| ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ ᠂ ᠮᠠᠨ ᠤ ᠣᠷᠣᠨ ᠤᠯᠤᠰ ᠪᠠ ᠥᠪᠡᠷᠲᠡᠭᠡᠨ ᠵᠠᠰᠠᠬᠤ | ᠣᠷᠣᠨ ᠤ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠨᠠᠨ | ᠰᠢᠯᠭᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ ᠂ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠪᠠ ᠤᠰᠤ ᠠᠷᠪᠢᠯᠠᠬᠤ ᠭᠡᠯᠪᠡᠷᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ ᠣᠶᠢᠷ᠎ᠠ ᠳᠤ ︽ 2024 ᠣᠨ ᠤ ᠤᠰᠤ | ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠤᠰᠤ ᠠᠷᠪᠢᠯᠠᠬᠤ ᠭᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ | ᠥᠷᠨᠢᠭᠦᠯᠬᠦ ᠲᠤᠬᠠᠢ ᠮᠡᠳᠡᠭᠳᠡᠯ ︾ ᠢ ᠳᠠᠷᠤᠮᠠᠯᠯᠠᠨ ᠲᠠᠷᠬᠠᠭᠠᠵᠤ ᠂ ᠡᠨᠡ ᠵᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠪᠦᠭᠦ ᠲᠠᠯ᠎ᠠ ᠪᠠᠷ ᠡᠬᠢᠯᠡᠭᠦᠯᠪᠡ ᠃ ︽ | ᠮᠡᠳᠡᠭᠳᠡᠯ ︾ ᠳᠤ ᠂ ᠡᠯ᠎ᠡ ᠠᠶᠢᠮᠠᠭ ᠬᠤᠲᠠ ᠶᠢᠨ ᠬᠢᠨ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠭᠡᠯᠪᠡᠷᠢ ᠶᠢᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ ︾ ᠪᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠤ ᠤᠰᠤ ᠠᠷᠪᠢᠯᠠᠬᠤ ᠭᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ ︵ ᠲᠤᠷᠰᠢᠨ | ᠬᠡᠷᠡᠭᠵᠢᠭᠦᠯᠬᠦ ︶ ︾ ᠤᠨ ᠱᠠᠭᠠᠷᠳᠠᠯᠭ᠎ᠠ ᠶᠢ ᠦᠨᠳᠦᠰᠦᠯᠡᠨ ᠡᠭᠦᠳᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ ᠂ 2024 ᠣᠨ ᠤ ᠤᠰᠤ ᠠᠷᠪᠢᠯᠠᠬᠤ | ᠭᠡᠯᠪᠡᠷᠢ ᠶᠢᠨ ᠠᠵᠤ ᠠᠬᠤᠶᠢᠯᠠᠯ ᠤᠰᠤ ᠠᠷᠪᠢᠯᠠᠬᠤ ᠭᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ | ᠬᠢᠵᠦ ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠬᠠᠷᠠᠯᠲᠠ ᠪᠠᠨ ᠪᠡᠶᠡᠯᠡᠭᠦᠯᠬᠦ ᠶᠢ | ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ ᠃ ᠣᠶᠢᠯᠠᠭᠠᠭᠰᠠᠨ ᠢᠶᠠᠷ ᠂ ᠮᠠᠨ ᠤ ᠣᠷᠣᠨ 2021 ᠣᠨ ᠳᠤ ᠬᠠᠮᠢᠶ᠎ᠠ ᠪᠦᠬᠦᠢ ᠭᠤᠣᠯᠳᠠᠯᠭ᠎ᠠ ᠲᠠᠢ ᠬᠢᠨᠠᠨ | ᠡᠵᠡᠮᠳᠡᠵᠦ ᠪᠠᠶᠢᠭ᠎ᠠ ᠤᠰᠤ ᠬᠡᠷᠡᠭᠯᠡᠬᠦ ᠨᠢᠭᠡᠴᠢ ᠶᠢᠨ ᠨᠡᠷᠡᠰ ᠢ ᠦᠨᠳᠦᠰᠦᠯᠡᠵᠦ ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠤᠰᠤ ᠬᠡᠷᠡᠭᠯᠡᠬᠦ ᠠᠵᠢᠯ | ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠵᠢᠴᠢ ᠵᠢᠯ ᠳᠤ 50 ᠲᠦᠮᠡᠨ ᠪᠣᠰᠤᠭ᠎ᠠ ᠳᠥᠷᠪᠡᠯᠵᠢᠨ ᠮᠧᠳ᠋ᠷ ᠠᠴᠠ ᠳᠡᠭᠡᠭᠰᠢ ᠤᠰᠤ ᠬᠡᠷᠡᠭᠯᠡᠵᠦ | ᠪᠠᠶᠢᠭ᠎ᠠ ᠠᠵᠤ ᠠᠬᠤᠶᠢᠯᠠᠯ ᠤᠨ ᠨᠡᠷᠡᠰ ᠲᠠᠢ ᠤᠶᠠᠯᠳᠤᠭᠤᠯᠤᠨ ᠂ 212 ᠠᠵᠤ ᠦᠢᠯᠡᠳᠪᠦᠷᠢ ᠶᠢᠨ ᠠᠵᠤ ᠠᠬᠤᠶᠢᠯᠠᠯ ᠢᠶᠠᠷ ᠪᠦᠷᠢᠯᠳᠦᠭᠰᠡᠨ ︽ ᠠᠷᠪᠠᠨ ᠳᠥᠷᠪᠡᠳᠦᠭᠡᠷ | ᠲᠠᠪᠤᠨ ᠵᠢᠯ ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠦᠭᠦ ᠣᠷᠣᠨ ᠤ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ | ᠨᠡᠷᠡᠰ ᠢ ᠭᠠᠷᠭᠠᠵᠤ ᠂ ᠡᠯ᠎ᠡ ᠠᠶᠢᠮᠠᠭ ᠬᠤᠲᠠ ᠶᠢ ᠵᠢᠯ ᠬᠤᠪᠢᠶᠠᠨ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠭᠰᠠᠨ ᠶᠤᠮ ᠃ ᠣᠳᠣᠬᠠᠨ | ᠪᠤᠯᠲᠠᠯ᠎ᠠ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠭᠡᠯᠪᠡᠷᠢ ᠶᠢᠨ ᠠᠵᠤ ᠠᠬᠤᠶᠢᠯᠠᠯ ᠢ ᠨᠡᠶᠢᠲᠡ 57 ᠡᠭᠦᠳᠦᠨ ᠪᠠᠶᠢᠭᠤᠯᠪᠠ ᠃ | | |