| ᠣᠶᠢᠷ᠎ᠠ ᠶᠢᠨ ᠡᠳᠦᠷ ᠂ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠠᠴᠠ ᠣᠶᠢᠯᠭᠠᠭᠰᠠᠨ ᠢᠶᠠᠷ ᠂ 2024 ᠣᠨ ᠤ ᠲᠦᠷᠦᠭᠦᠦ ᠤᠯᠠᠷᠢᠯ ᠳᠤ ᠂ ᠮᠠᠨ | ᠬᠤᠲᠠ ᠠᠷᠠᠳ ᠤᠨ ᠶᠠᠪᠤᠳᠠᠯ ᠤᠨ ᠦᠢᠯᠡᠰ ᠲᠤ ᠨᠡᠶᠢᠲᠡ 1.42 ᠳ᠋ᠦᠩᠰᠢᠭᠤᠷ ᠲᠦᠭᠦᠷᠢᠭ ᠵᠠᠷᠤᠴᠠᠭᠤᠯᠵᠤ ᠂ ᠨᠠᠰᠤᠲᠠᠶᠢᠴᠤᠳ ᠂ ᠵᠡᠮᠳᠡᠭᠴᠦᠳ ᠂ ᠥᠨᠥᠴᠢᠨ | ᠬᠡᠦᠬᠡᠳ ᠂ ᠠᠮᠢᠳᠤᠷᠠᠯ ᠬᠦᠴᠢᠷᠳᠡᠯᠲᠡᠢ ᠤᠯᠠᠨ ᠲᠦᠮᠡᠨ ᠵᠡᠷᠭᠡ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠡᠳᠡᠭᠡᠳ ᠤᠨ 150182 ᠬᠦᠮᠦᠨ ᠳᠤ ᠠᠰᠢᠭ | ᠬᠦᠷᠲᠡᠭᠡᠭᠰᠡᠨ ᠪᠠᠶᠢᠨ᠎ᠠ ᠃ ᠨᠡᠶᠢᠬᠡᠮ ᠤᠨ ᠠᠰᠠᠷᠠᠮᠵᠢ ᠶᠢᠨ ᠵᠠᠷᠤᠳᠠᠯ ᠳᠤ ᠨᠡᠶᠢᠲᠡ 4195.8 ᠲᠦᠮᠡᠨ ᠲᠦᠭᠦᠷᠢᠭ ᠵᠠᠷᠤᠴᠠᠭᠤᠯᠵᠤ ᠂ ᠡᠭᠦᠨ ᠳᠤ ᠂ ᠬᠡᠦᠬᠡᠳ ᠤᠨ | ᠠᠰᠠᠷᠠᠮᠵᠢ ᠶᠢᠨ ᠵᠠᠷᠤᠳᠠᠯ ᠨᠡᠶᠢᠲᠡ 488.6 ᠲᠦᠮᠡᠨ ᠲᠦᠭᠦᠷᠢᠭ ᠂ ᠵᠡᠮᠳᠡᠭᠴᠦᠳ ᠤᠨ ᠠᠰᠠᠷᠠᠮᠵᠢ ᠶᠢᠨ ᠵᠠᠷᠤᠳᠠᠯ ᠨᠡᠶᠢᠲᠡ 1555.5 ᠲᠦᠮᠡᠨ ᠲᠦᠭᠦᠷᠢᠭ ᠂ | ᠨᠠᠰᠤᠲᠠᠶᠢᠴᠤᠳ ᠤᠨ ᠠᠰᠠᠷᠠᠮᠵᠢ ᠶᠢᠨ ᠵᠠᠷᠤᠳᠠᠯ ᠨᠡᠶᠢᠲᠡ 1930.7 ᠲᠦᠮᠡᠨ ᠲᠦᠭᠦᠷᠢᠭ ᠂ ᠪᠤᠰᠤᠳ ᠨᠡᠶᠢᠬᠡᠮ ᠤᠨ ᠠᠰᠠᠷᠠᠮᠵᠢ ᠶᠢᠨ ᠵᠠᠷᠤᠳᠠᠯ ᠨᠡᠶᠢᠲᠡ 221 | ᠲᠦᠮᠡᠨ ᠲᠦᠭᠦᠷᠢᠭ ᠪᠠᠭᠳᠠᠨ᠎ᠠ ︔ ᠨᠡᠶᠢᠬᠡᠮ ᠤᠨ ᠠᠪᠤᠷᠠᠨ ᠲᠤᠰᠠᠯᠠᠬᠤ ᠵᠠᠷᠤᠳᠠᠯ ᠳᠤ ᠨᠡᠶᠢᠲᠡ 8453.2 ᠲᠦᠮᠡᠨ ᠲᠦᠭᠦᠷᠢᠭ ᠵᠠᠷᠤᠴᠠᠭᠤᠯᠵᠤ ᠂ ᠡᠭᠦᠨ ᠳᠤ ᠂ | ᠠᠮᠢᠳᠤᠷᠠᠯ ᠤᠨ ᠬᠠᠮᠤᠭ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠷᠤᠳᠠᠯ ᠨᠡᠶᠢᠲᠡ 5039.9 ᠲᠦᠮᠡᠨ ᠲᠦᠭᠦᠷᠢᠭ ᠂ ᠣᠨᠴᠠ ᠬᠦᠴᠢᠷᠳᠡᠯᠲᠡᠢ ᠬᠦᠮᠦᠰ ᠢ | ᠠᠪᠤᠷᠠᠨ ᠲᠤᠰᠠᠯᠠᠵᠤ ᠠᠰᠠᠷᠠᠨ ᠲᠡᠵᠢᠭᠡᠬᠦ ᠵᠠᠷᠤᠳᠠᠯ ᠨᠡᠶᠢᠲᠡ 2330.6 ᠲᠦᠮᠡᠨ ᠲᠦᠭᠦᠷᠢᠭ ᠂ ᠲᠦᠷ ᠴᠠᠭ ᠤᠨ ᠠᠪᠤᠷᠠᠨ ᠲᠤᠰᠠᠯᠠᠬᠤ ᠵᠠᠷᠤᠳᠠᠯ ᠨᠡᠶᠢᠲᠡ 927.8 | ᠲᠦᠮᠡᠨ ᠲᠦᠭᠦᠷᠢᠭ ᠂ ᠠᠮᠢᠳᠤᠷᠠᠯ ᠤᠨ ᠠᠪᠤᠷᠠᠨ ᠲᠤᠰᠠᠯᠠᠬᠤ ᠪᠤᠰᠤᠳ ᠵᠠᠷᠤᠳᠠᠯ ᠨᠡᠶᠢᠲᠡ 154.9 ᠲᠦᠮᠡᠨ ᠲᠦᠭᠦᠷᠢᠭ ᠪᠠᠭᠲᠠᠨ᠎ᠠ ︔ ᠠᠷᠠᠳ ᠤᠨ ᠶᠠᠪᠤᠳᠠᠯ ᠤᠨ | ᠬᠠᠮᠢᠶᠠᠷᠤᠯᠲᠠ ᠶᠢᠨ ᠶᠠᠪᠤᠳᠠᠯ ᠤᠨ ᠪᠤᠰᠤᠳ ᠵᠠᠷᠤᠳᠠᠯ ᠳᠤ ᠨᠡᠶᠢᠲᠡ 1572.8 ᠲᠦᠮᠡᠨ ᠲᠦᠭᠦᠷᠢᠭ ᠵᠠᠷᠤᠴᠠᠭᠤᠯᠪᠠ ᠃ ᠳᠠᠷᠠᠭᠠᠴᠢ ᠶᠢᠨ ᠠᠯᠬᠤᠮ ᠳᠤ ᠂ ᠬᠤᠲᠠ ᠶᠢᠨ | ᠠᠷᠠᠳ ᠤᠨ ᠶᠠᠪᠤᠳᠠᠯ ᠤᠨ ᠲᠣᠪᠴᠢᠶ᠎ᠠ ᠦᠷᠭᠦᠯᠵᠢᠯᠡᠨ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠂ | ᠲᠤᠳᠠᠭᠤᠳᠠᠯ ᠢᠶᠠᠨ ᠨᠥᠬᠦᠪᠦᠷᠢᠯᠡᠵᠤ ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠦᠨ ᠂ ᠴᠢᠨᠠᠷᠵᠢᠯ ᠢ ᠳᠡᠭᠡᠭᠰᠢᠯᠡᠬᠦᠯᠵᠤ ᠂ ᠲᠡᠷᠢᠭᠦᠨ ᠤ ᠬᠢ ᠪᠤᠯᠬᠤ ᠪᠠᠷ ᠬᠦᠴᠦᠯᠡᠨ | ᠴᠢᠷᠮᠠᠶᠢᠵᠤ ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠪᠦᠬᠦ ᠲᠠᠯ᠎ᠠ ᠪᠠᠷ ᠨᠡᠮᠡᠭᠳᠡᠭᠦᠯᠦᠨ᠎ᠡ ᠃ | | |