| ᠮᠠᠨ ᠤ ᠣᠷᠣᠨ ᠪᠦᠭᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠵᠠᠯᠭᠠᠮᠵᠢᠯᠠᠭᠴᠢ ᠶᠢ ᠬᠥᠭᠵᠢᠭᠦᠯᠬᠦ ᠪᠠᠷ ᠬᠠᠷᠠᠯᠲᠠ ᠪᠤᠯᠭᠠᠵᠤ ᠂ ᠵᠠᠯᠠᠭᠤᠴᠤᠳ | ᠪᠠᠭᠠᠴᠤᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠠ ᠪᠡᠶ᠎ᠡ ᠶᠢᠨ ᠲᠠᠮᠢᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠪᠠᠷ ᠭᠤᠣᠯᠳᠠᠯᠭ᠎ᠠ ᠪᠤᠯᠭᠠᠵᠤ ᠂ ᠪᠡᠶ᠎ᠡ ᠶᠢᠨ | ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠪᠦᠳᠦᠮᠵᠢᠳᠡᠢ ᠠᠮᠵᠢᠯᠲᠠ ᠣᠯᠵᠤ ᠪᠠᠶᠢᠨ᠎ᠠ ᠃ ᠺᠯᠦ᠋ᠪ ᠪᠡᠶ᠎ᠡ ᠶᠢᠨ | ᠲᠠᠮᠢᠷ ᠤᠨ ᠰᠤᠷᠭᠠᠭᠤᠯᠢ ᠬᠢᠭᠡᠳ ᠳᠤᠮᠳᠠᠳᠤ ᠪᠠᠭ᠎ᠠ ᠰᠤᠷᠭᠠᠭᠤᠯᠢ ᠶᠢᠨ ᠬᠠᠮᠲᠤᠷᠠᠯᠴᠠᠭ᠎ᠠ ᠶᠢ ᠠᠬᠢᠭᠤᠯᠪᠠ ᠪᠡᠶ᠎ᠡ ᠶᠢᠨ ᠲᠠᠮᠢᠷ ᠤᠨ ᠲᠥᠷᠥᠯ ᠵᠦᠢᠯ ᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ ᠪᠣᠯ ᠮᠠᠨ ᠤ ᠣᠷᠣᠨ ᠤ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠵᠢᠯ ᠤᠨ ᠴᠢᠬᠤᠯᠠ ᠭᠠᠷᠳᠠᠴᠠ ᠪᠣᠯᠣᠨ᠎ᠠ ᠃ | 2024 ᠣᠨ ᠳᠤ ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠦᠷᠭᠦᠯᠵᠢᠯᠡᠨ ᠬᠠᠮᠵᠢᠯᠴᠠᠨ ᠂ ᠨᠥᠬᠦᠴᠡᠯ | ᠡᠭᠦᠳᠦᠨ ᠲᠠᠪᠴᠠᠩ ᠪᠠᠶᠢᠭᠤᠯᠵᠤ ᠂ ᠪᠡᠶ᠎ᠡ ᠶᠢᠨ ᠲᠠᠮᠢᠷ ᠤᠨ ᠺᠯᠦ᠋ᠪ ᠪᠠ ᠪᠡᠶ᠎ᠡ ᠶᠢᠨ ᠲᠠᠮᠢᠷ ᠤᠨ ᠰᠤᠷᠭᠠᠭᠤᠯᠢ ᠬᠢᠭᠡᠳ ᠳᠤᠮᠳᠠᠳᠤ ᠪᠠᠭ᠎ᠠ ᠰᠤᠷᠭᠠᠭᠤᠯᠢ ᠶᠢᠨ | ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠪᠠ ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠵᠢᠱᠢᠶ᠎ᠡ ᠦᠵᠡᠭᠦᠯᠭᠦ ᠺᠯᠦ᠋ᠪ ᠨᠢᠭᠡ ᠪᠦᠷᠢ ᠶᠢ 1 ᠪᠠᠭ᠎ᠠ | ᠰᠤᠷᠭᠠᠭᠤᠯᠢ ᠂ 1 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠤᠶᠤ 1 ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠯᠤᠭ᠎ᠠ ᠵᠣᠯᠭᠠᠭᠤᠯᠬᠤ ᠪᠠᠷ ᠴᠢᠷᠮᠠᠶᠢᠵᠤ ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠨᠢᠭᠡ ᠪᠦᠷᠢ ᠶᠢ 1 ᠪᠠᠭ᠎ᠠ ᠰᠤᠷᠭᠠᠭᠤᠯᠢ ᠂ 1 ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠪᠤᠶᠤ 1 ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠯᠤᠭ᠎ᠠ ᠬᠠᠮᠲᠤᠷᠠᠯᠴᠠᠭᠤᠯᠤᠨ ᠲᠤᠰᠬᠠᠢ ᠮᠡᠷᠭᠡᠵᠢᠯ ᠤᠨ ᠪᠣᠯᠪᠠᠰᠤᠷᠠᠯ ᠂ | ᠤᠷᠤᠯᠳᠤᠭᠠᠨ ᠵᠡᠷᠭᠡ ᠶᠢ ᠥᠷᠨᠢᠭᠦᠯᠬᠦ ᠶᠢ ᠠᠬᠢᠭᠤᠯᠵᠤ ᠪᠤᠢ ᠃ ᠡᠭᠦᠨ ᠤ ᠲᠤᠯᠠᠳᠠ ᠂ ᠮᠠᠨ ᠤ ᠣᠷᠣᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠵᠢᠱᠢᠶ᠎ᠡ | ᠦᠵᠡᠭᠦᠯᠭᠦ ᠺᠯᠦ᠋ᠪ ᠤᠨ ︽ ᠰᠤᠷᠭᠠᠨ ᠬᠥᠮᠦᠵᠢᠯ ᠢ ᠳᠡᠮᠵᠢᠬᠦ ᠲᠥᠯᠥᠪᠯᠡᠭᠡ ︾ ᠪᠠ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ | ᠰᠠᠭᠤᠷᠢᠨ ᠤ ︽ ᠬᠤᠯᠪᠤᠭᠠᠯᠠᠨ ᠬᠥᠳᠡᠯᠦᠯᠴᠡᠬᠦ ᠲᠥᠯᠥᠪᠯᠡᠭᠡ ︾ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠲᠣᠭᠲᠠᠭᠠᠪᠠ ᠃ ︽ ᠰᠤᠷᠭᠠᠨ ᠬᠥᠮᠦᠵᠢᠯ ᠢ ᠳᠡᠮᠵᠢᠬᠦ | ᠲᠥᠯᠥᠪᠯᠡᠭᠡ ︾ ᠳᠤ ᠂ ᠭᠦᠭᠡᠬᠤᠲᠠ ᠂ ᠪᠤᠭᠤᠲᠤ ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠢ ᠵᠢᠯᠣᠭᠤᠳᠤᠨ ᠥᠪᠡᠷᠲᠡᠭᠡᠨ ᠵᠠᠰᠠᠬᠤ | ᠣᠷᠣᠨ ᠤ 100 ᠵᠢᠱᠢᠶ᠎ᠡ ᠦᠵᠡᠭᠦᠯᠭᠦ ᠺᠯᠦ᠋ᠪ ᠳᠤᠮᠳᠠ ᠠᠴᠠ ᠵᠣᠬᠢᠬᠤ ᠺᠯᠦ᠋ᠪ ᠢ ᠰᠢᠯᠢᠨ ᠰᠣᠩᠭᠤᠵᠤ ᠰᠤᠷᠭᠠᠭᠤᠯᠢ ᠶᠢ ᠬᠠᠪᠰᠤᠷᠤᠨ ᠣᠨᠴᠠᠯᠢᠭᠲᠤ ᠵᠢᠭᠠᠨ | ᠰᠤᠷᠭᠠᠯᠲᠠ ᠶᠢ ᠥᠷᠨᠢᠭᠦᠯᠪᠡ ᠃ ︽ ᠬᠤᠯᠪᠤᠭᠠᠯᠠᠨ ᠬᠥᠳᠡᠯᠦᠯᠴᠡᠬᠦ ᠲᠥᠯᠥᠪᠯᠡᠭᠡ ︾ ᠳᠤ ᠂ ᠨᠢᠭᠡ ᠲᠠᠯ᠎ᠠ ᠪᠠᠷ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠠᠴᠠ ᠂ 73 | ᠪᠡᠶ᠎ᠡ ᠶᠢᠨ ᠲᠠᠮᠢᠷ ᠤᠨ ᠰᠤᠷᠭᠠᠭᠤᠯᠢ ᠪᠣᠯᠣᠨ ᠳᠤᠮᠳᠠᠳᠤ ᠪᠠᠭ᠎ᠠ ᠰᠤᠷᠭᠠᠭᠤᠯᠢ ᠢᠯᠠᠩᠭᠤᠶ᠎ᠠ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ | ᠰᠤᠷᠭᠠᠭᠤᠯᠢ ᠯᠤᠭ᠎ᠠ ᠶᠢᠨ ᠠᠵᠢᠯ ᠤᠨ ᠴᠢᠯᠦᠭᠡᠨ ᠤ ᠪᠣᠯᠪᠠᠰᠤᠷᠠᠯ ᠤᠨ ᠬᠠᠮᠲᠤᠷᠠᠯᠴᠠᠭ᠎ᠠ ᠶᠢ ᠠᠬᠢᠭᠤᠯᠵᠤ ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠨᠴᠠ | ᠴᠢᠳᠠᠪᠤᠷᠢᠲᠠᠢ ᠰᠣᠷᠣᠬᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠪᠡᠶ᠎ᠡ ᠶᠢᠨ ᠲᠠᠮᠢᠷ ᠤᠨ ᠰᠤᠷᠭᠠᠭᠤᠯᠢ ᠳᠤ ᠣᠴᠢᠭᠤᠯᠤᠨ ᠬᠠᠮᠲᠤ ᠪᠠᠷ | ᠪᠤᠯᠪᠠᠰᠤᠷᠠᠭᠤᠯᠬᠤ ᠶᠢᠨ ᠬᠠᠮᠲᠤ ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠳᠠᠰᠬᠠᠯᠵᠢᠭᠤᠯᠤᠭᠴᠢ ᠶᠢ ᠰᠤᠷᠭᠠᠭᠤᠯᠢ ᠳᠤ ᠣᠴᠢᠭᠤᠯᠤᠨ ᠲᠤᠰᠬᠠᠢ ᠪᠣᠯᠪᠠᠰᠤᠷᠠᠯ | ᠬᠠᠩᠭᠠᠬᠤ ᠶᠢ ᠠᠬᠢᠭᠤᠯᠪᠠ ᠃ ᠨᠥᠭᠦᠭᠡ ᠲᠠᠯ᠎ᠠ ᠪᠠᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ 35 ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ | ᠰᠠᠭᠤᠷᠢᠨ ᠪᠣᠯᠣᠨ ᠣᠷᠣᠨ ᠪᠦᠰᠡ ᠶᠢᠨ ᠳᠣᠲᠣᠷᠠᠬᠢ ᠪᠠᠭ᠎ᠠ ᠰᠤᠷᠭᠠᠭᠤᠯᠢ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠯᠤᠭ᠎ᠠ ᠬᠠᠮᠲᠤᠷᠠᠯᠴᠠᠨ ᠣᠨᠴᠠᠯᠢᠭᠲᠤ ᠠᠩᠭᠢ ᠪᠠᠶᠢᠭᠤᠯᠬᠤ ᠶᠢ ᠠᠬᠢᠭᠤᠯᠵᠤ ᠪᠠᠶᠢᠨ᠎ᠠ ᠃ ᠵᠠᠯᠠᠭᠤᠴᠤᠳ ᠪᠠᠭᠠᠴᠤᠳ ᠤᠨ ︽ ᠡᠷᠡᠭᠦᠯ ᠮᠡᠨᠳᠦ ᠶᠢ | ᠠᠬᠢᠭᠤᠯᠬᠤ ᠲᠥᠯᠥᠪᠯᠡᠭᠡ ︾ ᠶᠢ ᠬᠡᠷᠡᠭᠵᠢᠭᠦᠯᠪᠡ ᠥᠪᠡᠷᠲᠡᠭᠡᠨ ᠵᠠᠰᠠᠬᠤ ᠣᠷᠣᠨ ᠬᠡᠦᠬᠡᠳ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠠᠵᠢᠯᠯᠠᠭ᠎ᠠ ᠪᠠᠷ | ᠠᠴᠢᠶᠠᠯᠠᠪᠤᠷᠢ ᠪᠤᠯᠭᠠᠵᠤ ᠂ ᠵᠠᠯᠠᠭᠤᠴᠤᠳ ᠪᠠᠭᠠᠴᠤᠳ ᠤᠨ ︽ ᠡᠷᠡᠭᠦᠯ ᠮᠡᠨᠳᠦ ᠶᠢ ᠠᠬᠢᠭᠤᠯᠬᠤ ᠲᠥᠯᠥᠪᠯᠡᠭᠡ ︾ ᠶᠢ ᠶᠡᠭᠡ ᠪᠠᠷ ᠬᠡᠷᠡᠭᠵᠢᠭᠦᠯᠪᠡ ᠃ ᠡᠨᠡ ᠵᠢᠯ ᠮᠠᠨ ᠤ | ᠣᠷᠣᠨ ᠲᠣᠮᠣ ᠭᠡᠯᠪᠡᠷᠢ ᠶᠢᠨ ᠤᠷᠤᠯᠳᠤᠭᠠᠨ ᠤ ᠠᠵᠢᠯᠯᠠᠭ᠎ᠠ ᠶᠢ ᠨᠠᠭᠠᠲᠤ ᠵᠠᠬ᠎ᠠ ᠳᠠᠭᠠᠨ 200 ᠲᠠᠯᠠᠪᠠᠶ ᠶᠠᠪᠤᠭᠳᠠᠭᠤᠯᠬᠤ ᠶᠢ ᠪᠠᠲᠤᠯᠠᠵᠤ ᠂ ᠵᠢᠱᠢᠯᠲᠡ ᠪᠠᠷ | ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠤᠷᠤᠯᠳᠤᠭᠠᠨ ᠳᠤ ᠣᠷᠣᠯᠴᠠᠬᠰᠠᠨ ᠬᠥᠮᠥᠨ ᠤ ᠲᠤᠭ᠎ᠠ ᠨᠡᠶᠢᠲᠡ 200 ᠲᠦᠮᠡ ᠶᠢ ᠳᠠᠪᠠᠭ᠋ᠤ ᠪᠣᠯᠣᠨ᠎ᠠ ᠃ | ᠣᠶᠢᠯᠠᠭᠠᠭᠰᠠᠨ ᠢᠶᠠᠷ ᠂ ᠪᠦᠭᠦ ᠵᠢᠯ ᠳᠤ ᠮᠠᠨ ᠤ ᠣᠷᠣᠨ ᠤ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ 100 ᠰᠤᠷᠭᠠᠭᠤᠯᠢ ᠲᠠᠢ | ᠬᠠᠮᠲᠤᠷᠠᠨ ᠵᠠᠯᠠᠭᠤᠴᠤᠳ ᠪᠠᠭᠠᠴᠤᠳ ᠤᠨ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠂ ᠵᠠᠯᠠᠭᠤᠴᠤᠳ ᠪᠠᠭᠠᠴᠤᠳ ᠤᠨ ᠺᠯᠦ᠋ᠪ ᠤᠨ ᠬᠤᠯᠪᠣᠭᠠᠲᠤ | ᠤᠷᠤᠯᠳᠤᠭᠠᠨ ᠂ ᠨᠡᠶᠢᠲᠡ ᠶᠢᠨ ᠠᠰᠠᠷᠠᠮᠵᠢ ᠶᠢᠨ ᠵᠤᠰᠠᠯᠠᠩ ᠤᠨ ᠠᠵᠢᠯᠯᠠᠭ᠎ᠠ ᠂ ︽ ᠵᠠᠭᠤᠨ ᠲᠦᠮᠡᠨ ᠵᠠᠯᠠᠭᠤᠴᠤᠳ ᠪᠠᠭᠠᠴᠤᠳ ᠤᠨ ᠵᠠᠭᠤᠨ ᠰᠢᠶᠠᠨ ᠳᠠᠬᠢ ᠡᠷᠡᠭᠦᠯ | ᠮᠡᠨᠳᠦ ᠶᠢᠨ ᠠᠶᠠᠯᠠᠯ ︾ ᠤᠨ ᠭᠤᠣᠯ ᠰᠡᠳᠦᠪᠲᠦ ᠠᠵᠢᠯᠯᠠᠭ᠎ᠠ ᠂ ︽ ᠰᠦᠷᠯᠢᠭ ᠰᠠᠶᠢᠬᠠᠨ ᠤᠮᠠᠷᠠᠲᠤ ᠬᠢᠯᠢ ︾ ᠰᠢᠷᠢᠰ ᠤᠷᠤᠯᠳᠤᠭᠠᠨ ᠵᠡᠷᠭᠡ ᠶᠢ ᠡᠷᠭᠢᠯᠡᠭᠦ ᠪᠣᠯᠣᠨ᠎ᠠ ᠃ | ᠡᠭᠦᠨ ᠠᠴᠠ ᠭᠠᠳᠠᠨ᠎ᠠ ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ ᠂ ᠪᠡᠶ᠎ᠡ ᠶᠢᠨ ᠲᠠᠮᠢᠷ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠤᠨ ᠬᠢᠨ ᠪᠠᠰᠠ ᠡᠷᠡᠭᠦᠯ ᠬᠠᠮᠠᠭᠠᠯᠠᠯ ᠡᠮ ᠡᠮᠨᠡᠯᠭᠡ ᠶᠢᠨ ᠰᠠᠯᠠᠭ᠎ᠠ ᠮᠥᠴᠢᠷ ᠪᠤᠶᠤ ᠡᠯ᠎ᠡ ᠲᠣᠮᠣ ᠡᠮᠨᠡᠯᠭᠡ ᠶᠢᠨ ᠬᠤᠷᠢᠶ᠎ᠠ ᠶᠢᠨ | ᠪᠡᠶ᠎ᠡ ᠶᠢᠨ ᠲᠠᠮᠢᠷ ᠡᠷᠡᠭᠦᠯᠵᠢᠯ ᠤᠨ ᠰᠠᠯᠠᠭ᠎ᠠ ᠲᠠᠰᠤᠭ ᠤᠨ ᠬᠦᠴᠦᠨ ᠳᠤ ᠲᠦᠰᠢᠭᠯᠡᠨ ᠂ ᠰᠤᠷᠭᠠᠭᠤᠯᠢ ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ | ᠪᠠ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠬᠤᠭᠤᠴᠠᠭᠠᠨ ᠳᠤ ᠂ ᠬᠡᠦᠬᠡᠳ ᠤᠨ ᠴᠡᠴᠡᠷᠯᠢᠭ ᠂ | ᠪᠠᠭ᠎ᠠ ᠰᠤᠷᠭᠠᠭᠤᠯᠢ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ ᠳᠥᠷᠪᠡᠨ ᠲᠠᠰ ᠳᠠᠪᠬᠤᠷᠭ᠎ᠠ | ᠬᠤᠪᠢᠶᠠᠵᠤ ᠂ ᠵᠠᠯᠠᠭᠤᠴᠤᠳ ᠪᠠᠭᠠᠴᠤᠳ ᠤᠨ ᠮᠠᠷᠢᠶᠠᠯᠠᠬᠤ ᠂ ᠣᠶᠢᠷ᠎ᠠ ᠬᠠᠷᠠᠭ᠎ᠠ ᠲᠠᠢ ᠪᠤᠯᠬᠤ ᠵᠡᠷᠭᠡ ᠳᠤ ᠪᠠᠶᠢᠴᠠᠭᠠᠯᠲᠠ ᠬᠢᠵᠦ ᠂ ᠰᠤᠷᠤᠬᠴᠢᠳ ᠤᠨ ᠡᠷᠡᠭᠦᠯ | ᠮᠡᠨᠳᠦ ᠶᠢᠨ ᠲᠤᠭ᠎ᠠ ᠪᠠᠷᠢᠮᠲᠠ ᠶᠢᠨ ᠲᠠᠩᠰᠠ ᠡᠪᠬᠡᠮᠡᠯ ᠢ ᠪᠠᠶᠢᠭᠤᠯᠵᠤ ᠂ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠬᠥᠳᠡᠯᠭᠡᠭᠡᠨ ᠤ ᠲᠥᠯᠥᠪᠯᠡᠭᠡ | ᠲᠣᠭᠲᠠᠭᠠᠨ᠎ᠠ ᠃ ᠡᠭᠦᠨ ᠤ ᠬᠠᠮᠲᠤ ᠂ ᠪᠠᠶᠢᠴᠠᠭᠠᠯᠲᠠ ᠶᠢᠨ ᠦᠷ᠎ᠡ ᠳ᠋ᠦᠩ ᠢ ᠪᠠᠰᠠ ᠰᠤᠷᠭᠠᠭᠤᠯᠢ ᠪᠠ ᠭᠡᠷ ᠤᠨ ᠠᠬᠠᠮᠠᠳ ᠲᠤ ᠬᠠᠷᠢᠭᠤ ᠲᠤᠰᠬᠠᠵᠤ ᠂ | ᠰᠤᠷᠭᠠᠭᠤᠯᠢ ᠶᠢᠨ ᠲᠠᠮᠢᠷ ᠤᠨ ᠪᠠᠭᠰᠢ ᠪᠠ ᠭᠡᠷ ᠤᠨ ᠠᠬᠠᠮᠠᠳ ᠠᠴᠠ ᠰᠤᠷᠤᠬᠴᠢᠳ ᠢ ᠬᠠᠪᠰᠤᠷᠴᠤ ᠲᠥᠯᠥᠪᠯᠡᠭᠡ ᠶᠣᠰᠣᠭᠠᠷ ᠪᠣᠯᠪᠠᠰᠤᠷᠠᠯ ᠢ ᠨᠢ ᠴᠢᠩᠭᠠᠳᠬᠠᠵᠤ ᠂ | ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ᠪᠠᠷᠢᠮᠵᠢᠶ᠎ᠠ ᠳᠤ ᠬᠦᠷᠦᠭᠦᠯᠬᠦ ᠨᠣᠷᠮ᠎ᠠ ᠶᠢ | ᠦᠨᠡᠨ ᠬᠦ ᠳᠡᠭᠡᠭᠰᠢᠯᠡᠭᠦᠯᠦᠨ᠎ᠡ ᠃ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠪᠠᠶᠢᠭᠤᠯᠬᠤ ᠲᠥᠯᠥᠪᠯᠡᠭᠡ ᠶᠢ ᠠᠬᠢᠭᠤᠯᠪᠠ ᠪᠦᠭᠦ ᠣᠷᠣᠨ ᠤ | ᠲᠤᠰᠬᠠᠢ ᠲᠦᠷᠦᠯ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠤᠯᠴᠠᠬᠤ ᠵᠠᠯᠠᠭᠤᠴᠤᠳ ᠪᠠᠭᠠᠴᠤᠳ ᠤᠨ ᠡᠩᠨᠡᠭᠡ ᠶᠢ ᠲᠠᠰᠤᠷᠠᠯᠳᠠ ᠦᠭᠡᠢ ᠥᠷᠭᠡᠳᠬᠡᠵᠦ ᠂ | ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢᠨ ᠬᠡᠪᠴᠢᠶ᠎ᠡ ᠶᠢ ᠥᠷᠭᠡᠳᠬᠡᠵᠦ ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠡᠯᠡᠳᠬᠡᠯ | ᠴᠢᠳᠠᠪᠤᠷᠢᠲᠠᠨ ᠢ ᠬᠥᠮᠥᠵᠢᠭᠦᠯᠬᠦ ᠰᠠᠭᠤᠷᠢ ᠶᠢ ᠪᠠᠬᠢᠵᠢᠭᠦᠯᠬᠦ ᠶᠢᠨ ᠲᠥᠯᠥᠭᠡ ᠂ ᠮᠠᠨ ᠤ ᠣᠷᠣᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢ | ᠪᠠᠶᠢᠭᠤᠯᠬᠤ ᠲᠥᠯᠥᠪᠯᠡᠭᠡ ᠲᠣᠭᠲᠠᠭᠠᠵᠤ ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠬᠦᠴᠦᠷᠬᠡᠭ ᠰᠤᠷᠭᠠᠭᠤᠯᠢ ᠶᠢ 100 ᠪᠠᠶᠢᠭᠤᠯᠵᠤ ᠂ ᠪᠡᠯᠡᠳᠬᠡᠯ | ᠴᠢᠳᠠᠪᠤᠷᠢᠲᠠᠨ ᠢ ᠬᠥᠮᠥᠵᠢᠭᠦᠯᠵᠦ ᠰᠢᠯᠢᠨ ᠳᠡᠪᠰᠢᠭᠦᠯᠬᠦ ᠶᠢ ᠠᠬᠢᠭᠤᠯᠤᠨ᠎ᠠ ᠃ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠠᠮᠲᠤᠷᠠᠨ ᠪᠡᠶ᠎ᠡ ᠶᠢᠨ | ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢ ᠡᠭᠦᠳᠦᠨ ᠪᠠᠶᠢᠭᠤᠯᠵᠤ ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠬᠠᠷᠢᠭᠤᠴᠠᠨ ᠡᠭᠦᠳᠦᠨ | ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠣᠨᠴᠠᠯᠢᠭᠲᠤ ᠰᠤᠷᠭᠠᠭᠤᠯᠢ ᠪᠣᠯᠣᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠡᠭᠦᠳᠦᠨ ᠪᠠᠶᠢᠭᠤᠯᠤᠭᠰᠠᠨ ᠪᠡᠶ᠎ᠡ ᠶᠢᠨ | ᠲᠠᠮᠢᠷ ᠤᠨ ᠤᠯᠠᠮᠵᠢᠯᠠᠯᠲᠤ ᠰᠤᠷᠭᠠᠭᠤᠯᠢ ᠶᠢ ᠴᠡᠭᠴᠡᠯᠡᠨ ᠨᠡᠶᠢᠳᠬᠡᠵᠦ ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠭᠡᠵᠦ ᠬᠠᠯᠠᠪᠠ ᠃ | ᠣᠳᠣᠬᠠᠨ ᠤ ᠰᠤᠷᠭᠠᠭᠤᠯᠢ ᠨᠤᠭᠤᠳ ᠤᠨ ᠥᠷᠨᠢᠭᠦᠯᠵᠦ ᠪᠠᠶᠢᠭ᠎ᠠ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠂ | ᠰᠤᠷᠭᠠᠭᠤᠯᠢ ᠶᠢᠨ ᠰᠢᠯᠭᠠᠷᠠᠭᠤᠯᠬᠤ ᠬᠡᠪᠴᠢᠶ᠎ᠡ ᠪᠣᠯᠣᠨ ᠪᠡᠶ᠎ᠡ ᠶᠢᠨ ᠲᠠᠮᠢᠷ ᠤᠨ ᠣᠨᠴᠠᠯᠢᠭᠲᠤ ᠲᠥᠷᠥᠯ ᠵᠦᠢᠯ ᠢ ᠥᠷᠭᠡᠳᠬᠡᠵᠦ ᠂ ᠪᠡᠶ᠎ᠡ ᠶᠢᠨ ᠲᠠᠮᠢᠷ ᠤᠨ | ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢᠨ ᠬᠠᠷᠢᠴᠠᠯ ᠢ ᠨᠡᠮᠡᠭᠳᠡᠭᠦᠯᠵᠦ ᠪᠤᠢ ᠃ ᠥᠪᠡᠷᠲᠡᠭᠡᠨ ᠵᠠᠰᠠᠬᠤ ᠣᠷᠣᠨ ᠪᠠᠰᠠ ᠪᠡᠶ᠎ᠡ ᠶᠢᠨ ᠲᠠᠮᠢᠷ ᠤᠨ ᠤᠯᠠᠮᠵᠢᠯᠠᠯᠲᠤ | ᠣᠨᠴᠠᠯᠢᠭᠲᠤ ᠰᠤᠷᠭᠠᠭᠤᠯᠢ ᠶᠢ ᠵᠢᠯᠣᠭᠤᠳᠤᠨ ᠰᠣᠶᠣᠯ ᠤᠨ ᠰᠤᠷᠤᠯᠴᠠᠯᠭ᠎ᠠ ᠪᠠ ᠪᠡᠶ᠎ᠡ ᠶᠢᠨ ᠲᠠᠮᠢᠷ ᠤᠨ ᠴᠢᠳᠠᠪᠤᠷᠢ ᠪᠠᠷ ᠨᠡᠯᠢᠶᠡᠳ ᠴᠢᠩᠭ᠎ᠠ ᠰᠣᠷᠣᠬᠴᠢ ᠶᠢ ᠰᠢᠯᠢᠨ | ᠰᠣᠩᠭᠤᠵᠤ ᠣᠨᠴᠠᠯᠢᠭᠲᠤ ᠠᠩᠭᠢ ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠩᠭᠢ ᠶᠢ ᠡᠭᠦᠳᠦᠨ ᠪᠠᠶᠢᠭᠤᠯᠵᠤ ᠂ ᠪᠣᠯᠪᠠᠰᠤᠷᠠᠯ ᠤᠨ ᠲᠥᠯᠥᠪᠯᠡᠭᠡ ᠂ | ᠪᠣᠯᠪᠠᠰᠤᠷᠠᠯ ᠤᠨ ᠣᠶᠢᠯᠠᠭᠠᠭᠳᠠᠬᠤᠨ ᠂ ᠵᠢᠭᠠᠨ ᠰᠤᠷᠭᠠᠯᠲᠠ ᠤᠷᠤᠯᠳᠤᠭᠠᠨ ᠢ ᠨᠢᠭᠡᠳᠬᠡᠪᠡ ᠃ ᠡᠭᠦᠨ ᠤ ᠬᠠᠮᠲᠤ ᠶᠢᠰᠦᠨ ᠵᠢᠯ ᠤᠨ ᠳᠦᠷᠢᠮᠲᠦ ᠰᠤᠷᠭᠠᠭᠤᠯᠢ ᠪᠠ | ᠪᠠᠶᠢᠷᠢ ᠶᠢᠨ ᠳᠦᠷᠢᠮᠲᠦ ᠰᠤᠷᠭᠠᠭᠤᠯᠢ ᠶᠢ ᠤᠷᠢᠳ ᠢᠶᠠᠷ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠬᠦᠴᠦᠷᠬᠡᠭ ᠰᠤᠷᠭᠠᠭᠤᠯᠢ ᠪᠣᠯᠭᠠᠨ ᠬᠥᠭᠵᠢᠭᠦᠯᠵᠦ ᠂ | ᠬᠥᠮᠥᠨ ᠪᠣᠯᠭᠠᠨ ᠪᠡᠶ᠎ᠡ ᠶᠢᠨ ᠲᠠᠮᠢᠷ ᠤᠨ ᠲᠥᠷᠥᠯ ᠵᠦᠢᠯ ᠳᠤ ᠣᠷᠤᠯᠴᠠᠬᠤ ᠂ ᠬᠥᠮᠥᠨ ᠪᠦᠭᠦᠨ ᠪᠡᠶ᠎ᠡ ᠶᠢᠨ ᠲᠠᠮᠢᠷ ᠤᠨ ᠮᠡᠷᠭᠡᠵᠢᠯ ᠴᠢᠳᠠᠪᠤᠷᠢ ᠶᠢ ᠡᠵᠡᠮᠰᠢᠬᠦ | ᠬᠠᠷᠠᠯᠲᠠ ᠶᠢ ᠪᠡᠶᠡᠯᠡᠭᠦᠯᠵᠦ ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠬᠦᠴᠦᠷᠬᠡᠭ ᠰᠤᠷᠭᠠᠭᠤᠯᠢ ᠶᠢ ᠪᠡᠶ᠎ᠡ ᠶᠢᠨ ᠲᠠᠮᠢᠷ ᠤᠨ ᠪᠣᠯᠪᠠᠰᠤᠷᠠᠯ ᠪᠠ | ᠰᠣᠶᠣᠯ ᠤᠨ ᠵᠢᠭᠠᠨ ᠰᠤᠷᠭᠠᠯᠲᠠ ᠶᠢᠨ ︽ ᠬᠤᠣᠰ ᠲᠡᠷᠢᠭᠦᠨ ᠵᠡᠷᠭᠡ ︾ ᠶᠢᠨ ᠰᠤᠷᠭᠠᠭᠤᠯᠢ ᠪᠣᠯᠭᠠᠨ ᠪᠠᠶᠢᠭᠤᠯᠵᠤ ᠂ ᠴᠢᠳᠠᠪᠤᠷᠢᠲᠠᠨ ᠢ ᠬᠥᠮᠥᠵᠢᠭᠦᠯᠬᠦ ᠪᠠ ᠲᠥᠷᠥᠯ | ᠵᠦᠢᠯ ᠢ ᠲᠦᠭᠡᠮᠡᠯᠵᠢᠭᠦᠯᠬᠦ ᠬᠤᠣᠰ ᠴᠢᠭᠯᠡᠯ ᠤᠨ ᠦᠢᠯᠡᠳᠦᠯ ᠢ ᠪᠠᠳᠠᠷᠠᠭᠤᠯᠵᠤ ᠪᠠᠶᠢᠨ᠎ᠠ ᠃ ᠰᠠᠭᠰᠤᠨ ᠪᠥᠮᠪᠦᠭᠡ ᠬᠥᠯ ᠪᠥᠮᠪᠦᠭᠡ ᠠᠯᠠᠭᠠᠳᠠᠬᠤ ᠪᠥᠮᠪᠦᠭᠡ ᠶᠢᠨ | ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠪᠠ ᠮᠠᠨ ᠤ ᠣᠷᠣᠨ ᠰᠠᠭᠰᠤᠨ ᠪᠥᠮᠪᠦᠭᠡ ᠬᠥᠯ ᠪᠥᠮᠪᠦᠭᠡ ᠠᠯᠠᠭᠠᠳᠠᠬᠤ ᠪᠥᠮᠪᠦᠭᠡ ᠶᠢ ᠲᠦᠭᠡᠮᠡᠯᠵᠢᠭᠦᠯᠬᠦ ᠪᠠᠷ ᠠᠷᠭ᠎ᠠ | ᠵᠠᠮ ᠪᠤᠯᠭᠠᠵᠤ ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠵᠢᠯ ᠢ ᠭᠦᠨᠵᠡᠭᠡᠢ ᠠᠬᠢᠭᠤᠯᠵᠤ ᠪᠤᠢ ᠃ ᠪᠡᠶ᠎ᠡ ᠶᠢᠨ ᠲᠠᠮᠢᠷ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠬᠠᠮᠲᠤᠷᠠᠨ ᠰᠠᠭᠰᠤᠨ ᠪᠥᠮᠪᠦᠭᠡ ᠬᠥᠯ ᠪᠥᠮᠪᠦᠭᠡ ᠠᠯᠠᠭᠠᠳᠠᠬᠤ ᠪᠥᠮᠪᠦᠭᠡ ᠶᠢᠨ ᠵᠠᠯᠠᠭᠤᠴᠤᠳ ᠪᠠᠭᠠᠴᠤᠳ ᠤᠨ ᠤᠷᠤᠯᠳᠤᠭᠠᠨ ᠤ | ᠲᠥᠯᠥᠪᠯᠡᠭᠡ ᠶᠢ ᠲᠣᠭᠲᠠᠭᠠᠵᠤ ᠂ ᠨᠢᠭᠡᠳᠦᠯᠲᠡᠢ ᠳᠠᠩᠰᠠᠯᠠᠭᠤᠯᠵᠤ ᠂ ᠨᠢᠭᠡᠳᠦᠯᠲᠡᠢ ᠤᠷᠤᠯᠳᠤᠭᠠᠨ ᠳᠤ ᠣᠷᠣᠯᠴᠠᠭᠤᠯᠤᠨ ᠂ ᠲᠠᠮᠢᠷᠴᠢᠨ ᠤ ᠵᠡᠷᠭᠡ ᠳᠡᠰ ᠢ ᠨᠢᠭᠡᠳᠦᠯᠲᠡᠢ | ᠭᠦᠢᠴᠡᠳᠬᠡᠵᠦ ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠳᠠᠩᠰᠠᠯᠠᠯᠲᠠ ᠬᠢᠬᠦ ᠂ ᠤᠷᠤᠯᠳᠤᠭᠠᠨ ᠳᠤ ᠣᠷᠤᠯᠴᠠᠬᠤ ᠂ ᠰᠢᠯᠭᠠᠷᠠᠭᠤᠯᠬᠤ ᠵᠠᠮ ᠢ ᠨᠠᠪᠲᠠᠷᠡᠭᠦᠯᠵᠦ ᠂ | ᠰᠠᠭᠠᠳ ᠦᠭᠡᠢ ᠪᠠᠷ ᠤᠷᠤᠯᠳᠤᠭᠠᠨ ᠳᠤ ᠣᠷᠤᠯᠴᠠᠬᠤ ᠶᠢ ᠪᠡᠶᠡᠯᠡᠭᠦᠯᠪᠡ ᠃ ᠡᠭᠦᠨ ᠤ ᠬᠠᠮᠲᠤ ᠳᠡᠰ ᠳᠠᠪᠬᠤᠷᠭ᠎ᠠ ᠨᠢ ᠲᠣᠳᠣᠷᠬᠠᠢ ᠂ ᠡᠮᠬᠢ ᠳᠢᠭᠯᠢᠮ ᠲᠠᠢ | ᠤᠷᠤᠯᠳᠤᠭᠠᠨ ᠤ ᠰᠢᠰᠲ᠋ᠧᠮ ᠢ ᠪᠠᠶᠢᠭᠤᠯᠵᠤ ᠂ ︽ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠤᠷᠤᠯᠳᠤᠭᠠᠨ ᠡᠷᠭᠢᠯᠡᠭᠦ ︾ ᠂ ︽ ᠵᠥᠷᠢᠶ᠎ᠡ ᠲᠠᠢ ᠪᠠᠷ ᠤᠷᠤᠯᠳᠤᠭᠠᠨ | ᠡᠷᠭᠢᠯᠡᠭᠦ ︾ ᠶᠢ ᠬᠠᠶᠢᠨ ᠰᠦᠪᠡᠭᠴᠢᠯᠡᠵᠦ ᠂ ᠵᠠᠯᠠᠭᠤᠴᠤᠳ ᠪᠠᠭᠠᠴᠤᠳ ᠤᠨ ᠣᠷᠤᠯᠴᠠᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ ᠪᠤᠢ ᠃ ᠪᠡᠶ᠎ᠡ ᠶᠢᠨ ᠲᠠᠮᠢᠷ ᠤᠨ | ᠰᠠᠯᠠᠭ᠎ᠠ ᠮᠥᠴᠢᠷ ᠵᠠᠯᠠᠭᠤᠴᠤᠳ ᠪᠠᠭᠠᠴᠤᠳ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠢ ᠲᠦᠷᠦᠭᠦᠯᠡᠨ ᠵᠣᠬᠢᠶᠠᠨ ᠪᠠᠶᠢᠭᠤᠯᠵᠤ ᠂ ᠰᠤᠷᠭᠠᠭᠤᠯᠢ ᠂ ᠪᠡᠶ᠎ᠡ ᠶᠢᠨ | ᠲᠠᠮᠢᠷ ᠤᠨ ᠰᠤᠷᠭᠠᠭᠤᠯᠢ ᠂ ᠺᠯᠦ᠋ᠪ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠵᠣᠬᠢᠬᠤ ᠨᠠᠰᠤᠨ ᠤ | ᠵᠠᠯᠠᠭᠤᠴᠤᠳ ᠪᠠᠭᠠᠴᠤᠳ ᠤᠨ ᠤᠷᠤᠯᠳᠤᠭᠠᠨ ᠳᠤ ᠣᠷᠤᠯᠴᠠᠬᠤ ᠶᠢ ᠵᠥᠪᠰᠢᠶᠡᠷᠡᠪᠡ ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠳᠤᠮᠳᠠᠳᠤ ᠰᠤᠷᠭᠠᠭᠤᠯᠢ ᠶᠢᠨ | ᠰᠤᠷᠤᠬᠴᠢᠳ ᠤᠨ ᠤᠷᠤᠯᠳᠤᠭᠠᠨ ︵ ᠰᠤᠷᠭᠠᠭᠤᠯᠢ ᠶᠢᠨ ᠬᠦᠷᠢᠶᠡᠨ ᠤ ᠤᠷᠤᠯᠳᠤᠭᠠᠨ ︶ ᠢ ᠲᠦᠷᠦᠭᠦᠯᠡᠨ ᠵᠣᠬᠢᠶᠠᠨ ᠪᠠᠶᠢᠭᠤᠯᠵᠤ ᠂ ᠪᠡᠶ᠎ᠡ ᠶᠢᠨ ᠲᠠᠮᠢᠷ ᠤᠨ | ᠰᠤᠷᠭᠠᠭᠤᠯᠢ ᠶᠢᠨ ᠳᠤᠭᠤᠶᠢᠯᠠᠩ ᠢ ᠨᠡᠮᠡᠨ ᠲᠣᠬᠢᠷᠠᠭᠤᠯᠵᠤ ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠰᠤᠷᠤᠬᠴᠢᠳ ᠤᠨ ᠤᠷᠤᠯᠳᠤᠭᠠᠨ ᠳᠤ ᠣᠷᠤᠯᠴᠠᠬᠤ ᠶᠢ | ᠵᠥᠪᠰᠢᠶᠡᠷᠡᠪᠡ ᠃ ᠡᠭᠦᠨ ᠤ ᠬᠠᠮᠲᠤ ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠪᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠᠰᠠ ᠬᠠᠮᠲᠤᠷᠠᠨ ᠥᠪᠡᠷᠲᠡᠭᠡᠨ | ᠵᠠᠰᠠᠬᠤ ᠣᠷᠣᠨ ᠤ ᠰᠠᠭᠰᠤᠨ ᠪᠥᠮᠪᠦᠭᠡ ᠬᠥᠯ ᠪᠥᠮᠪᠦᠭᠡ ᠠᠯᠠᠭᠠᠳᠠᠬᠤ ᠪᠥᠮᠪᠦᠭᠡ ᠶᠢᠨ ᠵᠠᠯᠠᠭᠤᠴᠤᠳ ᠪᠠᠭᠠᠴᠤᠳ ᠤᠨ ᠡᠩᠨᠡᠭᠡ ᠶᠢ ᠪᠠᠶᠢᠭᠤᠯᠵᠤ ᠂ ᠰᠢᠯᠢᠳᠡᠭ | ᠡᠩᠨᠡᠭᠡ ᠶᠢ ᠰᠢᠯᠢᠨ ᠰᠣᠩᠭᠤᠬᠤ ᠂ ᠵᠣᠬᠢᠶᠠᠨ ᠪᠠᠶᠢᠭᠤᠯᠬᠤ ᠂ ᠲᠥᠪᠯᠡᠷᠡᠭᠦᠯᠦᠨ ᠪᠤᠯᠪᠠᠰᠤᠷᠠᠭᠤᠯᠬᠤ ᠲᠥᠰᠥᠯ ᠲᠣᠭᠲᠠᠭᠠᠬᠤ ᠶᠢᠨ ᠬᠠᠮᠲᠤ ᠳᠠᠰᠬᠠᠯᠵᠢᠭᠤᠯᠤᠭᠴᠢ ᠪᠠ | ᠬᠢᠨᠠᠭᠴᠢ ᠶᠢ ᠪᠤᠯᠪᠠᠰᠤᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠡᠪ ᠪᠣᠯᠪᠠᠰᠤᠷᠠᠯ ᠢ ᠦᠨᠡᠨ ᠬᠦ | ᠳᠡᠭᠡᠭᠰᠢᠯᠡᠭᠦᠯᠦᠨ᠎ᠡ ᠃ | | |