| ᠵᠡᠭᠦᠨᠭᠠᠷ ᠬᠤᠰᠢᠭᠤ ᠨᠢ ᠬᠠᠲᠤᠨ ᠭᠤᠣᠯ ᠤᠨ ᠳᠤᠬᠤᠢ ᠳᠤ ᠪᠠᠶᠢᠷᠢᠯᠠᠨ ᠂ ᠬᠠᠲᠤᠨ ᠭᠤᠣᠯ ᠬᠤᠰᠢᠭᠤᠨ ᠤ ᠵᠠᠭᠠᠭ ᠳᠤᠳᠤᠷᠠᠬᠢ 5 ᠰᠢᠶᠠᠩ ᠪᠠᠯᠭᠠᠰᠤ ᠪᠠᠷ | ᠤᠷᠤᠰᠤᠨ ᠥᠩᠭᠡᠷᠡᠵᠦ ᠂ ᠪᠥᠬᠦ ᠣᠷᠳᠣ ᠨᠢ 238 ᠺᠢᠯᠣᠮᠧᠲᠷ ᠪᠠᠶᠢᠵᠤ ᠂ ᠥᠪᠥᠷ ᠮᠣᠩᠭᠤᠯ ᠤᠨ ᠬᠡᠰᠡᠭ ᠤᠨ 28% ᠶᠢ ᠡᠵᠡᠯᠡᠵᠦ ᠪᠠᠶᠢᠳᠠᠭ ᠮᠦᠷᠳᠡᠭᠡᠨ ᠪᠠᠰᠠ | ᠴᠦ ᠬᠠᠲᠤᠨ ᠭᠤᠣᠯ ᠤᠨ ᠡᠷᠭᠢ ᠳᠠᠭᠠᠤ ᠶᠢᠨ ᠬᠥᠷᠥᠰᠥ ᠰᠢᠷᠣᠢ ᠶᠢᠨ ᠢᠳᠡᠭᠳᠡᠯ ᠨᠡᠯᠢᠶᠡᠳ ᠬᠦᠨᠳᠦ ᠨᠣᠴᠢᠲᠠᠢ ᠭᠠᠵᠠᠷ ᠣᠷᠣᠨ ᠤ ᠨᠢᠭᠡ ᠪᠣᠯᠣᠨ᠎ᠠ ᠃ ᠪᠥᠬᠦ | ᠬᠤᠰᠢᠭᠤᠨ ᠤ ᠶᠡᠷᠦᠩᠬᠡᠢ ᠨᠤᠳᠤᠭ ᠳᠡᠪᠢᠰᠭᠡᠷ ᠤᠨ ᠲᠠᠯᠠᠪᠠᠶ ᠨᠢ 7692 ᠲᠡᠭᠰᠢ ᠳᠥᠷᠪᠡᠯᠵᠢᠨ ᠺᠢᠯᠣᠮᠧᠲᠷ ᠪᠠᠶᠢᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ | ᠲᠤᠰᠬᠠᠢ ᠮᠡᠷᠭᠡᠵᠢᠯᠲᠡᠳ ᠲᠤ ︽ ᠳᠡᠯᠡᠬᠡᠢ ᠶᠢᠨ ᠪᠥᠮᠪᠥᠷᠴᠡᠭ ᠤᠨ ᠥᠮᠡᠨ ︾ ᠬᠡᠮᠡᠭᠳᠡᠭᠰᠡᠨ ᠬᠠᠶᠢᠷ ᠴᠢᠯᠠᠭᠤᠯᠢᠭ ᠤᠨ ᠣᠷᠣᠨ ᠤ ᠲᠠᠯᠠᠪᠠᠶ ᠨᠢ 5807 ᠲᠡᠭᠰᠢ | ᠳᠥᠷᠪᠡᠯᠵᠢᠨ ᠺᠢᠯᠣᠮᠧᠲᠷ ᠲᠤ ᠬᠦᠷᠴᠦ ᠂ ᠪᠥᠬᠦ ᠬᠤᠰᠢᠭᠤᠨ ᠤ ᠶᠡᠷᠦᠩᠬᠡᠢ ᠨᠤᠳᠤᠭ ᠳᠡᠪᠢᠰᠭᠡᠷ ᠤᠨ ᠲᠠᠯᠠᠪᠠᠶ ᠶᠢᠨ 76.9% ᠶᠢ ᠡᠵᠡᠯᠡᠵᠦ ᠂ ᠡᠭᠦᠨ ᠳᠤ ᠬᠦᠨᠳᠦ | ᠨᠣᠴᠢᠲᠠᠢ ᠬᠠᠯᠴᠠᠭᠠᠢ ᠣᠷᠣᠨ ᠨᠢ 1193 ᠲᠡᠭᠰᠢ ᠳᠥᠷᠪᠡᠯᠵᠢᠨ ᠺᠢᠯᠣᠮᠧᠲᠷ ᠪᠠᠶᠢᠵᠤ ᠂ ᠪᠥᠬᠦ ᠬᠤᠰᠢᠭᠤᠨ ᠤ ᠶᠡᠷᠦᠩᠬᠡᠢ ᠨᠤᠳᠤᠭ ᠳᠡᠪᠢᠰᠭᠡᠷ ᠤᠨ ᠲᠠᠯᠠᠪᠠᠶ ᠶᠢᠨ | 15.8% ᠶᠢ ᠡᠵᠡᠯᠡᠵᠤ ᠪᠤᠢ ᠃ | ᠬᠤᠷᠢᠳᠤᠭᠠᠷ ᠵᠠᠭᠤᠨ ᠤ ᠲᠠᠪᠢ ᠵᠢᠷᠠᠭᠠᠳ ᠣᠨ ᠠᠴᠠ ᠡᠬᠢᠯᠡᠨ ᠂ ᠵᠡᠭᠦᠨᠭᠠᠷ ᠬᠤᠰᠢᠭᠤ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠢᠨᠵᠧᠨᠧᠷᠢᠩ ᠂ ᠬᠠᠶᠢᠷ | ᠴᠢᠯᠠᠭᠤᠯᠢᠭ ᠤᠨ ᠤᠷᠤᠨ ᠳᠤ ᠴᠢᠴᠠᠷᠭᠠᠨ᠎ᠠ ᠳᠠᠷᠢᠵᠤ ᠡᠯᠡᠰᠦ ᠶᠢ ᠪᠠᠭᠠᠰᠬᠠᠬᠤ ᠠᠮᠢ ᠠᠬᠤᠢ ᠶᠢᠨ ᠵᠠᠰᠠᠯᠲᠠ ᠂ ᠰᠢᠷ᠎ᠠ ᠬᠥᠷᠥᠰᠥᠲᠦ ᠥᠨᠳᠦᠷᠯᠢᠭ ᠤᠨ ᠨᠦᠯᠦᠮᠡᠯ | ᠭᠠᠵᠠᠷ ᠤᠨ ᠬᠠᠰᠢᠯᠭ᠎ᠠ ᠶᠢᠨ ᠪᠦᠲᠦᠭᠡᠨ ᠪᠠᠶᠢᠭᠤᠯᠤᠯᠲᠠ ᠂ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠠᠷ | ᠳᠠᠮᠵᠢᠭᠤᠯᠤᠨ ᠂ ᠬᠠᠶᠢᠷ ᠴᠢᠯᠠᠭᠤᠯᠢᠭ ᠤᠷᠤᠨ ᠢ ᠦᠷᠭᠦᠯᠵᠢᠯᠡᠨ ᠵᠠᠰᠠᠪᠠ ᠃ ᠣᠳᠣᠬᠠᠨ ᠳᠤ ᠪᠦᠭᠦ ᠬᠤᠰᠢᠭᠤᠨ ᠤ 61.8% ᠶᠢᠨ ᠬᠠᠶᠢᠷ ᠴᠢᠯᠠᠭᠤᠯᠢᠭ ᠤᠨ | ᠤᠷᠤᠨᠢ ᠵᠠᠰᠠᠬᠰᠠᠨ ᠪᠠᠶᠢᠨ᠎ᠠ ᠃ ᠬᠠᠶᠢᠷ ᠴᠢᠯᠠᠭᠤᠯᠢᠭ ᠬᠠᠯᠴᠠᠭᠠᠢ ᠣᠷᠣᠨ ᠨᠡᠯᠢᠶᠡᠳ ᠲᠥᠪᠯᠡᠷᠡᠭᠰᠡᠨ ᠨᠤᠸᠠᠨ ᠱᠦᠢ ᠰᠢᠶᠠᠩ ᠳᠤ ᠂ ᠰᠢᠷ᠎ᠠ ᠰᠢᠷᠣᠢ ᠂ ᠲᠠᠷᠢᠶᠠᠴᠢᠨ | ᠠᠶᠢᠯ ᠤᠨ ᠪᠣᠷᠳᠣᠭᠤᠷ ᠢ ᠠᠳᠠᠯᠢ ᠪᠤᠰᠤ ᠬᠠᠷᠢᠴᠠᠯ ᠢᠶᠠᠷ ᠬᠠᠶᠢᠷ ᠴᠢᠯᠠᠭᠤᠯᠢᠭ ᠤᠷᠤᠨ ᠳᠤ ᠤᠷᠤᠭᠤᠯᠵᠤ ᠠᠯᠮᠤᠷᠠᠳ ᠤᠨ ᠮᠣᠳᠣ ᠳᠠᠷᠢᠨ ᠂ ᠪᠥᠬᠦ ᠰᠢᠶᠠᠩ ᠢᠶᠠᠷ ᠢᠶᠠᠨ | 2700 ᠮᠦ ᠠᠯᠮᠤᠷᠠᠳ ᠤᠨ ᠮᠣᠳᠣ ᠳᠠᠷᠢᠵᠤ ᠂ ᠨᠢᠳᠤᠨᠤᠨ ᠤ ᠭᠠᠷᠤᠯᠲᠠ ᠨᠢ 320 ᠲᠦᠮᠡᠨ ᠵᠢᠩ ᠳᠤ ᠬᠦᠷᠴᠦ ᠂ ᠵᠠᠭᠤ ᠰᠢᠬᠠᠮ ᠵᠢᠮᠢᠰ ᠳᠠᠷᠢᠬᠰᠠᠨ ᠲᠠᠷᠢᠶᠠᠴᠢᠨ | ᠡᠷᠦᠬᠡ ᠶᠢᠨ ᠵᠢᠯ ᠤᠨ ᠳᠤᠮᠳᠠᠴᠢ ᠣᠷᠣᠯᠭ᠎ᠠ ᠨᠢ ᠠᠷᠪᠠᠨ ᠬᠡᠳᠦᠨ ᠲᠦᠮᠡᠨ ᠲᠥᠭᠦᠷᠢᠭ ᠲᠤ ᠬᠦᠷᠴᠡᠢ ᠃ | ᠵᠡᠭᠦᠨᠭᠠᠷ ᠬᠤᠰᠢᠭᠤ ᠪᠣᠯ ᠬᠠᠲᠤᠨ ᠭᠤᠣᠯ ᠤᠨ ᠳᠤᠮᠳᠠᠳᠤ ᠤᠷᠤᠰᠬᠠᠯ ᠤᠨ ᠭᠠᠩ ᠬᠠᠭᠤᠷᠠᠢ ᠬᠠᠭᠠᠰ ᠭᠠᠩ ᠬᠠᠭᠤᠷᠠᠢ ᠭᠠᠵᠠᠷ ᠣᠷᠣᠨ ᠳᠤ ᠬᠠᠷᠢᠶᠠᠯᠠᠭᠳᠠᠵᠤ ᠂ | ᠬᠥᠷᠥᠰᠥ ᠰᠢᠷᠣᠢ ᠶᠢᠨ ᠢᠳᠡᠭᠳᠡᠯ ᠬᠦᠨᠳᠦ ᠨᠣᠴᠢᠲᠠᠢ ᠂ ᠤᠰᠤ ᠡᠯᠡᠰᠦᠨ ᠤ ᠵᠥᠷᠢᠴᠡᠯ ᠲᠣᠪᠣᠶᠢᠮ᠎ᠠ ᠪᠠᠶᠢᠵᠤ ᠂ ᠡᠯᠡᠰᠦ ᠶᠢ ᠵᠠᠰᠠᠬᠤ ᠨᠢ ᠬᠠᠲᠤᠨ ᠭᠤᠣᠯ ᠢ | ᠵᠠᠰᠠᠬᠤ ᠶᠢᠨ ᠲᠡᠷᠢᠭᠦᠨ ᠴᠢᠬᠤᠯᠠ ᠡᠭᠦᠷᠭᠡ ᠪᠣᠯᠤᠭᠰᠠᠨ ᠪᠠᠶᠢᠨ᠎ᠠ ᠃ 1983 ᠣᠨ ᠠᠴᠠ ᠨᠠᠭᠠᠰᠢ ᠂ ᠵᠡᠭᠦᠨᠭᠠᠷ ᠬᠤᠰᠢᠭᠤ ᠤᠯᠤᠰ ᠤᠨ ᠬᠥᠷᠥᠰᠥ ᠰᠢᠷᠣᠢ ᠶᠢ | ᠬᠠᠮᠠᠭᠠᠯᠠᠬᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠠᠰᠤᠷᠠᠯᠲᠠ ᠦᠭᠡᠢ ᠬᠡᠷᠡᠭᠵᠢᠭᠦᠯᠵᠦ ᠡᠬᠢᠯᠡᠵᠡᠢ ᠃ 2000 ᠣᠨ ᠠᠴᠠ ᠨᠠᠭᠠᠰᠢ ᠂ | ᠵᠡᠭᠦᠨᠭᠠᠷ ᠬᠤᠰᠢᠭᠤ ᠠᠮᠢ ᠠᠬᠤᠢ ᠶᠢᠨ ᠪᠡᠯᠡ ᠮᠥᠩᠭᠦ ᠶᠢ ᠨᠡᠶᠢᠲᠡ 26.3 ᠳ᠋ᠦᠩᠰᠢᠭᠤᠷ ᠲᠥᠭᠦᠷᠢᠭ ᠵᠠᠷᠤᠴᠠᠭᠤᠯᠤᠨ ᠂ 641 ᠲᠦᠮᠡᠨ ᠮᠦ ᠣᠶ ᠰᠢᠭᠤᠢ ᠨᠤᠳᠤᠭ | ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ ᠂ ᠪᠥᠬᠦ ᠬᠤᠰᠢᠭᠤᠨ ᠤ ᠣᠶ ᠰᠢᠭᠤᠢ ᠶᠢᠨ ᠪᠦᠷᠬᠦᠴᠡ ᠶᠢᠨ ᠨᠣᠷᠮ᠎ᠠ 8.4% ᠪᠠᠶᠢᠭᠰᠠᠨ ᠠᠴᠠ ᠪᠠᠨ | 36.38% ᠪᠣᠯᠣᠨ ᠳᠡᠭᠡᠭᠰᠢᠯᠡᠵᠦ ᠂ ᠤᠷᠭᠤᠮᠠᠯ ᠤᠨ ᠪᠦᠷᠬᠦᠴᠡ ᠶᠢᠨ ᠬᠡᠮᠵᠢᠶ᠎ᠡ 16.6% ᠪᠠᠶᠢᠭᠰᠠᠨ ᠠᠴᠠ ᠪᠠᠨ 76.2% ᠪᠣᠯᠣᠨ ᠳᠡᠭᠡᠭᠰᠢᠯᠡᠵᠡᠢ ᠃ ᠬᠠᠲᠤᠨ | ᠭᠤᠣᠯ ᠤᠨ ᠭᠤᠷᠪᠠᠳᠤᠭᠠᠷ ᠳᠡᠰ ᠤᠨ ᠪᠠᠷᠢᠮᠵᠢᠶᠠᠲᠤ ᠬᠠᠰᠢᠯᠭ᠎ᠠ ᠳᠠᠯᠠᠩ ᠢ 61 ᠺᠢᠯᠣᠮᠧᠲᠷ ᠂ ᠨᠦᠯᠦᠮᠡᠯ ᠭᠠᠵᠠᠷ ᠤᠨ ᠬᠠᠰᠢᠯᠭ᠎ᠠ ᠶᠢ 800 ᠭᠠᠷᠤᠢ ᠂ ᠡᠯᠡᠰᠦ | ᠬᠠᠰᠢᠬᠤ ᠬᠠᠰᠢᠯᠭ᠎ᠠ ᠶᠢ 2000 ᠭᠠᠷᠤᠢ ᠪᠠᠶᠢᠭᠤᠯᠵᠤ ᠂ 221 ᠲᠦᠮᠡᠨ ᠮᠦ ᠬᠥᠷᠥᠰᠥ ᠰᠢᠷᠣᠢ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢ ᠪᠡᠶᠡᠯᠡᠭᠦᠯᠵᠦ ᠂ | ᠰᠠᠯᠬᠢ ᠡᠯᠡᠰᠦᠨ ᠤ ᠬᠥᠨᠥᠭᠡᠯ ᠪᠠ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠶ ᠬᠤᠷᠢᠭᠯᠠᠵᠤ ᠂ 2023 ᠣᠨ ᠳᠤ ᠬᠤᠸᠠᠩ ᠹᠦ᠋ ᠴᠤᠸᠠᠨ ᠤ ᠰᠠᠪᠠ ᠭᠠᠵᠠᠷ ᠂ | ᠠᠭᠤᠢ ᠶᠢᠨ ᠭᠤᠣᠯ ᠤᠨ ᠰᠠᠪᠠ ᠭᠠᠵᠠᠷ ᠤᠨ 62 ᠡᠯᠡᠰᠦ ᠬᠠᠰᠢᠬᠤ ᠬᠠᠰᠢᠯᠭ᠎ᠠ ᠶᠢᠨ ᠪᠠᠷᠢᠯᠭ᠎ᠠ ᠶᠢ ᠪᠦᠲᠦᠭᠡᠨ ᠪᠠᠶᠢᠭᠤᠯᠪᠠ ᠃ ᠡᠯᠡᠰᠦ ᠰᠢᠪᠠᠷ ᠢ ᠬᠠᠰᠢᠬᠰᠠᠨ ᠠᠴᠠ | ᠠᠭᠤᠯᠠ ᠤᠰᠤ ᠬᠥᠬᠡᠷᠡᠨ ᠨᠣᠭᠤᠭᠠᠷᠠᠬᠰᠠᠨ ᠦᠵᠡᠰᠬᠦᠯᠡᠩ ᠲᠠᠢ ᠦᠵᠡᠮᠵᠢ ᠵᠡᠭᠦᠨᠭᠠᠷ ᠲᠤ ᠢᠯᠡᠷᠡᠭᠰᠡᠨ ᠪᠠᠶᠢᠨ᠎ᠠ᠃ | ᠬᠥᠪᠴᠢ ᠶᠢᠨ ᠡᠯᠡᠰᠦᠨ ᠴᠥᠯ ᠵᠡᠭᠦᠨᠭᠠᠷ ᠬᠤᠰᠢᠭᠤᠨ ᠤ ᠵᠠᠭᠠᠭ ᠳᠣᠲᠣᠷ᠎ᠠ 922 ᠲᠡᠭᠰᠢ ᠳᠥᠷᠪᠡᠯᠵᠢᠨ ᠺᠢᠯᠣᠮᠧᠲᠷ ︵ 138 ᠲᠦᠮᠡᠨ ᠮᠦ ︶ ᠦᠷᠭᠦᠯᠵᠢᠯᠡᠵᠦ ᠂ | ᠪᠥᠬᠦ ᠬᠤᠰᠢᠭᠤᠨ ᠤ ᠨᠤᠲᠤᠭ ᠳᠡᠪᠢᠰᠬᠡᠷ ᠤᠨ ᠲᠠᠯᠠᠪᠠᠶ ᠶᠢᠨ 12% ᠢ ᠡᠵᠡᠯᠡᠵᠤ ᠪᠠᠶᠢᠳᠠᠭ ᠃ 2023 ᠣᠨ ᠳᠤ ᠵᠡᠭᠦᠨᠭᠠᠷ ᠬᠤᠰᠢᠭᠤ ᠨᠡᠶᠢᠲᠡ 3025 ᠲᠦᠮᠡᠨ | ᠲᠥᠭᠦᠷᠢᠭ ᠵᠠᠷᠤᠴᠠᠭᠤᠯᠤᠨ ᠂ ᠬᠥᠪᠴᠢ ᠶᠢᠨ ᠡᠯᠡᠰᠦ ᠶᠢ ᠶᠡᠷᠦᠩᠬᠡᠶᠢᠯᠡᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠤᠬᠰᠠᠨ ᠤ ᠬᠠᠮᠲᠤ ᠬᠥᠪᠴᠢ ᠶᠢᠨ ᠡᠯᠡᠰᠦ ᠶᠢᠨ 400 | ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠬᠡᠷᠡᠭᠵᠢᠭᠦᠯᠵᠦ ᠂ ︽ ᠬᠡᠷᠡᠯ ᠴᠡᠨᠡᠭ + ᠡᠯᠡᠰᠦ ᠶᠢ ᠵᠠᠰᠠᠬᠤ + ᠲᠠᠷᠢᠶᠠᠯᠠᠩ ᠣᠶ ᠰᠢᠭᠤᠢ + | ᠵᠤᠭᠠᠴᠠᠯ ︾ ᠪᠠ ︽ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠵᠤ ᠂ ᠬᠠᠪᠲᠠᠰᠤᠨ ᠳᠣᠣᠷ᠎ᠠ ᠳᠠᠷᠢᠬᠤ ︾ ᠬᠥᠭᠵᠢᠯᠲᠡ ᠶᠢᠨ ᠵᠠᠭᠪᠤᠷ ᠢ ᠶᠡᠭᠡ ᠪᠠᠷ ᠬᠡᠷᠡᠭᠵᠢᠭᠦᠯᠪᠠ ᠃ | 2023 ᠣᠨ ᠳᠤ ᠂ ᠬᠤᠭᠤᠯᠠᠢ ᠶᠢᠨ ᠭᠤᠣᠯ ᠤᠨ ᠠᠮᠢ ᠠᠬᠤᠢ ᠶᠢ ᠴᠡᠪᠡᠷᠰᠢᠬᠦᠯᠬᠦ ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢᠨ ᠬᠠᠮᠠᠭᠠᠯᠠᠯᠲᠠ ᠶᠢᠨ | ᠶᠡᠷᠦᠩᠬᠡᠶᠢᠯᠡᠨ ᠵᠠᠰᠠᠬᠤ ᠢᠨᠵᠧᠨᠧᠷᠢᠩ ᠳᠤ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠲᠠᠯᠠᠪᠠᠶ ᠶᠢ 3000 ᠾᠧᠺᠲ᠋ᠠᠷ ︵ ᠠᠮᠢ ᠠᠬᠤᠢ ᠶᠢᠨ ᠠᠶᠠᠨᠳᠠᠭᠠᠨ ᠰᠡᠷᠭᠦᠬᠦ | ᠣᠷᠣᠨ 2013.85 ᠾᠧᠺᠲ᠋ᠠᠷ ᠂ ᠶᠡᠷᠦᠩᠬᠡᠶᠢᠯᠡᠨ ᠵᠠᠰᠠᠬᠤ ᠣᠷᠣᠨ 986.15 ᠾᠧᠺᠲ᠋ᠠᠷ ︶ ᠰᠢᠨ᠎ᠠ ᠪᠠᠷ ᠨᠡᠮᠡᠭᠳᠡᠬᠦᠯᠬᠦ ᠶᠢ ᠵᠦᠪᠰᠢᠶᠡᠷᠡᠵᠤ ᠂ 1500 ᠲᠦᠮᠡᠨ | ᠲᠥᠭᠦᠷᠢᠭ ᠤᠨ ᠪᠡᠯᠡ ᠣᠷᠣᠭᠤᠯᠤᠯᠲᠠ ᠶᠢ ᠪᠦᠬᠦᠨ ᠢ ᠪᠡᠶᠡᠯᠡᠭᠦᠯᠪᠡ ᠃ ᠪᠤᠷᠤᠳᠤᠬᠤᠢ ᠶᠢᠨ ᠠᠮᠢ ᠠᠬᠤᠢ ᠶᠢᠨ ᠤᠰᠤᠨ ᠰᠤᠷᠪᠤᠯᠵᠢ ᠶᠢᠨ ᠢᠨᠵᠧᠨᠧᠷᠢᠩ ᠢ ᠪᠦᠬᠦᠨ ᠢ | ᠪᠦᠲᠦᠭᠡᠨ ᠪᠠᠶᠢᠭᠤᠯᠵᠤ ᠳᠠᠭᠤᠰᠬᠠᠨ᠂ ᠤᠶᠢᠷ᠎ᠠ ᠬᠠᠪᠢ ᠶᠢᠨ ᠤᠰᠤᠨ ᠰᠤᠷᠪᠤᠯᠵᠢ ᠶᠢᠨ ᠬᠠᠳᠠᠭᠠᠯᠠᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ ᠂ ᠡᠯᠡᠰᠦ ᠤᠰᠤ | ᠵᠠᠯᠭᠠᠯᠳᠤᠭᠰᠠᠨ ᠠᠮᠢ ᠠᠬᠤᠢ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ | ᠣᠶᠢᠷ᠎ᠠ ᠶᠢᠨ ᠵᠢᠯ ᠤᠳ ᠲᠤ ᠂ ᠵᠡᠭᠦᠨᠭᠠᠷ ᠬᠤᠰᠢᠭᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ᠂ ᠪᠣᠬᠢᠷᠲᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠤᠭᠰᠠᠨ ᠪᠥᠭᠡᠳ ᠮᠡᠳᠡᠭᠳᠡᠮ᠎ᠡ ᠦᠷ᠎ᠡ ᠪᠦᠲᠦᠮᠵᠢ ᠣᠯᠵᠠᠢ ᠃ ᠵᠢᠯ ᠪᠤᠯᠭᠠᠨ ᠤ ᠬᠠᠪᠤᠷ ᠤᠨ ᠡᠬᠢ ᠪᠠᠷ ᠂ | ᠬᠥᠭᠡᠷᠦᠬᠦᠨ ︽ ᠪᠢᠴᠢᠬᠠᠨ ᠵᠣᠴᠢᠳ ︾ ᠯᠠᠮᠠ ᠭᠠᠯᠠᠭᠤ ᠴᠠᠭ ᠲᠠᠭᠠᠨ ᠵᠡᠭᠦᠨᠭᠠᠷ ᠬᠤᠰᠢᠭᠤᠨ ᠤ ᠪᠣᠬᠢᠷᠲᠤᠯ ᠦᠭᠡᠢ ᠠᠭᠤᠷᠬᠠᠢ ᠳᠤ ᠤᠷᠤᠨ ᠳᠤ ᠬᠦᠷᠴᠦ ︽ | ᠺᠠᠷᠲ ᠢᠶᠠᠨ ᠪᠦᠷᠢᠳᠬᠡᠭᠦᠯᠳᠡᠭ ︾ ᠪᠠᠶᠢᠨ᠎ᠠ᠃ | ᠬᠠᠲᠤᠨ ᠭᠤᠣᠯ ᠤᠨ ᠵᠡᠭᠦᠨᠭᠠᠷ ᠬᠤᠰᠢᠭᠤᠨ ᠤ ᠭᠡᠰᠡᠭ ᠤᠨ ᠲᠣᠰᠬᠤᠨ ᠤ ᠱᠠᠳᠤᠨ ᠤ ᠭᠤᠣᠯ ᠤᠨ ᠳᠠᠷᠤᠭ᠎ᠠ ᠪᠤᠯᠤᠬᠰᠠᠨ᠂ ᠰᠢᠶᠣᠣ ᠲᠠᠨ ᠽᠢ ᠲᠣᠰᠬᠤᠨ ᠤ | ᠨᠠᠮ ᠤᠨ ᠡᠭᠦᠷ ᠤᠨ ᠳᠡᠳ᠋ ᠱᠦᠵᠢ ᠴᠢᠶᠣᠤ ᠰᠢᠦᠢ ᠰᠠᠷ᠎ᠠ ᠪᠦᠷᠢ ᠬᠤᠶᠠᠷ ᠤᠳᠠᠭ᠎ᠠ ᠭᠤᠣᠯ ᠤᠨ ᠵᠠᠮ ᠢ ᠲᠣᠭᠤᠷᠢᠨ ᠪᠠᠶᠢᠴᠠᠭᠠᠳᠠᠭ ᠃ ᠣᠶᠢᠷ᠎ᠠ ᠶᠢᠨ ᠵᠢᠯ ᠤᠳ ᠲᠤ ᠂ | ᠠᠳᠡ ᠢᠷᠡᠵᠦ ᠬᠥᠯ ᠠᠮᠠᠷᠠᠵᠤ ᠥᠩᠭᠡᠷᠡᠬᠦ ᠨᠡᠭᠦᠳᠡᠯ ᠤᠨ ᠰᠢᠪᠠᠭᠤᠳ ᠢᠯᠡᠳᠲᠡ ᠣᠯᠠᠰᠢᠷᠠᠵᠤ ᠂ ︽ ᠮᠣᠳᠣ ᠠᠷᠪᠢᠳᠴᠤ ᠡᠪᠡᠰᠦ ᠨᠣᠭᠤᠭᠠᠷᠠᠪᠠ ᠂ ᠡᠬᠦᠪᠠᠷ | ᠥᠩᠭᠡᠷᠡᠬᠦ ᠨᠡᠭᠦᠳᠡᠯ ᠤᠨ ᠰᠢᠪᠠᠭᠤᠨ ᠤ ᠲᠤᠭ᠎ᠠ ᠴᠤ ᠶᠠᠪᠤᠬᠤ ᠲᠤᠲᠤᠮ ᠣᠯᠠᠰᠢᠷᠠᠵᠤ ᠪᠠᠶᠢᠬᠤ ᠶᠢ ᠲᠡᠷᠡ ᠣᠯᠵᠤ ᠮᠠᠲᠠᠵᠠᠢ ᠂ ᠡᠨᠡ ᠨᠢ ᠮᠠᠨ ᠤ ᠠᠮᠢ ᠠᠬᠤᠢ ᠣᠷᠴᠢᠨ | ᠳᠤᠭᠤᠷᠢᠨ ᠰᠠᠶᠢᠵᠢᠷᠠᠭᠰᠠᠨ ᠢ ᠭᠡᠷᠡᠴᠢᠯᠡᠵᠦ ᠪᠠᠶᠢᠨ᠎ᠠ ︾ ᠭᠡᠨ᠎ᠠ ᠃ ᠵᠡᠭᠦᠨᠭᠠᠷ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠬᠠᠮᠢᠶᠠᠷᠤᠯᠲᠠ ᠶᠢᠨ ᠥᠷᠲᠡᠭᠡᠨ ᠤ ᠳᠠᠷᠤᠭ᠎ᠠ ᠰᠢᠤᠸᠠᠢ ᠶᠦᠩ | ᠢᠯᠡᠷᠬᠡᠶᠢᠯᠡᠬᠦ ᠳᠡᠭᠡᠨ ᠂ ᠣᠳᠣᠬᠠᠨ ᠳᠤ ᠂ ᠬᠠᠲᠤᠨ ᠭᠤᠣᠯ ᠤᠨ ᠡᠷᠭᠢ ᠶᠢᠨ ᠱᠢ ᠡᠯ ᠯᠢᠶᠠᠨ ᠴᠧᠩ ᠰᠢᠶᠠᠩ ᠂ ᠳ᠋ᠠ ᠯᠦ ᠪᠠᠯᠭᠠᠰᠤ ᠂ ᠯᠦᠩ ᠺᠧᠦ ᠪᠠᠯᠭᠠᠰᠤ ᠵᠡᠷᠭᠡ | ᠭᠠᠵᠠᠷ ᠲᠤ 200 ᠭᠠᠷᠤᠢ ᠲᠥᠷᠥᠯ ᠤᠨ ᠰᠢᠪᠠᠭᠤᠳ ᠢᠷᠡᠵᠤ ᠂ ᠡᠨᠡ ᠭᠠᠵᠠᠷ ᠨᠢ ᠨᠡᠭᠦᠳᠡᠯ ᠤᠨ ᠰᠢᠪᠠᠭᠤᠳ ᠤᠨ ᠰᠠᠨᠠᠭᠠᠨ ᠳᠤ ᠳᠠᠭᠠᠷᠠᠭᠰᠠᠨ ᠨᠡᠭᠦᠳᠡᠯᠯᠡᠬᠦ ᠂ | ᠦᠷᠡᠵᠢᠬᠦ ᠪᠠ ᠣᠷᠣᠰᠢᠨ ᠠᠮᠢᠳᠤᠷᠠᠬᠤ ᠭᠠᠵᠠᠷ ᠪᠣᠯᠤᠭᠰᠠᠨ ᠪᠠᠶᠢᠨ᠎ᠠ᠂ ᠡᠬᠦᠨ ᠳᠤ ᠬᠤᠨ ᠭᠠᠯᠠᠭᠤ ᠂ ᠯᠠᠮᠠ ᠭᠠᠯᠠᠭᠤ ᠂ ᠪᠣᠷᠣ ᠲᠣᠭᠤᠷᠤᠤ ᠵᠡᠷᠭᠡ ᠤᠯᠤᠰ ᠤᠨ | ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠵᠥᠩᠳᠡᠭᠡᠨ ᠪᠠᠶᠢᠨ᠎ᠠ ᠭᠡᠬᠦ ᠶᠤᠮ ᠃ | ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠨᠢ ᠠᠮᠢ ᠠᠬᠤᠢ ᠶᠢᠨ ᠪᠦᠷᠬᠦᠪᠴᠢ ᠤᠷᠭᠤᠮᠠᠯ ᠤᠨ ᠪᠦᠳᠤᠭᠡᠨ | ᠪᠠᠶᠢᠭᠤᠯᠤᠯᠳᠠ ᠶᠢ ᠠᠬᠢᠭᠤᠯᠵᠠᠢ ᠃ 2023 ᠣᠨ ᠳᠤ ᠠᠮᠢ ᠠᠬᠤᠢ ᠶᠢᠨ ᠪᠦᠷᠬᠦᠪᠴᠢ ᠤᠷᠭᠤᠮᠠᠯ ᠤᠨ ᠪᠦᠲᠦᠭᠡᠨ ᠪᠠᠶᠢᠭᠤᠯᠤᠯᠲᠠ ᠶᠢ 28.75 ᠲᠦᠮᠡᠨ ᠮᠦ | ᠪᠡᠶᠡᠯᠡᠭᠦᠯᠵᠦ ᠂ ᠡᠭᠦᠨ ᠳᠤ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 14.25 ᠲᠦᠮᠡᠨ ᠮᠦ ᠂ ᠨᠤᠲᠤᠭ ᠪᠡᠯᠴᠢᠭᠡᠷ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢ 14.5 ᠲᠦᠮᠡᠨ ᠮᠦ ᠪᠡᠶᠡᠯᠡᠭᠦᠯᠵᠦ ᠂ ᠳᠡᠭᠡᠷ᠎ᠡ ᠵᠢᠯ ᠤᠨ ᠬᠢ ᠠᠴᠠ 31.2% ᠢᠶᠠᠷ ᠨᠡᠮᠡᠭᠳᠡᠪᠡ ᠃ ᠪᠦᠬᠦ ᠠᠷᠠᠳ ᠤᠨ ᠠᠯᠪᠠᠨ | ᠵᠢᠷᠤᠮ ᠤᠨ ᠮᠣᠳᠣ ᠲᠠᠷᠢᠬᠤ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠪᠡ᠃ 2023 ᠣᠨ ᠳᠤ ᠣᠶ ᠰᠢᠭᠤᠢ ᠨᠤᠳᠤᠭ ᠪᠡᠯᠴᠢᠭᠡᠷ ᠤᠨ | ᠰᠢᠰᠲ᠋ᠧᠮ ᠤᠨ ᠬᠢᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ 16 ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ ᠂ | 150 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠬᠤ ᠶᠢ ᠪᠡᠶᠡᠯᠡᠭᠦᠯᠪᠡ ᠃ ︽ ᠰᠢᠩ ᠹᠦ᠋ ︾ ᠵᠡᠭᠦᠨᠭᠠᠷ ᠤᠨ ᠢᠨᠵᠧᠨᠧᠷᠢᠩ ᠢ ᠴᠣᠭᠴᠠᠯᠠᠵᠤ ᠂ ︽ ᠨᠢᠭᠡ | ᠤᠴᠢᠷ ᠶᠠᠪᠤᠳᠠᠯ ᠨᠢᠭᠡ ᠬᠡᠪ ᠳᠠᠭᠤᠷᠢᠶᠠᠯ ︾ ᠤᠨ ᠳᠦᠷᠢ ᠲᠥᠷᠬᠦ ᠶᠢ ᠪᠣᠶ ᠪᠣᠯᠭᠠᠪᠠ ᠃ ︽ ᠵᠡᠭᠦᠨᠭᠠᠷ ᠬᠤᠰᠢᠭᠤᠨ ᠤ ᠵᠢᠮᠢᠰ ᠤᠨ ᠣᠶ ᠶᠢᠨ ᠦᠢᠯᠡᠰ ᠤᠨ | ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠯ ︵ 2023 ︱ 2025 ︶ ︾ ᠤᠨ ᠪᠢᠴᠢᠭ ᠮᠠᠲ᠋ᠧᠷᠢᠶᠠᠯ ᠶᠣᠰᠣᠭᠠᠷ ᠂ 2023 ᠣᠨ ᠳᠤ 4000 | ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠵᠠᠷᠤᠴᠠᠭᠤᠯᠤᠨ᠂ ᠠᠷᠠᠳ ᠣᠯᠠᠨ ᠤ ᠠᠰᠢᠭ ᠲᠤᠰᠠ ᠲᠠᠢ ᠬᠤᠯᠪᠣᠬᠤ ᠵᠠᠭᠪᠤᠷ ᠢᠶᠠᠷ ᠳᠠᠮᠵᠢᠭᠤᠯᠤᠨ ᠂ ᠠᠵᠤ | ᠠᠬᠤᠢ ᠶᠢᠨ ᠣᠶ ᠶᠢᠨ ᠪᠦᠲᠦᠭᠡᠨ ᠪᠠᠶᠢᠭᠤᠯᠤᠯᠲᠠ ᠶᠢ 9.28 ᠲᠦᠮᠡᠨ ᠮᠦ ᠪᠡᠶᠡᠯᠡᠭᠦᠯᠵᠡᠢ ᠃ ᠵᠢᠯ ᠤᠨ ᠡᠴᠦᠰ ᠪᠣᠯᠲᠠᠯ᠎ᠠ ᠂ ᠪᠥᠬᠦ ᠬᠤᠰᠢᠭᠤ ᠪᠠᠷ ᠢᠶᠠᠨ ᠴᠢᠴᠠᠷᠭᠠᠨ᠎ᠠ | 93 ᠲᠦᠮᠡᠨ ᠮᠦ ᠂ ᠬᠦᠢᠯᠡᠰᠦ 90 ᠲᠦᠮᠡᠨ ᠮᠦ ᠂ ᠠᠯᠮᠤᠷᠠᠳ 3 ᠲᠦᠮᠡ ᠭᠠᠷᠤᠢ ᠮᠦ ᠂ ᠠᠯᠢᠮ᠎ᠠ ᠂ ᠲᠤᠭᠤᠷ ᠂ ᠤᠯᠠᠭᠠᠨ ᠴᠢᠪᠠᠭ᠎ᠠ ᠵᠡᠷᠭᠡ ᠶᠢ 3 ᠲᠦᠮᠡ ᠭᠠᠷᠤᠢ | ᠮᠦ ᠳᠠᠷᠢᠵᠤ ᠂ ᠪᠥᠬᠦ ᠣᠷᠣᠨ ᠳᠤ ᠵᠠᠭᠤᠨ ᠲᠦᠮᠡᠨ ᠮᠦ ᠠᠵᠤ ᠠᠬᠤᠢ ᠶᠢᠨ ᠣᠶ ᠲᠠᠢ ᠪᠤᠯᠬᠤ ᠬᠠᠷᠠᠯᠲᠠ ᠶᠢ ᠤᠷᠢᠳᠠᠪᠠᠷ ᠪᠡᠶᠡᠯᠡᠭᠦᠯᠪᠡ ᠃ | 2023 ᠣᠨ ᠤ 7 ᠰᠠᠷ᠎ᠠ ᠳᠤ ᠂ ᠬᠠᠲᠤᠨ ᠭᠤᠣᠯ ᠤᠨ ᠬᠤᠶᠢᠲᠤ ᠬᠡᠰᠡᠭ ᠲᠤ ᠪᠠᠶᠢᠷᠢᠯᠠᠵᠤ ᠪᠠᠶᠢᠭ᠎ᠠ ᠱᠢ ᠡᠯ ᠯᠢᠶᠠᠨ ᠴᠧᠩ ᠰᠢᠶᠠᠩ ᠤᠨ ᠵᠢᠦᠢ ᠾᠧ ᠲᠠᠨ | ᠲᠣᠰᠬᠤᠨ ᠳᠤ ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠢ ᠲᠡᠵᠢᠭᠡᠨ ᠦᠷᠡᠵᠢᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠵᠤ ᠂ ᠲᠦᠷᠦᠭᠦᠸ | ᠪᠦᠯᠦᠭ ᠲᠤ ᠨᠡᠶᠢᠲᠡ 120 ᠲᠦᠮᠡᠨ ᠰᠠᠮ ᠬᠤᠷᠣᠬᠠᠢ ᠶᠢᠨ ᠵᠢᠷᠠᠭᠠᠬᠠᠢ ᠲᠠᠯᠪᠢᠭᠰᠠᠨ ᠪᠠᠶᠢᠨ᠎ᠠ ᠃ ᠲᠣᠰ ᠲᠥᠷᠥᠯ ᠵᠦᠢᠯ ᠨᠢ ᠤᠶᠢᠷ᠎ᠠ ᠬᠠᠪᠢ ᠶᠢᠨ ᠭᠠᠵᠠᠷ | ᠣᠷᠣᠨ ᠤ ᠬᠤᠵᠢᠷᠯᠢᠭ ᠭᠠᠵᠠᠷ ᠤᠨ ᠵᠢᠭᠠᠰᠤᠨ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠪᠠ ᠬᠤᠵᠢᠷᠯᠢᠭ ᠭᠠᠵᠠᠷ ᠤᠨ ᠰᠠᠶᠢᠵᠢᠷᠠᠭᠤᠯᠤᠯᠲᠠ ᠶᠢᠨ ᠬᠤᠶᠠᠷ | ᠲᠠᠯ᠎ᠠ ᠪᠠᠷ ᠢᠶᠠᠨ ᠠᠰᠢᠭ ᠭᠥᠷᠳᠡᠬᠦ ᠪᠠᠶᠢᠳᠠᠯ ᠤᠨ ᠵᠢᠱᠢᠶ᠎ᠡ ᠦᠵᠡᠭᠦᠯᠬᠦ ᠪᠠ ᠳᠠᠶᠢᠴᠢᠯᠠᠬᠤ ᠶᠢ ᠪᠡᠶᠡᠯᠡᠬᠦᠯᠵᠤ ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠪᠡ ᠃ | ᠬᠤᠵᠢᠷᠯᠢᠭ ᠭᠠᠵᠠᠷ ᠲᠤ ᠡᠷᠴᠢᠮᠵᠢᠭᠦᠯᠦᠨ ᠲᠡᠵᠢᠭᠡᠨ ᠦᠷᠡᠵᠢᠭᠦᠯᠬᠦ ᠶᠢ ᠬᠡᠷᠡᠭᠵᠢᠭᠦᠯᠵᠦ ᠂ ᠤᠯᠠᠮᠵᠢᠯᠠᠯᠲᠤ ᠲᠡᠵᠢᠭᠡᠨ ᠦᠷᠡᠵᠢᠭᠦᠯᠬᠦ ᠦᠢᠯᠡᠰ ᠤᠨ ᠰᠠᠭᠤᠷᠢᠨ ᠳᠡᠭᠡᠷ᠎ᠡ | ᠠᠵᠤ ᠦᠢᠯᠡᠰ ᠤᠨ ᠬᠡᠯᠬᠢᠶ᠎ᠡ ᠶᠢ ᠨᠡᠮᠡᠭᠳᠡᠭᠦᠯᠬᠦ ᠨᠢ ᠵᠢᠦᠢ ᠾᠧ ᠲᠠᠨ ᠲᠣᠰᠬᠤᠨ ᠤ ︽ ᠵᠢᠭᠠᠰᠤ ᠠᠩᠨᠠᠬᠤ ᠪᠠᠷ ᠬᠤᠵᠢᠷᠯᠢᠭ ᠭᠠᠵᠠᠷ ᠢ ᠰᠠᠶᠢᠵᠢᠷᠠᠭᠤᠯᠬᠤ ︾ ᠠᠵᠤ | ᠦᠢᠯᠡᠰ ᠤᠨ ᠬᠥᠭᠵᠢᠯᠲᠡ ᠶᠢᠨ ᠢᠷᠡᠭᠡᠳᠦᠢ ᠲᠠᠢ ᠨᠡᠶᠢᠴᠡᠭᠰᠡᠨ ᠪᠠᠶᠢᠨ᠎ᠠ ᠃ | ᠳ᠋ᠠ ᠯᠦ ᠪᠠᠯᠭᠠᠰᠤᠨ ᠤ ᠰᠢᠶᠣᠣ ᠲᠠᠨ ᠽᠢ ᠲᠣᠰᠬᠤᠨ ᠤ ᠬᠠᠲᠤᠨ ᠭᠤᠣᠯ ᠤᠨ ᠲᠤᠲᠤᠷᠭ᠎ᠠ ᠪᠠ ᠵᠢᠭᠠᠰᠤᠨ ᠤ ᠠᠮᠢ ᠠᠬᠤᠢ ᠶᠢᠨ ᠦᠵᠡᠮᠵᠢ ᠶᠢᠨ | ᠬᠦᠷᠢᠶᠡᠯᠡᠩ ᠳᠤ ᠂ ᠵᠢᠭᠠᠰᠤ ᠵᠢᠷᠠᠭᠠᠬᠠᠢ ᠨᠠᠢᠮᠠᠯᠵᠢ ᠨᠢ ᠲᠤᠲᠤᠷᠭ᠎ᠠ ᠶᠢᠨ ᠳᠠᠷᠢᠶᠠᠨ ᠳᠤᠮᠳᠠᠭᠤᠷ ᠰᠦᠯᠵᠢᠯᠳᠦᠵᠦ ᠂ ︽ᠲᠤᠲᠤᠷᠭ᠎ᠠ ᠪᠤᠯᠤᠨ ᠨᠠᠢᠮᠠᠯᠵᠢ ᠵᠢᠭᠠᠰᠤ ᠬᠠᠮᠲᠤ | ᠣᠷᠣᠰᠢᠬᠰᠠᠨ︾ ᠦᠵᠡᠭᠳᠡᠯ ᠨᠢ ᠵᠤᠭᠠᠴᠠᠭᠰᠠᠳ ᠲᠤ ᠮᠠᠷᠲᠠᠭᠳᠠᠰᠢ ᠦᠭᠡᠢ ᠰᠠᠭᠤᠬᠳᠠᠯ ᠦᠯᠡᠳᠡᠭᠡᠨ᠎ᠠ᠃ ᠭᠡᠲᠡᠯ᠎ᠡ ᠥᠩᠭᠡᠷᠡᠭᠰᠡᠨ ᠳᠤ ᠂ ᠠᠳᠡᠬᠢ ᠨᠢ ᠣᠯᠠᠨ ᠵᠢᠯ | ᠬᠦᠨᠳᠦ ᠨᠤᠴᠢᠳᠠᠢ ᠠᠲᠠᠷᠰᠢᠭᠰᠠᠨ ᠬᠤᠵᠢᠷᠯᠢᠭ ᠭᠠᠵᠠᠷ ᠪᠠᠶᠢᠵᠠᠢ ᠃ ᠬᠠᠲᠤᠨ ᠭᠤᠣᠯ ᠤᠨ ᠲᠤᠲᠤᠷᠭ᠎ᠠ ᠪᠠ ᠵᠢᠭᠠᠰᠤᠨ ᠤ ᠠᠮᠢ ᠠᠬᠤᠢ ᠶᠢᠨ ᠵᠤᠭᠠᠴᠠᠯ ᠤᠨ | ᠬᠦᠷᠢᠶᠡᠯᠡᠩ ᠤᠨ ᠳᠡᠳ᠋ ᠶᠡᠷᠦᠩᠬᠡᠢ ᠳᠠᠭᠠᠭᠠᠮᠠᠯ ᠴᠢᠶᠣᠤ ᠱᠧᠩ᠄︽ ᠰᠠᠶᠢᠵᠢᠷᠠᠭᠤᠯᠬᠤ ᠪᠠᠷ ᠳᠠᠮᠵᠢᠨ᠂ ᠬᠦᠷᠢᠶᠡᠯᠡᠩ ᠲᠣᠭᠤᠷᠢᠭ ᠲᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ ᠂ ᠵᠢᠯ ᠪᠦᠷᠢ ᠶᠢᠨ ᠲᠤᠲᠤᠷᠭ᠎ᠠ ᠶᠢᠨ ᠤᠨᠠᠯᠲᠠ ᠪᠠᠷᠤᠭ 65 ᠲᠦᠮᠡᠨ ᠵᠢᠩ᠂ | ᠵᠢᠭᠠᠰᠤᠨ ᠤ ᠭᠠᠷᠤᠯᠳᠠ ᠪᠠᠷᠤᠭ 8 ᠲᠦᠮᠡᠨ ᠵᠢᠩ᠂ ᠨᠠᠢᠮᠠᠯᠵᠢ ᠶᠢᠨ ᠭᠠᠷᠤᠯᠳᠠ ᠪᠠᠷᠤᠭ 1 ᠲᠦᠮᠡᠨ ᠵᠢᠩ ᠪᠠᠶᠢᠨ᠎ᠠ︾ ᠭᠡᠵᠦ ᠶᠠᠷᠢᠨ᠎ᠠ᠃ | 2023 ᠣᠨ ᠤ 10 ᠰᠠᠷ᠎ᠠ ᠳᠤ ᠂ ᠵᠡᠭᠦᠨᠭᠠᠷ ᠬᠤᠰᠢᠭᠤᠨ ᠤ ᠱᠢ ᠡᠯ ᠯᠢᠶᠠᠨ ᠴᠧᠩ ᠰᠢᠶᠠᠩ ᠪᠣᠯᠣᠨ ᠳ᠋ᠠ ᠯᠦ ᠪᠠᠯᠭᠠᠰᠤ ᠶᠢᠨ ᠬᠠᠳᠤᠨ ᠭᠤᠣᠯ ᠤᠨ ᠭᠤᠤᠯ ᠤᠨ | ᠵᠠᠮ ᠳᠠᠭᠠᠤ ᠶᠢᠨ 1.42 ᠲᠦᠮᠡᠨ ᠮᠦ ᠴᠠᠷᠭᠠᠰᠤ ᠪᠣᠯᠣᠨ ᠨᠣᠬᠠᠢ ᠶᠢᠨ ᠬᠤᠰᠢᠭᠤ ᠶᠢᠨ ᠡᠪᠡᠰᠦ ᠡᠯᠪᠡᠭ ᠬᠤᠷᠢᠶᠠᠯᠲᠠ ᠶᠢᠨ ᠤᠯᠠᠷᠢᠯ ᠢᠶᠠᠨ ᠤᠬᠳᠤᠨ ᠠᠪᠴᠢᠷᠠᠯ᠎ᠠ᠃ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠠᠬᠢᠭᠤᠯᠬᠤ ᠶᠢᠨ ᠳᠤᠰᠠᠳᠠ᠂ ᠵᠡᠭᠦᠨᠭᠠᠷ ᠬᠤᠰᠢᠭᠤᠨ ᠤ ᠠᠭᠤᠷᠬᠠᠢ ᠶᠢᠨ ᠣᠷᠣᠨ ᠤ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︽ ᠨᠢᠭᠡ ᠤᠴᠢᠷ ᠶᠠᠪᠤᠳᠠᠯ ᠨᠢᠭᠡ ᠭᠡᠪ ᠳᠠᠭᠤᠷᠢᠶᠠᠯ︾ | ᠢᠶᠠᠷ ᠭᠠᠷᠳᠠᠴᠠ ᠪᠤᠯᠭᠠᠨ᠂2023 ᠣᠨ ᠠᠴᠠ ᠡᠬᠢᠯᠡᠨ᠂ ᠱᠢ ᠡᠯ ᠯᠢᠶᠠᠨ ᠴᠧᠩ ᠰᠢᠶᠠᠩ ᠪᠣᠯᠣᠨ ᠳ᠋ᠠ ᠯᠦ ᠪᠠᠯᠭᠠᠰᠤ ᠶᠢᠨ ᠬᠠᠳᠤᠨ ᠭᠤᠣᠯ ᠤᠨ ᠭᠤᠤᠯ ᠤᠨ ᠵᠠᠮ | ᠳᠠᠭᠠᠤ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠭᠰᠠᠨ ᠣᠷᠣᠨ ᠪᠦᠰᠡ ᠶᠢᠨ ᠳᠠᠷᠢᠶᠠᠴᠢᠨ ᠡᠷᠤᠭᠡ ᠶᠢᠨ ᠰᠢᠯᠵᠢᠬᠦᠯᠦᠭᠰᠡᠨ ᠭᠠᠵᠠᠷ ᠲᠤ 1.42 ᠲᠦᠮᠡᠨ ᠮᠦ | ᠡᠪᠡᠰᠤ ᠲᠠᠷᠢᠵᠤ ᠂ ᠡᠭᠦᠨ ᠤ ᠤᠯᠠᠮ ᠢᠶᠠᠷ ᠲᠠᠩ ᠭᠠᠵᠠᠷ ᠤᠨ ᠰᠠᠯᠬᠢᠨ ᠤ ᠬᠤᠷᠳᠤᠴᠠ ᠶᠢ ᠪᠠᠭᠠᠰᠬᠠᠨ ᠂ ᠰᠠᠯᠬᠢᠨ ᠤ ᠢᠳᠡᠭᠳᠡᠯ ᠢ ᠪᠠᠭᠠᠰᠬᠠᠵᠤ ᠂ ᠬᠥᠷᠥᠰᠥ | ᠰᠢᠷᠣᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ ᠂ ᠲᠦᠷᠦᠯ ᠵᠦᠢᠯ ᠤᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠰᠠᠶᠢᠨ ᠤᠷᠴᠢᠯ ᠢ ᠠᠬᠢᠭᠤᠯᠵᠤ ᠂ | ᠪᠠᠶᠢᠭᠠᠯᠢ ᠶᠢᠨ ᠭᠠᠮᠰᠢᠭ ᠲᠠᠢ ᠳᠡᠮᠡᠴᠡᠬᠦ ᠴᠢᠳᠠᠪᠤᠷᠢ ᠶᠢ ᠨᠢ ᠳᠡᠭᠡᠭᠰᠢᠯᠡᠭᠦᠯᠵᠡᠢ᠃ | ᠤᠳᠤᠬᠠᠨ ᠳᠤ ᠂ ᠬᠠᠳᠤᠨ ᠭᠤᠣᠯ ᠤᠨ ᠵᠡᠭᠦᠨᠭᠠᠷ ᠤᠨ ᠬᠡᠰᠡᠭ ᠤᠨ ᠬᠤᠶᠠᠷ ᠬᠥᠪᠡᠭᠡ ᠪᠠᠷ ᠠᠶᠠᠯᠠᠬᠤ ᠳᠤ ᠂ ᠭᠤᠶᠤ ᠰᠠᠶᠢᠬᠠᠨ ᠦᠵᠡᠮᠵᠢ ᠲᠠᠢ᠂ ᠠᠷᠠᠳ ᠨᠢ ᠪᠠᠶᠠᠨ | ᠴᠢᠨᠡᠭᠡᠯᠢᠭ᠂ ᠠᠵᠤ ᠦᠢᠯᠡᠰ ᠬᠥᠭᠵᠢᠨ ᠮᠠᠨᠳᠤᠭᠰᠠᠨ ᠬᠠᠳᠤᠨ ᠭᠤᠣᠯ ᠤᠨ ᠳᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠨ᠎ᠡ ᠬᠠᠭᠤᠳᠠᠰᠤ | ᠠᠯᠭᠤᠷᠬᠠᠨ ᠢᠶᠠᠷ ᠳᠡᠯᠭᠡᠭᠳᠡᠨ᠎ᠠ᠃ | |