| ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠠᠴᠠ ᠣᠶᠢᠯᠠᠭᠠᠭᠰᠠᠨ ᠢᠶᠠᠷ ᠂ ᠡᠨᠡ ᠵᠢᠯ ᠤᠨ ᠪᠥᠬᠦ ᠤᠯᠤᠰ ᠤᠨ | ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ ᠂ ᠲᠣᠰ ᠲᠣᠪᠴᠢᠶ᠎ᠠ ︽ ᠨᠢᠭᠤᠴᠠ ᠶᠢ | ᠬᠠᠮᠠᠭᠠᠯᠠᠬᠤ ᠬᠠᠤᠯᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠢᠳᠡ ᠪᠦᠭᠦᠳᠡᠭᠡᠷ ᠨᠢᠭᠤᠴᠠ ᠶᠢ ᠬᠠᠮᠠᠭᠠᠯᠠᠭᠴᠢ ᠮᠥᠨ ︾ ᠭᠡᠬᠦ ᠰᠡᠳᠦᠪ ᠤᠨ ᠲᠣᠭᠤᠷᠢᠨ ᠳᠤ ᠂ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠂ ᠪᠥᠬᠦ ᠣᠷᠣᠨ ᠤ ᠡᠯ᠎ᠡ ᠭᠠᠵᠠᠷ ᠲᠤ ᠣᠯᠠᠨ ᠬᠡᠯᠪᠡᠷᠢ ᠶᠢᠨ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠶᠢ ᠪᠥᠬᠦ ᠲᠠᠯ᠎ᠠ ᠪᠠᠷ ᠂ ᠣᠯᠠᠨ ᠲᠠᠯ᠎ᠠ ᠠᠴᠠ ᠂ ᠭᠦᠨ ᠲᠠᠰ ᠳᠠᠪᠬᠤᠷᠭ᠎ᠠ ᠲᠠᠢ ᠥᠷᠨᠢᠭᠦᠯᠵᠦ ᠂ ᠨᠢᠭᠤᠴᠠ ᠶᠢ ᠬᠠᠮᠠᠭᠠᠯᠠᠬᠤ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ ᠂ ᠤᠯᠤᠰ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠵᠤ ᠪᠣᠢ ᠃ | ᠣᠶᠢᠯᠠᠭᠠᠭᠰᠠᠨ ᠢᠶᠠᠷ ᠂ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠰᠠᠶᠢᠲᠤᠷ ᠡᠷᠬᠢᠯᠡᠬᠦ ᠶᠢᠨ ᠲᠥᠯᠥᠭᠡ ᠂ | ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠤᠷᠢᠳᠴᠢᠯᠠᠨ ᠪᠠᠶᠢᠷᠢᠯᠠᠭᠤᠯᠵᠤ ᠂ ᠤᠬᠠᠭᠤᠯᠬᠤ ᠬᠡᠪᠴᠢᠶ᠎ᠡ ᠶᠢᠨ ᠲᠠᠯ᠎ᠠ ᠪᠠᠷ ︽ | ᠥᠷᠭᠡᠨ ︾ ᠪᠠᠶᠢᠬᠤ ᠣᠨᠴᠠᠯᠢᠭ ᠢ ᠳᠣᠪᠤᠶᠢᠯᠭᠠᠵᠤ ᠂ ︽ ᠰᠣᠨᠢᠨ ᠂ ᠰᠦᠯᠵᠢᠶ᠎ᠡ ᠂ ᠦᠵᠦᠭᠦᠷ ᠂ ᠸᠢᠴᠠᠲ ᠂ ᠳᠡᠯᠭᠡᠴᠡ ︾ ᠵᠡᠷᠭᠡ ᠵᠠᠭᠤᠴᠢᠯᠠᠭᠤᠷ ᠤᠳ ᠢ ᠠᠰᠢᠭᠯᠠᠨ ᠂ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠤᠬᠠᠭᠤᠯᠭ᠎ᠠ ᠶᠢᠨ ᠬᠤᠶᠠᠷ ᠵᠢᠭᠰᠠᠭᠠᠯ ᠤᠨ ᠭᠠᠵᠠᠷ ᠢ ᠪᠠᠶᠢᠭᠤᠯᠵᠤ ᠂ ᠨᠢᠭᠤᠴᠠ ᠶᠢ ᠬᠠᠮᠠᠭᠠᠯᠠᠬᠤ | ᠤᠬᠠᠭᠤᠯᠭ᠎ᠠ ᠶᠢᠨ ᠹᠢᠯᠢᠮ ᠢ ᠨᠠᠪᠲᠠᠷᠡᠭᠦᠯᠵᠦ ᠂ ᠨᠡᠶᠢᠲᠡ ᠶᠢᠨ ᠠᠰᠠᠷᠠᠮᠵᠢ ᠶᠢᠨ ᠵᠠᠷᠯᠠᠯ ᠨᠡᠶᠢᠲᠡᠯᠡᠵᠦ ᠂ ᠤᠬᠠᠭᠤᠯᠭ᠎ᠠ ᠶᠢᠨ ᠵᠣᠬᠢᠶᠠᠯ ᠪᠢᠴᠢᠵᠦ ᠂ ᠬᠤᠲᠠ ᠶᠢᠨ ᠲᠠᠯᠠᠪᠠᠶ ᠂ | ᠨᠡᠶᠢᠲᠡ ᠶᠢᠨ ᠮᠠᠰᠢᠨ ᠂ ᠬᠤᠳᠠᠯᠳᠤᠭᠠᠨ ᠤ ᠲᠠᠯᠠᠪᠤᠷ ᠂ ᠪᠠᠶᠢᠭᠤᠯᠭ᠎ᠠ ᠨᠢᠭᠡᠴᠢ ᠶᠢᠨ LED ᠳᠡᠯᠭᠡᠴᠡ ᠳᠡᠭᠡᠷ᠎ᠡ ᠨᠢᠭᠤᠴᠠ ᠶᠢ ᠬᠠᠮᠠᠭᠠᠯᠠᠬᠤ ᠬᠥᠮᠦᠵᠢᠯ ᠤᠨ | ᠤᠬᠠᠭᠤᠯᠭ᠎ᠠ ᠶᠢᠨ ᠤᠷᠢᠶ᠎ᠠ ᠶᠢ ᠦᠷᠭᠦᠯᠵᠢᠯᠡᠨ ᠨᠠᠪᠲᠠᠷᠡᠭᠦᠯᠵᠦ ᠂ ︽ ᠨᠢᠭᠤᠴᠠ ᠶᠢ ᠬᠠᠮᠠᠭᠠᠯᠠᠬᠤ ᠠᠵᠢᠯ ᠳᠤ ᠬᠥᠮᠥᠨ ᠪᠦᠬᠦᠨ ᠬᠠᠷᠢᠭᠤᠴᠠᠯᠭ᠎ᠠ ᠲᠠᠢ ︾ ᠭᠡᠬᠦ | ᠦᠵᠡᠯᠲᠡ ᠶᠢ ᠬᠥᠮᠥᠰ ᠤᠨ ᠰᠡᠳᠬᠢᠯ ᠳᠤ ᠨᠢ ᠬᠠᠳᠠᠩᠰᠢᠭᠤᠯᠪᠠ ᠃ ᠡᠭᠦᠨ ᠤ ᠬᠠᠮᠲᠤ ᠂ ᠪᠥᠬᠦ ᠣᠷᠣᠨ ᠤ ᠡᠯ᠎ᠡ ᠭᠠᠵᠠᠷ ᠤᠨ ᠬᠢᠨ ᠴᠦ ᠣᠯᠠᠨ ᠡᠰᠢᠴᠢᠯᠡᠭᠰᠡᠨ | ᠤᠬᠠᠭᠤᠯᠭ᠎ᠠ ᠬᠥᠮᠦᠵᠢᠯ ᠤᠨ ᠠᠵᠢᠯ ᠢ ᠢᠳᠡᠪᠬᠢᠲᠡᠢ ᠥᠷᠨᠢᠭᠦᠯᠵᠦ ᠂ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠪᠠᠶᠢᠭᠤᠯᠭ᠎ᠠ ᠨᠢᠭᠡᠴᠢ ᠳᠤ ᠂ ᠠᠵᠤ | ᠠᠬᠤᠶᠢᠯᠠᠯ ᠳᠤ ᠂ ᠰᠤᠷᠭᠠᠭᠤᠯᠢ ᠳᠤ ᠂ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠶᠢ ᠠᠬᠢᠭᠤᠯᠵᠤ ᠂ ᠨᠢᠭᠤᠴᠠ ᠶᠢ ᠬᠠᠮᠠᠭᠠᠯᠠᠬᠤ ᠶᠢ ᠰᠤᠷᠬᠤ ᠂ ᠨᠢᠭᠤᠴᠠ ᠶᠢ | ᠬᠠᠮᠠᠭᠠᠯᠠᠬᠤ ᠶᠢ ᠮᠡᠳᠡᠬᠦ ᠂ ᠨᠢᠭᠤᠴᠠ ᠶᠢ ᠬᠠᠮᠠᠭᠠᠯᠠᠵᠤ ᠴᠢᠳᠠᠬᠤ ᠬᠥᠭᠵᠢᠶᠡᠨᠲᠦ ᠪᠠᠶᠢᠳᠠᠯ ᠢ ᠪᠣᠶ ᠪᠣᠯᠭᠠᠪᠠ ᠃ | ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠣᠨᠣᠪᠴᠢ ᠶᠢ ᠳᠡᠭᠡᠭᠰᠢᠯᠡᠭᠦᠯᠬᠦ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠤᠯᠤᠰ ᠤᠨ | ᠨᠢᠭᠤᠴᠠ ᠶᠢ ᠬᠠᠮᠠᠭᠠᠯᠠᠬᠤ ᠲᠣᠪᠴᠢᠶ᠎ᠠ ᠨᠢ ᠪᠠᠶᠢᠭᠤᠯᠭ᠎ᠠ ᠂ ᠠᠵᠤ ᠠᠬᠤᠶᠢᠯᠠᠯ ᠂ ᠰᠤᠷᠭᠠᠭᠤᠯᠢ ᠵᠡᠷᠭᠡ ᠠᠳᠠᠯᠢ ᠪᠤᠰᠤ ᠭᠥᠯᠢᠶᠡᠨ ᠠᠪᠤᠭᠴᠢᠳ ᠲᠤ ᠴᠢᠭᠯᠡᠭᠦᠯᠦᠨ ᠂ | ᠠᠳᠠᠯᠢ ᠪᠤᠰᠤ ᠬᠡᠯᠪᠡᠷᠢ ᠶᠢᠨ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠪᠡ ᠃ ᠲᠤᠰ ᠲᠣᠪᠴᠢᠶ᠎ᠠ ᠨᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠬᠠᠤᠯᠢ ᠴᠠᠭᠠᠵᠠ ᠶᠢᠨ ᠲᠢᠩᠬᠢᠮ ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠲᠠᠢ ᠬᠠᠮᠲᠤᠷᠠᠨ ᠂ ᠤᠯᠠᠭᠠᠨᠴᠠᠪ ᠬᠤᠳᠠ ᠶᠢᠨ ᠰᠠᠨᠰᠢᠶᠠ ᠬᠠᠭᠤᠷᠠᠢ ᠳᠡᠭᠡᠷᠡᠬᠢ ᠰᠢᠨ᠎ᠡ ᠡᠨᠧᠷᠭᠢ ᠶᠢᠨ ᠶᠡᠷᠦᠩᠬᠡᠢ ᠬᠡᠯᠲᠡᠰ ᠲᠤ 2024 | ᠣᠨ ᠤ ︽ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠤ ᠠᠬᠤᠶᠢᠯᠠᠯ ᠤᠨ ᠠᠶᠠᠯᠠᠯ ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠵᠤ ᠂ ᠨᠢᠭᠤᠴᠠ ᠶᠢ | ᠬᠠᠮᠠᠭᠠᠯᠠᠬᠤ ᠤᠬᠠᠭᠤᠯᠤᠨ ᠲᠠᠶᠢᠯᠪᠤᠷᠢᠯᠠᠭᠴᠢ ᠲᠤᠬᠠᠢ ᠶᠢᠨ ᠲᠠᠯᠠᠪᠠᠢ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ︾ ᠶᠢ ᠲᠠᠶᠢᠯᠪᠤᠷᠢᠯᠠᠪᠠ ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ | ᠨᠢᠭᠡᠴᠢ ᠨᠦᠭᠦᠳ ᠲᠠᠢ ᠬᠠᠮᠲᠤᠷᠠᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠳᠤ ︽ ᠵᠠᠯᠠᠭᠤ ᠨᠠᠰᠤᠨ ᠤ ᠴᠤᠭᠯᠠᠷᠠᠯ ᠠᠮᠤᠷ | ᠲᠦᠪᠰᠢᠨ ᠤᠮᠠᠷᠠᠲᠤ ᠬᠢᠯᠢ ︾ ᠵᠡᠷᠭᠡ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠨᠤᠭᠤᠳ ᠢ ᠥᠷᠨᠢᠭᠦᠯᠵᠦ ᠂ ᠰᠤᠷᠭᠠᠭᠤᠯᠢ ᠶᠢᠨ ᠨᠢᠭᠤᠴᠠ ᠶᠢ ᠬᠠᠮᠠᠭᠠᠯᠠᠬᠤ | ᠠᠵᠢᠯ ᠤᠨ ᠣᠨᠴᠠᠯᠢᠭ ᠲᠠᠢ ᠤᠶᠠᠯᠳᠤᠭᠤᠯᠤᠨ ᠂ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ ᠬᠢᠴᠢᠶᠡᠯ ᠲᠣᠬᠢᠷᠠᠭᠤᠯᠪᠠ ︔ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠵᠢᠯ ᠤᠨ ᠠᠯᠪᠠᠨ ᠭᠡᠷ ᠲᠠᠢ ᠬᠠᠮᠲᠤᠷᠠᠨ ᠶᠢᠰᠦᠳᠡᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠡᠳᠦᠷ ᠤᠨ ᠥᠪᠡᠷᠲᠡᠭᠡᠨ ᠵᠠᠰᠠᠬᠤ ᠣᠷᠣᠨ ᠤ ᠭᠤᠣᠯ ᠲᠠᠯᠠᠪᠤᠷ ᠤᠨ ᠠᠵᠢᠯᠯᠠᠭ᠎ᠠ ᠶᠢ ᠡᠷᠭᠢᠯᠡᠵᠦ ᠂ ᠨᠡᠶᠢᠭᠡᠮ ᠨᠡᠶᠢᠲᠡ ᠳᠤ ᠤᠬᠠᠭᠤᠯᠭ᠎ᠠ ᠶᠢᠨ | ᠬᠠᠭᠤᠳᠠᠰᠤ ᠪᠠ ᠨᠢᠭᠤᠴᠠ ᠶᠢ ᠬᠠᠮᠠᠭᠠᠯᠠᠬᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠲᠠᠷᠬᠠᠭᠠᠵᠤ ᠂ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠶᠢ | ᠲᠦᠭᠡᠮᠡᠯᠵᠢᠭᠦᠯᠬᠦ ᠤᠬᠠᠭᠤᠯᠭ᠎ᠠ ᠬᠢᠵᠦ ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠢ ᠲᠠᠰᠤᠷᠠᠯᠲᠠ ᠦᠭᠡᠢ | ᠴᠢᠩᠭᠠᠷᠠᠭᠤᠯᠪᠠ ᠃ | | |