| ᠣᠶᠢᠷ᠎ᠠ ᠶᠢᠨ ᠵᠢᠯ ᠳᠤ ᠂ ᠮᠠᠨ ᠤ ᠤᠯᠤᠰ ᠤᠨ ᠬᠡᠦᠬᠡᠳ ᠪᠠ ᠵᠠᠯᠠᠭᠤᠴᠤᠳ ᠪᠠᠭᠠᠴᠤᠳ ᠤᠨ ᠮᠠᠷᠢᠶᠠᠯᠠᠬᠤ ᠨᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠦᠨᠳᠦ ᠨᠣᠴᠢᠲᠠᠶ ᠠᠰᠠᠭᠤᠳᠠᠯ ᠤᠨ ᠨᠢᠭᠡ ᠪᠤᠯᠤᠭᠠᠳ ᠪᠠᠶᠢᠨ᠎ᠠ ᠃ ᠮᠠᠷᠢᠶᠠᠯᠠᠬᠤ ᠨᠢ ᠨᠢᠭᠡ ᠵᠦᠢᠯ ᠤᠨ ᠰᠢᠮ᠎ᠡ ᠲᠡᠵᠢᠭᠡᠯ ᠤᠨ ᠲᠡᠩᠴᠡᠭᠦᠷᠢ ᠪᠠᠨ ᠠᠯᠳᠠᠭᠰᠠᠨ ᠶᠠᠪᠤᠳᠠᠯ | ᠪᠣᠯᠤᠨ᠎ᠠ ᠂ ᠤᠷᠲᠤ ᠬᠤᠭᠤᠴᠠᠭ᠎ᠠ ᠰᠢᠮ᠎ᠡ ᠲᠡᠵᠢᠭᠡᠯ ᠤᠨ ᠲᠡᠩᠴᠡᠭᠦᠷᠢ ᠪᠠᠨ ᠠᠯᠳᠠᠪᠠᠯ ᠂ ᠵᠠᠯᠠᠭᠤᠴᠤᠳ ᠪᠠᠭᠠᠴᠤᠳ ᠤᠨ ᠥᠰᠦᠯᠲᠡ ᠪᠤᠶᠢᠵᠢᠯᠳᠠ ᠶᠢ ᠬᠠᠷᠰᠢᠯᠠᠵᠤ ᠂ | ᠹᠢᠽᠢᠣᠯᠣᠭᠢ ᠶᠢᠨ ᠴᠢᠳᠠᠪᠤᠷᠢ ᠶᠢ ᠨᠢ ᠨᠥᠯᠥᠭᠡᠯᠡᠬᠦ ᠪᠠᠷ ᠪᠠᠷᠠᠬᠤ ᠦᠭᠡᠢ ᠪᠠᠰᠠ ᠴᠢᠰᠤᠨ ᠳᠠᠷᠤᠯᠲᠠ ᠥᠨᠳᠥᠷ ᠂ ᠴᠢᠰᠤ ᠦᠭᠡᠬᠦᠯᠡᠬᠦ ᠂ ᠰᠢᠬᠢᠷ ᠰᠢᠵᠢᠩ ᠡᠪᠡᠳᠴᠢᠨ | ᠵᠡᠷᠭᠡ ᠡᠷᠡᠭᠦᠯ ᠮᠡᠨᠳᠦ ᠶᠢᠨ ᠠᠰᠠᠭᠤᠳᠠᠯ ᠢ ᠪᠣᠢ ᠪᠣᠯᠭᠠᠵᠤ ᠮᠡᠳᠡᠨ᠎ᠡ ᠃ ᠬᠡᠦᠬᠡᠳ ᠤᠨ ᠮᠠᠷᠢᠶᠠᠯᠠᠬᠤ ᠨᠢ ᠭᠤᠣᠯᠳᠠᠭᠤ ᠢᠳᠡᠬᠦ ᠨᠢ ᠶᠡᠭᠡ ᠂ ᠬᠥᠳᠡᠯᠬᠦ ᠨᠢ ᠪᠠᠭ᠎ᠠ ᠵᠡᠷᠭᠡ | ᠰᠢᠯᠲᠠᠭᠠᠨ ᠠᠴᠠ ᠪᠣᠯᠳᠠᠭ ᠃ ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠬᠤ ᠪᠠᠷ ᠳᠠᠮᠵᠢᠨ ᠮᠠᠷᠢᠶᠠᠯᠠᠬᠤ ᠶᠢ ᠡᠷᠲᠡ ᠠᠴᠠ ᠰᠡᠷᠭᠡᠶᠢᠯᠡᠨ ᠬᠢᠵᠠᠭᠠᠷᠯᠠᠵᠤ ᠪᠣᠯᠬᠤ ᠶᠤᠮ ᠃ | ᠲᠡᠭᠡᠪᠡᠯ ᠶᠠᠮᠠᠷ ᠪᠠᠶᠢᠴᠠᠭᠠᠯᠲᠠ ᠬᠢᠬᠦ ᠪᠣᠢ ︖ 1. ᠪᠡᠶ᠎ᠡ ᠶᠢᠨ ᠥᠨᠳᠥᠷ ᠪᠠ ᠪᠡᠶ᠎ᠡ ᠶᠢᠨ ᠬᠦᠨᠳᠦ ᠶᠢ ᠨᠢ ᠬᠡᠮᠵᠢᠨ᠎ᠡ ᠄ ᠬᠡᠦᠬᠡᠳ ᠤᠨ ᠪᠡᠶ᠎ᠡ ᠶᠢᠨ ᠬᠦᠨᠳᠦ ᠪᠣᠯᠣᠨ | ᠪᠡᠶ᠎ᠡ ᠶᠢᠨ ᠥᠨᠳᠥᠷ ᠢ ᠨᠢ ᠬᠡᠮᠵᠢᠵᠦ ᠂ BMI ︵ ᠪᠡᠶ᠎ᠡ ᠶᠢᠨ ᠬᠦᠨᠳᠦ ᠶᠢᠨ ᠵᠢᠭᠠᠯᠲᠠ ᠲᠤᠭ᠎ᠠ ︶ ᠶᠢ ᠪᠣᠳᠣᠬᠤ ᠪᠠᠷ ᠳᠠᠮᠵᠢᠭᠤᠯᠤᠨ ᠬᠡᠦᠬᠡᠳ ᠤᠨ ᠮᠠᠷᠢᠶᠠᠨ ᠤ | ᠪᠠᠶᠢᠳᠠᠯ ᠢ ᠮᠠᠭᠠᠳᠯᠠᠵᠤ ᠪᠣᠯᠣᠨ᠎ᠠ ᠃ ᠳᠠᠷᠤᠢ ᠪᠡᠶ᠎ᠡ ᠶᠢᠨ ᠬᠦᠨᠳᠦ ᠶᠢ ︵ kg ︶ ᠪᠡᠶ᠎ᠡ ᠶᠢᠨ ᠥᠨᠳᠥᠷ ︵ m ︶ ᠤᠨ ᠺᠦᠸᠠᠳ᠋ ᠢᠶᠠᠷ ᠬᠤᠪᠢᠶᠠᠨ᠎ᠠ ᠃ 2. ᠪᠦᠰᠡᠯᠡᠭᠦᠷ ᠢ | ᠬᠡᠮᠵᠢᠨ᠎ᠡ ᠄ ᠪᠦᠰᠡᠯᠡᠭᠦᠷ ᠢ ᠨᠢ ᠬᠡᠮᠵᠢᠵᠦ ᠬᠡᠦᠬᠡᠳ ᠤᠨ ᠬᠡᠪᠡᠯᠢ ᠶᠢᠨ ᠬᠡᠰᠡᠭ ᠤᠨ ᠥᠭᠡᠬᠦᠨ ᠤ ᠪᠠᠶᠢᠳᠠᠯ ᠢ ᠣᠶᠢᠯᠠᠭᠠᠵᠤ ᠪᠣᠯᠤᠨ᠎ᠠ ᠃ 3. ᠪᠡᠶ᠎ᠡ ᠶᠢᠨ ᠪᠦᠷᠢᠯᠳᠦᠭᠦᠨ ᠤ | ᠰᠢᠨᠵᠢᠯᠡᠭᠡ ᠬᠢᠨ᠎ᠡ ᠄ ᠲᠤᠰᠬᠠᠶ ᠮᠡᠷᠭᠡᠵᠢᠯ ᠤᠨ ᠲᠥᠬᠦᠭᠡᠷᠦᠮᠵᠢ ᠪᠠᠷ ᠪᠡᠶ᠎ᠡ ᠶᠢᠨ ᠪᠦᠷᠢᠯᠳᠦᠬᠦᠨ ᠤ ᠰᠢᠨᠵᠢᠯᠡᠭᠡ ᠬᠢᠵᠦ ᠂ ᠪᠡᠶ᠎ᠡ ᠳᠠᠬᠢ ᠥᠭᠡᠬᠦ ᠶᠢᠨ ᠠᠭᠤᠯᠤᠭᠳᠠᠴᠠ ᠂ | ᠥᠭᠡᠬᠦ ᠶᠢᠨ ᠨᠣᠷᠮ᠎ᠠ ᠂ ᠮᠠᠷᠢᠶ᠎ᠠ ᠰᠢᠭᠤᠷᠠᠭᠤᠯᠬᠤ ᠬᠡᠪᠴᠢᠶ᠎ᠡ ᠵᠡᠷᠭᠡ ᠲᠤᠭ᠎ᠠ ᠪᠠᠷᠢᠮᠲᠠ ᠶᠢ ᠣᠶᠢᠯᠠᠭᠠᠵᠤ ᠂ ᠬᠡᠦᠬᠡᠳ ᠤᠨ ᠰᠢᠮ᠎ᠡ ᠲᠡᠵᠢᠭᠡᠯ ᠤᠨ ᠪᠠᠶᠢᠳᠠᠯ ᠢ ᠨᠠᠩ ᠪᠥᠬᠦ | ᠲᠠᠯ᠎ᠠ ᠪᠠᠷ ᠂ ᠨᠠᠷᠢᠯᠢᠭ ᠤᠨᠤᠪᠴᠢᠲᠠᠢ ᠪᠠᠷ ᠦᠨᠡᠯᠡᠨ ᠵᠢᠱᠢᠵᠦ ᠪᠣᠯᠣᠨ᠎ᠠ ᠃ ᠬᠡᠳᠦᠢ ᠤᠳᠠᠭᠠᠳ ᠨᠢᠭᠡ ᠤᠳᠠᠭ᠎ᠠ ᠰᠢᠨᠵᠢᠯᠡᠭᠡ ᠬᠢᠬᠦ ᠪᠣᠢ ︖ ᠭᠡᠷ ᠤᠨ | ᠠᠬᠠᠮᠠᠳ 1 ᠠᠴᠠ 3 ᠰᠠᠷ᠎ᠠ ᠳᠤ ᠨᠢᠭᠡ ᠤᠳᠠᠭ᠎ᠠ ᠬᠡᠦᠬᠡᠳ ᠤᠨ ᠢᠶᠠᠨ ᠪᠡᠶ᠎ᠡ ᠶᠢᠨ ᠥᠨᠳᠥᠷ ᠪᠠ ᠬᠦᠨᠳᠦ ᠶᠢ ᠬᠡᠮᠵᠢᠬᠦ ᠶᠢᠨ ᠬᠠᠮᠲᠤ BMI ᠬᠡᠮᠵᠢᠯᠲᠡ ᠶᠢ ᠠᠰᠢᠭᠯᠠᠨ | ᠬᠡᠦᠬᠡᠳ ᠤᠨ ᠮᠠᠷᠢᠶ᠎ᠠ ᠬᠡᠲᠦᠷᠡᠭᠰᠡᠨ ᠡᠰᠡᠬᠦ ᠶᠢ ᠬᠢᠨᠠᠨ ᠬᠡᠮᠵᠢᠵᠦ ᠪᠣᠯᠣᠨ᠎ᠠ ᠃ | | |