ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 57.5% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/5/17
    ᠨᠢᠭᠡᠳᠦᠭᠡᠷ ᠤᠯᠠᠷᠢᠯ ᠳᠤ ᠂ ᠮᠠᠨ ᠤ ᠬᠤᠲᠠ ᠶᠢᠨ ᠨᠡᠶᠢᠲᠡ 25 ᠲᠥᠷᠥᠯ ᠵᠦᠢᠯ ᠤᠨ ᠪᠡᠯᠡ ᠣᠷᠣᠭᠤᠯᠤᠯᠲᠠ ᠳ᠋ᠦᠩᠰᠢᠭᠤᠷ ᠲᠥᠭᠦᠷᠢᠭ ᠢ ᠳᠠᠪᠠᠵᠤ ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 57.5% ᠪᠠᠷ ᠨᠡᠮᠡᠭᠳᠡᠨ ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 46.7 ᠳᠠᠶᠢᠴᠢᠯᠠᠨ ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ︵ ᠲᠠᠩ ᠭᠠᠭᠴᠠ ᠬᠤᠳᠠᠯᠳᠤᠨ ᠠᠪᠬᠤ ᠶᠢ ᠪᠠᠭᠲᠠᠭᠠᠬᠤ ᠦᠭᠡᠢ ︶ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 66.6% ᠪᠠᠷ ᠨᠡᠮᠡᠭᠳᠡᠨ ᠂ ᠪᠥᠬᠦ ᠪᠡᠯᠡ ᠣᠷᠣᠭᠤᠯᠤᠯᠲᠠ ᠶᠢᠨ 74.5% ᠶᠢ ᠡᠵᠡᠯᠡᠵᠦ ᠂ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 43.6 ᠳᠠᠶᠢᠴᠢᠯᠠᠨ ᠨᠡᠮᠡᠭᠳᠡᠭᠦᠯᠪᠡ ᠃ ᠡᠭᠦᠨ ᠳᠤ ᠂ ᠬᠤᠶᠠᠳᠤᠭᠠᠷ ᠠᠵᠤ ᠦᠢᠯᠡᠰ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠡᠵᠡᠯᠡᠬᠦ ᠬᠠᠷᠢᠴᠠᠯ ᠨᠢ ᠠᠷᠪᠠᠨ ᠤ ᠵᠢᠷᠭᠤᠭᠠᠨ ᠬᠤᠪᠢ ᠶᠢ ᠳᠠᠪᠠᠵᠤ ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 172.4% ᠪᠠᠷ ᠨᠡᠮᠡᠭᠳᠡᠪᠡ ᠃ ᠪᠦᠦ ᠹᠧᠩ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠂ ᠮᠧᠩ ᠰᠢ ᠶᠢᠨ ᠨᠡᠭᠦᠷᠡᠰᠦ ᠮᠠᠯᠲᠠᠭᠰᠠᠨ ᠠᠴᠠ ᠳᠣᠷᠣᠭᠰᠢ ᠰᠠᠭᠤᠭᠳᠠᠭᠰᠠᠨ ᠣᠷᠣᠨ ᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠬᠤᠪᠢᠶᠠᠷᠢ ᠲᠥᠷᠥᠯ ᠵᠦᠢᠯ ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠷᠡᠯ ᠴᠡᠨᠡᠭ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠲᠥᠷᠥᠯ ᠵᠦᠢᠯ ᠂ ᠮᠧᠩ ᠰᠤ᠋ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠰᠢᠨ᠎ᠡ ᠡᠨᠧᠷᠭᠢ ᠶᠢᠨ ᠲᠥᠷᠥᠯ ᠵᠦᠢᠯ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠲᠤᠯᠭᠠᠭᠤᠷᠢᠯᠠᠬᠤ ᠬᠦᠴᠦᠨ ᠡᠷᠴᠢᠮᠲᠡᠢ ᠪᠠᠶᠢᠨ᠎ᠠ ᠃     
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ