| ᠣᠳᠣᠬᠠᠨ ᠳᠤ ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠡᠬᠢᠯᠡᠵᠦ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ ᠪᠠ | ᠪᠣᠷᠣᠯᠠᠭᠤᠯᠬᠤ ᠠᠷᠠᠯᠵᠢᠶ᠎ᠠ ᠢᠳᠡ ᠭᠦᠭ ᠲᠠᠢ ᠶᠠᠪᠤᠭᠳᠠᠵᠤ ᠪᠠᠶᠢᠨ᠎ᠠ ᠃ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ | ᠬᠠᠮᠠᠭᠠᠯᠠᠬᠤ ᠶᠢᠨ ᠲᠥᠯᠥᠭᠡ ᠂ ᠣᠶᠢᠷ᠎ᠠ ᠳᠤ ᠂ ᠮᠠᠨ ᠤ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠪᠡ ᠃ | ᠣᠳᠣᠬᠠᠨ ᠪᠤᠯᠲᠠᠯ᠎ᠠ ᠂ ᠪᠦᠭᠦ ᠣᠷᠣᠨ ᠳᠤ 510 ᠬᠢᠮᠢ ᠶᠢᠨ ᠪᠣᠷᠳᠣᠭᠤᠷ ᠂ ᠲᠠᠷᠢᠶᠠᠯᠠᠩ ᠤᠨ ᠰᠦᠯᠢᠶᠥᠦ ᠪᠦᠷᠬᠦᠪᠴᠢ ᠳᠤᠰᠤᠯᠭᠠᠨ ᠤᠰᠤᠯᠠᠬᠤ ᠪᠦᠰᠡ ᠶᠢᠨ | ᠦᠢᠯᠡᠳᠪᠦᠷᠢᠯᠡᠯ ᠪᠣᠷᠤᠯᠠᠭᠤᠯᠭ᠎ᠠ ᠶᠢᠨ ᠠᠵᠤ ᠠᠬᠤᠶᠢᠯᠠᠯ ᠳᠤ ᠰᠤᠭᠤᠴᠢᠨ ᠪᠠᠶᠢᠴᠠᠭᠠᠯᠲᠠ ᠬᠢᠪᠡ ᠃ ᠣᠶᠢᠯᠠᠭᠠᠭᠰᠠᠨ ᠢᠶᠠᠷ ᠂ ᠲᠤᠰᠬᠠᠢ ᠪᠠᠶᠢᠴᠠᠭᠠᠯᠲᠠ ᠳᠤ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠲᠡᠮᠳᠡᠭᠯᠡᠯ ᠂ ᠦᠢᠯᠡᠳᠬᠦᠨ ᠢ ᠰᠢᠯᠭᠠᠨ | ᠪᠠᠶᠢᠴᠠᠭᠠᠭᠰᠠᠨ ᠲᠡᠮᠳᠡᠭᠯᠡᠯ ᠂ ᠬᠢᠷᠢ ᠲᠡᠩᠴᠡᠭᠰᠡᠨ ᠦᠨᠡᠮᠯᠡᠯ ᠵᠢᠴᠢ ᠦᠢᠯᠡᠳᠬᠦᠨ ᠤ ᠬᠤᠯᠪᠣᠭᠳᠠᠯ ᠪᠦᠬᠦᠢ ᠢᠯᠡᠷᠬᠡᠶᠢᠯᠡᠯᠲᠦ ᠲᠡᠮᠳᠡᠭ ᠤᠨ ᠲᠣᠳᠣᠷᠬᠠᠶᠢᠯᠠᠯᠲᠠ ᠵᠡᠷᠭᠡ | ᠵᠠᠩᠭᠢᠯᠠᠭ᠎ᠠ ᠶᠢᠨ ᠬᠦᠴᠦᠨ ᠵᠦᠢᠯ ᠢ ᠭᠤᠣᠯᠳᠠᠯᠭ᠎ᠠ ᠲᠠᠢ ᠪᠠᠶᠢᠴᠠᠭᠠᠪᠠ ; ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ | ᠲᠦᠪᠰᠢᠨ ᠤ ᠶᠡᠷᠦᠩᠬᠡᠢ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠲᠣᠬᠢᠷᠠᠭᠤᠯᠤᠭᠰᠠᠨ ᠡᠰᠡᠬᠦ ᠂ ᠶᠠᠰᠤ ᠴᠢᠨᠠᠷ ᠤᠨ ᠠᠮᠤᠷ ᠲᠦᠪᠰᠢᠨ ᠤ | ᠭᠤᠣᠯ ᠴᠣᠭᠴᠠ ᠶᠢᠨ ᠬᠠᠷᠢᠭᠤᠴᠠᠯᠭ᠎ᠠ ᠶᠢᠨ ︽ ᠬᠤᠶᠠᠷ ᠲᠣᠭᠲᠠᠭᠠᠯ ︾ ᠢ ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠶᠢᠴᠠᠭᠠᠪᠠ ; ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠳᠤ ᠤᠬᠠᠭᠤᠯᠭ᠎ᠠ ᠬᠥᠮᠦᠵᠢᠯ ᠥᠷᠨᠢᠭᠦᠯᠵᠦ ᠂ ︽ ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠦᠨ ᠂ ᠭᠤᠣᠯ | ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ ᠂ ᠤᠬᠠᠮᠰᠠᠷ ᠠᠴᠠ ᠪᠠᠨ ᠬᠠᠤᠯᠢ ᠶᠢ ᠰᠠᠬᠢᠨ ᠂ ᠦᠨᠡᠨᠴᠢ ᠢᠲᠡᠭᠡᠮᠵᠢᠲᠡᠢ ᠪᠠᠷ | ᠡᠵᠡᠩᠨᠡᠬᠦ ᠶᠢ ᠬᠥᠲᠥᠯᠥᠨ ᠵᠢᠯᠤᠭᠤᠳᠴᠤ ᠂ ᠶᠠᠰᠤ ᠴᠢᠨᠠᠷ ᠤᠨ ᠠᠶᠤᠯᠭᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ ᠃ | ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠂ ᠮᠠᠨ ᠤ ᠣᠷᠣᠨ ᠤ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠨᠲᠡ ᠠᠵᠤ ᠠᠬᠤᠶᠢᠯᠠᠯ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ ᠃ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠳᠤ ᠂ ᠬᠠᠤᠯᠢ ᠬᠡᠷᠡᠭᠵᠢᠭᠦᠯᠬᠦ ᠠᠵᠢᠯᠲᠠᠨ ᠶᠠᠰᠤ ᠴᠢᠨᠠᠷ ᠢᠶᠠᠷ ᠬᠠᠪᠰᠤᠷᠤᠨ ᠲᠡᠳᠬᠦᠬᠦ | ᠦᠢᠯᠡᠴᠢᠯᠡᠭᠡᠨ ᠤ ᠵᠢᠯᠣᠭᠤᠳᠤᠯᠭ᠎ᠠ ᠬᠢᠪᠡ ᠃ ᠡᠭᠦᠨ ᠤ ᠬᠠᠮᠲᠤ ᠂ ᠬᠢᠮᠢ ᠶᠢᠨ ᠪᠣᠷᠳᠣᠭᠤᠷ ᠂ ᠲᠠᠷᠢᠶᠠᠯᠠᠩ ᠤᠨ ᠰᠦᠯᠢᠶᠥᠦ ᠪᠦᠷᠬᠦᠪᠴᠢ ᠵᠡᠷᠭᠡ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠢ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ | ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠷᠴᠠᠭ ︾ ᠲᠤ ᠣᠷᠣᠭᠤᠯᠵᠤ ᠂ ᠦᠢᠯᠡᠳᠬᠦᠨ ᠤ ᠥᠯᠢᠭᠡᠷ ᠠᠪᠴᠤ | ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ ᠃ | |