᠲᠤᠭᠤᠷᠢᠭ ᠲᠤ ᠪᠠᠶᠢᠭᠤᠯᠤᠬᠳᠠᠪᠠ ᠃ ᠡᠨᠡ ᠬᠦ ᠮᠦᠽᠸᠢ ᠶᠢ ᠭᠤᠸᠠᠩᠳᠦ᠋ᠡᠭ ᠰᠢᠶᠠᠩᠭᠠᠡᠭ ᠤᠤᠮᠧᠨ ᠤ ᠲᠤᠮᠤ ᠪᠤᠯᠤᠩ ᠤᠨ ᠤᠷᠤᠨ ᠤ ᠵᠠᠯᠠᠭᠤ ᠠᠵᠤ ᠠᠬᠤᠶᠢᠯᠠᠯᠳᠠᠨ ᠬᠤᠤ ᠶᠢᠩ ᠵᠢᠶᠧ ᠠᠪᠤᠭᠠᠢ ᠪᠡᠯᠡ ᠤᠷᠤᠭᠤᠯᠤᠨ ᠪᠠᠶᠢᠭᠤᠯᠵᠡᠢ ᠃ ᠲᠡᠯᠬᠡᠨ ᠦᠵᠡᠬᠦᠯᠬᠡ ᠶᠢᠨ ᠲᠠᠯᠠᠪᠡᠢ ᠨᠢ 12000 ᠲᠡᠭᠰᠢ ᠲᠦᠷᠪᠡᠯᠵᠢᠨ ᠮᠧᠳ᠋ᠷ ᠲᠤ ᠬᠦᠷᠴᠤ ᠂ 3 ᠲᠦᠮᠠ ᠭᠠᠷᠤᠢ ᠲᠡᠯᠬᠡᠨ ᠦᠵᠡᠬᠦᠯᠬᠡ ᠶᠢᠨ ᠪᠤᠳᠠᠰ ᠬᠠᠳᠠᠭᠠᠯᠠᠵᠡᠢ ᠃ ᠲᠡᠷᠡ ᠨᠢ ᠮᠠᠨ ᠤ ᠤᠷᠤᠨ ᠤ ᠠᠩᠬᠠᠳᠠᠬᠴᠢ ᠲᠠᠯ᠎ᠠ ᠨᠤᠳᠤᠭ ᠤᠨ ᠬᠦᠡᠭᠬᠡᠨ ᠠᠵᠤ ᠦᠢᠯᠡᠳᠪᠤᠷᠢ ᠶᠢᠨ ᠮᠦᠽᠸᠢ ᠂ ᠬᠤᠪᠢᠰᠬᠠᠯᠳᠤ ᠰᠤᠶᠤᠯ ᠤᠨ ᠮᠦᠽᠸᠢ ᠂ ᠤᠷᠠᠨ ᠪᠢᠴᠢᠯᠬᠡ ᠤᠷᠠᠨ ᠵᠢᠷᠤᠭ ᠤᠨ ᠤᠷᠠᠯᠢᠭ ᠤᠨ ᠮᠦᠽᠸᠢ ᠂ ᠦᠵᠡᠮᠦᠷᠢ ᠶᠢᠨ ᠴᠢᠯᠠᠭᠤ ᠶᠢᠨ ᠮᠦᠽᠸᠢ ᠂ ᠬᠡᠷ ᠤᠨ ᠡᠳ᠋ᠯᠡᠯ ᠤᠨ ᠮᠦᠽᠸᠢ ᠂ ᠬᠠᠨᠭ᠍ᠭᠠᠨ ᠪᠤᠷᠤᠯᠠᠭᠤᠯᠬᠤ ᠬᠤᠷᠰᠢᠶ᠎ᠠ ᠶᠢᠨ ᠮᠦᠽᠸᠢ ᠂ ᠲᠧᠯᠸᠢᠰ ᠤᠨ ᠲᠤᠰᠬᠠᠢ ᠰᠡᠳᠦᠪᠳᠤ ᠮᠦᠽᠸᠢ ᠂ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠦᠢᠯᠡᠳᠦᠯᠬᠡ ᠶᠢᠨ ᠮᠦᠽᠸᠢ ᠂ ᠷᠠᠳᠢᠣ᠋ ᠪᠠ ᠲᠠᠭᠤᠤ ᠰᠢᠩᠬᠡᠬᠡᠬᠦ ᠮᠠᠰᠢᠨ ᠤ ᠭᠤᠤᠯ ᠰᠡᠳᠦᠪᠳᠤ ᠮᠦᠽᠸᠢ ᠵᠡᠷᠬᠡ 9 ᠮᠦᠽᠸᠢ ᠶᠢ ᠪᠠᠭᠳᠠᠭᠠᠬᠰᠠᠨ ᠶᠡᠷᠦᠩᠬᠡᠶᠢᠯᠡᠭᠰᠡᠨ ᠴᠢᠨᠠᠷᠳᠡᠢ ᠮᠦᠽᠸᠢ ᠪᠤᠯᠤᠨ᠎ᠠ ᠃ ᠬᠤᠤ ᠶᠢᠩ ᠵᠢᠶᠧ : ︽ ᠪᠢ ᠪᠤᠯ 18 ᠵᠢᠯ ᠤᠨ ᠲᠤᠷᠰᠢ ᠬᠤᠷᠢᠶᠠᠨ ᠬᠠᠳᠠᠭᠠᠯᠠᠬᠤ ᠶᠢ ᠪᠠᠷᠢᠮᠳᠠᠯᠠᠵᠦ ᠢᠷᠡᠭᠰᠡᠨ ᠲᠤᠷ᠎ᠠ ᠪᠠᠭ᠋ᠠᠳᠠᠨ ᠶᠤᠮ ᠂ ᠠᠩᠬᠠᠨ ᠳᠠᠭᠠᠨ ᠤᠷᠠᠨ ᠪᠢᠴᠢᠯᠬᠡ ᠂ ᠬᠠᠳᠠ ᠴᠢᠯᠠᠭᠤ ᠂ ᠬᠤᠪᠢᠰᠬᠠᠯᠳᠤ ᠰᠤᠶᠤᠯ ᠤᠨ ᠵᠦᠢᠯᠡᠰ ᠢ ᠬᠤᠷᠢᠶᠠᠨ ᠴᠤᠬᠯᠠᠭᠤᠯᠵᠤ ᠪᠠᠶᠢᠭᠠᠳ ᠬᠠᠳᠠᠭᠠᠯᠠᠬᠰᠠᠨ ᠵᠦᠢᠯᠡᠰ ᠤᠯᠠᠰᠢᠷᠠᠬᠤ ᠲᠤᠳᠤᠮ ᠲᠦᠷᠦᠯ ᠵᠦᠢᠯ ᠠᠩᠬᠢᠯᠠᠨ ᠬᠤᠪᠢᠶᠠᠵᠦ ᠂ ᠤᠳᠤ ᠨᠢᠭᠡᠨᠳᠡ 9 ᠮᠦᠽᠸᠢ 4 ᠦᠵᠡᠬᠦᠯᠬᠡ ᠶᠢᠨ ᠲᠤᠭᠤᠷᠢᠭ ᠢ ᠴᠤᠬᠴᠠᠯᠠᠠ ᠪᠠᠶᠢᠭᠤᠯᠵᠠᠢ ᠃ ᠡ᠊ᠨᠳᠠ ᠦᠢᠷ᠎ᠠ ᠤᠳᠤ ᠦᠶ᠎ᠠ ᠶᠢᠨ ᠂ ᠪᠠᠷᠤᠭ ᠴᠢᠩ ᠤᠯᠤᠰ ᠤᠨ ᠰᠡᠬᠦᠯᠴᠢ ᠂ ᠢᠷᠬᠡᠨ ᠤᠯᠤᠰ ᠠᠴᠠ ᠨᠠᠭᠠᠰᠢᠬᠢ ᠵᠠᠭᠤᠨ ᠵᠢᠯ ᠠᠯᠭᠠᠰᠠᠬᠰᠡᠨ ᠰᠤᠶᠤᠯ ᠢ ᠲᠡᠯᠭᠡᠨ ᠦᠵᠡᠬᠦᠯᠵᠦ ᠪᠠᠶᠢᠨ᠎ᠠ ᠃ ᠲᠤᠰ ᠮᠦᠽᠸᠢ ᠶᠢ ᠪᠠᠶᠢᠭᠤᠯᠤᠬᠰᠠᠨ ᠨᠢ ᠦᠡᠭᠬᠡᠷᠡᠭᠰᠡᠨ ᠢ ᠡᠷᠬᠢᠴᠡᠬᠦᠯᠤᠨ ᠬᠤᠶᠢᠰᠢᠳᠠ ᠳᠠᠭᠠᠨ ᠤᠯᠠᠮᠵᠢᠯᠠᠬᠤ ᠶᠢᠨ ᠲᠦᠯᠦᠭᠡ ᠶᠤᠮ ︾ ᠬᠡᠵᠦ ᠪᠠᠶᠢᠯ᠎ᠠ ᠃ ᠲᠤᠰ ᠮᠦᠽᠸᠢ ᠪᠦᠷᠢᠮᠦᠰᠦᠨ ᠠᠰᠢᠬᠯᠠᠯᠳᠠ ᠳᠤ ᠤᠷᠤᠪᠠᠯ ᠤᠷᠳᠤᠰ ᠴᠢᠨᠠᠬᠰᠢᠯᠠᠨ ᠬᠠᠳᠤᠨ ᠭᠤᠤᠯ ᠠᠴᠠ ᠤᠮᠠᠷᠠᠰᠢᠬᠢ ᠭᠠᠵᠠᠷ ᠤᠷᠤᠨ ᠤ ᠬᠡᠪᠴᠢᠶ᠎ᠠ ᠪᠠᠷ ᠬᠠᠮᠤᠭ ᠤᠨ ᠶᠡᠭᠡ ᠂ ᠬᠠᠳᠠᠭᠠᠯᠠᠮᠵᠢ ᠪᠠᠷ ᠬᠠᠮᠤᠭ ᠤᠨ ᠪᠠᠶᠠᠯᠢᠭ ᠂ ᠬᠠᠮᠤᠭ ᠤᠨ ᠪᠦᠷᠢᠨ ᠪᠦᠳᠦᠨ ᠠᠷᠠᠳ ᠠᠴᠠ ᠡᠵᠡᠩᠨᠡᠭᠰᠡᠨ ᠮᠦᠽᠸᠢ ᠶᠢᠨ ᠰᠦᠷᠦᠭᠵᠢᠯ ᠪᠤᠯᠤᠨ᠎ᠠ ᠃   
ᠢᠷᠡᠯᠲᠡ᠄ ᠤᠷᠳᠤᠰ ᠤᠨ ᠡᠳᠤᠷ ᠤᠨ ᠰᠤᠨᠢᠨ