| ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠠᠯᠪᠠᠨ ᠭᠡᠷ ᠂ ᠳᠣᠲᠣᠭᠠᠳᠤ ᠶᠢ ᠬᠠᠮᠠᠭᠠᠯᠠᠬᠤ ᠶᠠᠮᠤᠨ ᠂ ᠬᠥᠳᠡᠭᠡ ᠠᠵᠤ | ᠠᠬᠤᠢ ᠬᠥᠳᠡᠭᠡ ᠲᠣᠰᠬᠤᠨ ᠤ ᠶᠠᠮᠤᠨ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠬᠠᠮᠲᠤᠷᠠᠨ ᠣᠶᠢᠷ᠎ᠠ ᠳᠤ ︽ ᠮᠢᠬᠠᠨ ᠤ | ᠲᠦᠷᠦᠯ ᠤᠨ ᠦᠢᠯᠡᠳᠬᠦᠨ ᠲᠠᠢ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠬᠤ ᠲᠤᠬᠠᠢ | ᠮᠡᠳᠡᠭᠳᠡᠯ ︾ ︵ ᠳᠣᠷᠣᠭᠰᠢ ︽ ᠮᠡᠳᠡᠭᠳᠡᠯ ︾ ᠭᠡᠵᠦ ᠲᠣᠪᠴᠢᠯᠠᠨ᠎ᠠ ︶ ᠪᠠᠭᠤᠯᠭᠠᠵᠤ ᠂ ᠮᠢᠬᠠᠨ ᠤ ᠲᠦᠷᠦᠯ ᠤᠨ ᠦᠢᠯᠡᠳᠬᠦᠨ ᠲᠠᠢ ᠬᠤᠯᠪᠣᠭᠳᠠᠭᠰᠠᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠠᠵᠢᠯᠯᠠᠭ᠎ᠠ ᠶᠢ 8 ᠰᠠᠷ᠎ᠠ ᠥᠷᠨᠢᠭᠦᠯᠬᠦ ᠲᠤᠬᠠᠢ ᠪᠠᠶᠢᠷᠢᠯᠠᠭᠤᠯᠪᠠ ᠃ ︽ ᠮᠡᠳᠡᠭᠳᠡᠯ ︾ ᠳᠤ ᠂ ᠭᠠᠭ᠋ᠠᠢ ᠂ ᠢᠳᠡᠰᠢᠨ ᠦᠬᠡᠷ ᠂ | ᠢᠳᠡᠰᠢᠨ ᠬᠤᠨᠢ ᠂ ᠢᠳᠡᠰᠢᠨ ᠲᠠᠭᠢᠶ᠎ᠠ ᠵᠢᠴᠢ ᠮᠢᠬᠠᠨ ᠤ ᠲᠥᠷᠥᠯ ᠤᠨ ᠦᠢᠯᠡᠳᠬᠦᠨ ᠢᠶᠠᠷ ᠭᠤᠣᠯᠳᠠᠯᠭ᠎ᠠ ᠪᠤᠯᠭᠠᠵᠤ ᠂ ᠮᠢᠬᠠᠨ ᠤ ᠲᠥᠷᠥᠯ ᠤᠨ ᠦᠢᠯᠡᠳᠬᠦᠨ ᠲᠠᠢ | ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠡᠬᠢ ᠰᠤᠷᠪᠤᠯᠵᠢ ᠶᠢᠨ ᠰᠦᠪᠡᠭᠴᠢ ᠶᠢ ᠭᠦᠨᠵᠡᠭᠡᠢ ᠠᠭᠤᠳᠠᠯᠵᠤ ᠂ ᠮᠠᠯ ᠵᠢᠭᠦᠷᠲᠡᠨ ᠢ ᠲᠡᠵᠢᠭᠡᠨ | ᠦᠷᠡᠵᠢᠭᠦᠯᠬᠦ ᠂ ᠠᠯᠠᠵᠤ ᠨᠢᠲᠤᠯᠬᠤ ᠂ ᠬᠤᠣᠷ ᠦᠭᠡᠶᠢᠳᠡᠭᠦᠯᠦᠨ ᠰᠢᠢᠳᠪᠦᠷᠢᠯᠡᠬᠦ ᠂ ᠮᠢᠬ᠎ᠠ ᠵᠢᠴᠢ ᠮᠢᠬᠠᠨ ᠢᠳᠡᠭᠡᠨ ᠦᠢᠯᠡᠳᠪᠦᠷᠢᠯᠡᠵᠦ ᠡᠵᠡᠩᠨᠡᠬᠦ ᠪᠦᠭᠦ ᠬᠡᠯᠬᠢᠶ᠎ᠡ ᠳᠤ | ᠲᠤᠰᠬᠠᠢ ᠴᠡᠭᠴᠡᠯᠡᠨ ᠵᠠᠰᠠᠯᠲᠠ ᠥᠷᠨᠢᠭᠦᠯᠵᠦ ᠂ ᠬᠠᠤᠯᠢ ᠪᠤᠰᠤ ᠪᠠᠷ ᠠᠯᠠᠵᠤ ᠨᠢᠲᠤᠯᠬᠤ ᠂ ᠡᠳ᠋ᠰᠢᠭᠦᠯᠬᠦ ᠂ ᠪᠣᠷᠣᠯᠠᠭᠤᠯᠬᠤ ᠬᠡᠯᠬᠢᠶ᠎ᠡ ᠶᠢ ᠡᠷᠡᠰ ᠲᠠᠰᠤᠯᠬᠤ ᠬᠡᠷᠡᠭᠲᠡᠢ | ᠭᠡᠵᠦ ᠱᠠᠭᠠᠷᠳᠠᠪᠠ ᠃ ᠨᠢᠭᠡ ᠪᠦᠯᠦᠭ ᠭᠤᠣᠯᠳᠠᠯᠭ᠎ᠠ ᠲᠠᠢ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠᠷ ᠳᠠᠮᠵᠢᠭᠤᠯᠤᠨ ᠂ ᠨᠢᠭᠡ ᠪᠦᠯᠦᠭ ᠬᠠᠤᠯᠢ ᠠᠴᠠ ᠵᠥᠷᠢᠴᠡᠭᠰᠡᠨ | ᠡᠵᠡᠩᠨᠡᠯᠲᠡ ᠶᠢᠨ ᠭᠤᠣᠯ ᠴᠣᠭᠴᠠ ᠶᠢ ᠬᠠᠭᠠᠵᠤ ᠵᠣᠭᠰᠣᠭᠠᠨ ᠂ ᠨᠢᠭᠡ ᠪᠦᠯᠦᠭ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠢ ᠰᠢᠢᠳᠬᠡᠵᠦ ᠂ ᠨᠢᠭᠡ ᠪᠦᠯᠦᠭ | ᠨᠡᠶᠢᠲᠡᠯᠢᠭ ᠬᠡᠷᠡᠭ ᠢ ᠢᠯᠡᠴᠢᠯᠡᠨ ᠂ ᠮᠢᠬᠠᠨ ᠤ ᠵᠦᠢᠯ ᠤᠨ ᠦᠢᠯᠡᠳᠬᠦᠨ ᠤ ᠶᠠᠰᠤ ᠴᠢᠨᠠᠷ ᠤᠨ ᠤᠷᠲᠤ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠦᠷᠢᠨᠰᠢᠭᠦᠯᠵᠦ ᠂ ᠮᠢᠬᠠᠨ ᠤ ᠲᠦᠷᠦᠯ ᠤᠨ ᠦᠢᠯᠡᠳᠬᠦᠨ ᠤ ᠶᠠᠰᠤ ᠴᠢᠨᠠᠷ ᠪᠠᠲᠤᠯᠠᠨ᠎ᠠ ᠃ ︽ ᠮᠡᠳᠡᠭᠳᠡᠯ ︾ ᠳᠤ ᠳᠣᠣᠷᠠᠬᠢ ᠬᠡᠳᠦᠨ ᠲᠠᠯ᠎ᠠ ᠶᠢᠨ | ᠠᠭᠤᠯᠭ᠎ᠠ ᠶᠢ ᠲᠣᠳᠣᠷᠬᠠᠶᠢᠯᠠᠪᠠ ᠄ ᠨᠢᠭᠡ ᠳᠤ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭᠠᠳᠬᠠᠨ᠎ᠠ ᠃ ᠭᠤᠣᠯᠳᠠᠯᠭ᠎ᠠ ᠲᠠᠢ ᠭᠠᠵᠠᠷ ᠣᠷᠣᠨ ᠪᠠ ᠭᠤᠣᠯᠳᠠᠯᠭ᠎ᠠ ᠲᠠᠢ | ᠲᠠᠯᠠᠪᠤᠷ ᠭᠠᠵᠠᠷ ᠢ ᠴᠢᠩᠭ᠎ᠠ ᠠᠩᠬᠠᠷᠴᠤ ᠂ ᠵᠢᠭᠰᠠᠭᠠᠨ ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠬᠤ ᠶᠢ ᠥᠷᠨᠢᠭᠦᠯᠵᠦ ᠂ ᠠᠰᠠᠭᠤᠳᠠᠯ ᠤᠨ ᠰᠦᠪᠡᠭᠴᠢ ᠶᠢᠨ ᠨᠠᠷᠢᠨ | ᠳᠠᠩᠰᠠ ᠭᠠᠷᠭᠠᠨ᠎ᠠ ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠂ ᠡᠬᠢ ᠰᠤᠷᠪᠤᠯᠵᠢ ᠶᠢ ᠨᠢ ᠮᠥᠷᠳᠡᠨ᠎ᠡ ᠃ ᠬᠤᠶᠠᠷ ᠲᠤ | ᠲᠡᠵᠢᠭᠡᠨ ᠦᠷᠡᠵᠢᠭᠦᠯᠬᠦ ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠎ᠠ ᠃ ᠡᠯ᠎ᠡ ᠭᠠᠵᠠᠷ ᠤᠨ ᠮᠠᠯ ᠲᠠᠷᠢᠶᠠᠯᠠᠩ ᠤᠨ ᠰᠠᠯᠠᠭ᠎ᠠ | ᠮᠥᠴᠢᠷ ᠠᠴᠠ ᠠᠮᠢᠳᠤ ᠭᠠᠭ᠋ᠠᠢ ᠂ ᠢᠳᠡᠰᠢᠨ ᠦᠬᠡᠷ ᠂ ᠢᠳᠡᠰᠢᠨ ᠬᠤᠨᠢ ᠪᠠ ᠢᠳᠡᠰᠢᠨ ᠲᠠᠭᠢᠶ᠎ᠠ ᠲᠡᠵᠢᠭᠡᠨ ᠦᠷᠡᠵᠢᠭᠦᠯᠬᠦ ᠲᠠᠯᠠᠪᠠᠶ ︵ ᠡᠷᠦᠭᠡ ︶ ᠪᠠᠷ ᠭᠤᠣᠯᠳᠠᠯᠭ᠎ᠠ | ᠪᠤᠯᠭᠠᠵᠤ ᠂ ︽ ᠬᠠᠷ᠎ᠠ ᠮᠢᠬᠠᠨ ᠤ ᠨᠤᠨᠳᠠᠭ ︾ ᠵᠡᠷᠭᠡ ᠴᠠᠭᠠᠵᠠ ᠲᠠᠢ ᠡᠮ ᠤᠨ ᠵᠦᠢᠯ ᠢ ᠬᠡᠷᠡᠭᠯᠡᠬᠦ ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠪᠣᠷᠣᠯᠠᠭᠤᠯᠬᠤ ᠂ | ᠳᠤᠷ᠎ᠠ ᠪᠠᠷ ᠢᠶᠠᠨ ᠬᠠᠶᠠᠬᠤ ᠵᠡᠷᠭᠡ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ ᠃ ᠭᠤᠷᠪᠠ ᠳᠤ ᠨᠢᠲᠤᠯᠬᠤ ᠪᠠ | ᠬᠤᠣᠷ ᠦᠭᠡᠶᠢᠳᠡᠭᠦᠯᠦᠨ ᠰᠢᠢᠳᠪᠦᠷᠢᠯᠡᠬᠦ ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠎ᠠ ᠃ ᠡᠯ᠎ᠡ ᠭᠠᠵᠠᠷ ᠤᠨ ᠮᠠᠯ ᠲᠠᠷᠢᠶᠠᠯᠠᠩ ᠤᠨ | ᠰᠠᠯᠠᠭ᠎ᠠ ᠮᠥᠴᠢᠷ ᠠᠴᠠ ᠨᠢᠲᠤᠯᠬᠤ ᠦᠢᠯᠡᠳᠪᠦᠷᠢ ︵ ᠲᠠᠯᠠᠪᠠᠶ ︶ ᠂ ᠬᠤᠣᠷ ᠦᠭᠡᠢ ᠪᠣᠯᠭᠠᠨ ᠰᠢᠢᠳᠪᠦᠷᠢᠯᠡᠬᠦ ᠲᠠᠯᠠᠪᠠᠶ ᠶᠢ ᠭᠤᠣᠯᠳᠠᠯᠭ᠎ᠠ ᠲᠠᠢ ᠪᠠᠶᠢᠴᠠᠭᠠᠵᠤ ᠂ | ᠬᠤᠪᠢ ᠪᠠᠷ ᠢᠶᠠᠨ ᠳᠤᠷ᠎ᠠ ᠪᠠᠷ ᠢᠶᠠᠨ ᠨᠢᠲᠤᠯᠬᠤ ᠂ ᠤᠰᠤ ᠣᠷᠣᠭᠤᠯᠬᠤ ᠂ ᠡᠮ ᠶᠡᠭᠦᠯᠡᠬᠦ ᠪᠤᠶᠤ ᠪᠤᠰᠤᠳ ᠡᠳ᠋ ᠪᠣᠳᠠᠰ ᠣᠷᠣᠭᠤᠯᠬᠤ ᠂ ᠡᠪᠡᠳᠴᠢᠨ ᠢᠶᠠᠷ ᠦᠬᠦᠭᠰᠡᠨ | ᠮᠠᠯ ᠵᠢᠭᠦᠷᠲᠡᠨ ᠢ ︽ ᠰᠢᠯᠵᠢᠭᠦᠯᠦᠨ ᠳᠠᠭᠠᠭᠠᠴᠢᠯᠠᠭᠤᠯᠬᠤ ︾ ᠵᠡᠷᠭᠡ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ ᠃ | ᠳᠥᠷᠪᠡ ᠳᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠵᠠᠩᠭᠢᠯᠠᠭ᠎ᠠ ᠶᠢᠨ ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠤᠨ᠎ᠠ ᠃ ᠡᠯ᠎ᠡ ᠭᠠᠵᠠᠷ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠣᠯᠳᠠᠯᠭ᠎ᠠ ᠲᠠᠢ ᠪᠠᠶᠢᠴᠠᠭᠠᠯᠲᠠ ᠥᠷᠨᠢᠭᠦᠯᠵᠦ ᠂ ᠦᠢᠯᠡᠳᠪᠦᠷᠢᠯᠡᠨ ᠡᠵᠡᠩᠨᠡᠭᠴᠢᠳ ᠢ ᠰᠢᠮᠳᠠᠭᠤᠯᠵᠤ | ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠂ ᠢᠷᠡᠯᠲᠡ ᠨᠢ ᠲᠣᠳᠣᠷᠬᠠᠢ ᠦᠭᠡᠢ ᠂ ᠬᠢᠵᠢᠭ | ᠪᠠᠶᠢᠴᠠᠭᠠᠯᠲᠠ ᠶᠢ ᠳᠠᠮᠵᠢᠭᠰᠠᠨ ᠦᠭᠡᠢ ᠂ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠦᠭᠡᠢ ᠮᠠᠯ ᠵᠢᠭᠦᠷᠲᠡᠨ ᠤ ᠦᠢᠯᠡᠳᠬᠦᠨ ᠢ ᠬᠡᠷᠡᠭᠯᠡᠬᠦ ᠪᠤᠶᠤ ᠪᠣᠷᠣᠯᠠᠭᠤᠯᠬᠤ | ᠵᠢᠴᠢ ᠬᠤᠳᠠᠯ ᠬᠠᠭᠤᠷᠮᠠᠭ ᠦᠬᠡᠷ ︵ ᠬᠤᠨᠢ ᠢᠮᠠᠭ᠎ᠠ ᠂ ᠡᠯᠵᠢᠭᠡ ︶ ᠤᠨ ᠮᠢᠬᠠᠨ ᠤ ᠦᠢᠯᠡᠳᠬᠦᠨ ᠦᠢᠯᠡᠳᠪᠦᠷᠢᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠶ᠋ᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ ᠃ | | |