| ᠨᠢᠰᠬᠦ ᠮᠡᠲᠦ ᠲᠦᠷᠭᠡᠨ ᠬᠥᠭᠵᠢᠵᠦ ᠪᠠᠶᠢᠭ᠎ᠠ ᠨᠡᠶᠢᠭᠡᠮ ᠪᠠ ᠴᠠᠭ ᠦᠶ᠎ᠡ ᠶᠢᠨ ᠬᠤᠪᠢᠷᠠᠯᠲᠠ ᠶᠢ ᠳᠠᠭᠠᠯᠳᠤᠨ ᠡᠴᠢᠭᠡ ᠡᠬᠡ ᠪᠣᠯᠣᠭᠰᠠᠳ ᠦᠷ᠎ᠡ ᠬᠡᠦᠬᠡᠳ ᠢᠶᠠᠨ | ᠬᠡᠷᠬᠢᠨ ᠰᠤᠷᠭᠠᠨ ᠬᠥᠮᠥᠵᠢᠭᠦᠯᠵᠦ ᠂ ᠶᠠᠮᠠᠷ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠪᠡᠯ ᠵᠣᠬᠢᠬᠤ ᠲᠤᠬᠠᠢ ᠠᠰᠠᠭᠤᠯᠲᠠ ᠶᠢ ᠴᠤ ᠨᠠᠷᠢᠨ ᠨᠢᠮᠪᠠᠢ ᠪᠣᠳᠣᠯᠬᠢᠯᠠᠨ | ᠰᠠᠶᠢᠲᠤᠷ ᠲᠤᠩᠭᠠᠭᠤᠰᠢᠲᠠᠢ ᠪᠣᠯᠵᠠᠢ ᠃ ᠡᠴᠢᠭᠡ ᠡᠬᠡ ᠪᠣᠯᠣᠭᠰᠠᠳ ᠬᠡᠦᠬᠡᠳ ᠢᠶᠠᠨ ᠰᠠᠶᠢᠨ ᠢ ᠢᠳᠡᠭᠦᠯᠵᠦ ᠰᠠᠶᠢᠨ ᠢ ᠡᠮᠦᠰᠦᠭᠦᠯᠦᠨ ᠡᠷᠡᠭᠦᠯ ᠴᠢᠭᠢᠷᠠᠭ ᠥᠰᠬᠡᠪᠡᠯ | ᠳᠠᠷᠤᠢ ᠡᠴᠢᠭᠡ ᠡᠬᠡ ᠶᠢᠨ ᠡᠭᠦᠷᠭᠡ ᠬᠠᠷᠢᠴᠠᠭᠤᠯᠭ᠎ᠠ ᠪᠠᠨ ᠭᠦᠢᠴᠡᠳᠬᠡᠭᠰᠡᠨ ᠭᠡᠵᠦ ᠵᠠᠷᠢᠮ ᠭᠡᠷ ᠤᠨ ᠠᠬᠠᠮᠠᠳ ᠪᠤᠳᠤᠬᠤ ᠮᠠᠭᠠᠳ ᠃ ︽ ᠡᠴᠢᠭᠡ ᠡᠬᠡ ᠶᠢᠨ ᠭᠤᠣᠯ | ᠠᠵᠢᠯ ᠪᠣᠯ ᠳᠠᠷᠤᠢ ᠦᠷ᠎ᠡ ᠬᠡᠦᠬᠡᠳ ᠢᠶᠠᠨ ᠰᠤᠷᠭᠠᠨ ᠬᠥᠮᠥᠵᠢᠭᠦᠯᠬᠦ ᠶᠠᠪᠤᠳᠠᠯ ᠪᠣᠯᠣᠨ᠎ᠠ ︾ ᠭᠡᠵᠦ ᠠᠭᠤᠤ ᠬᠥᠮᠥᠨ ᠮᠠᠷᠺᠰ ᠶᠠᠷᠢᠵᠤ ᠥᠩᠭᠡᠷᠡᠭᠰᠡᠨ ᠃ ᠵᠠᠯᠠᠭᠤ ᠨᠢᠭᠡ | ᠦᠶ᠎ᠡ ᠶᠢᠨ ᠬᠢᠨ ᠬᠡᠦᠬᠡᠳ ᠤᠨ ᠬᠥᠮᠦᠵᠢᠯ ᠢ ᠶᠡᠬᠡᠳᠡ ᠠᠩᠬᠠᠷᠴᠤ ᠂ ᠣᠯᠠᠩᠬᠢ ᠡᠴᠢᠭᠡ ᠡᠬᠡ ᠡᠳᠦᠷ ᠲᠣᠲᠤᠮ ᠤᠨ ᠠᠮᠢᠳᠤᠷᠠᠯ ᠳᠠᠭᠠᠨ ᠦᠷ᠎ᠡ ᠬᠡᠦᠬᠡᠳ ᠢᠶᠠᠨ | ᠥᠰᠬᠡᠨ ᠬᠥᠮᠥᠵᠢᠭᠦᠯᠬᠦ ᠳᠤᠮᠳᠠ ᠂ ᠶᠠᠮᠠᠷ ᠨᠢᠭᠡᠨ ᠠᠰᠠᠭᠤᠳᠠᠯ ᠲᠤᠯᠭᠠᠷᠠᠪᠠᠯ ᠰᠤᠷᠭᠠᠭᠤᠯᠢ ᠪᠣᠯᠣᠨ ᠪᠠᠭᠰᠢ ᠨᠠᠷ ᠲᠠᠢ ᠰᠠᠨᠠᠭᠠᠴᠢᠯᠠᠭ᠎ᠠ ᠲᠠᠢ ᠢᠯᠡᠭᠦᠬᠡᠨ | ᠬᠠᠮᠵᠢᠯᠴᠠᠬᠤ ᠶᠢᠨ ᠳᠠᠭᠠᠤ ᠳᠤ ᠂ ᠥᠪᠡᠷ ᠢᠶᠠᠨ ᠴᠤ ᠬᠡᠦᠬᠡᠳ ᠤᠨ ᠬᠥᠮᠦᠵᠢᠯ ᠤᠨ ᠲᠤᠬᠠᠢ ᠰᠤᠷᠤᠯᠴᠠᠯᠭ᠎ᠠ ᠶᠢ ᠴᠢᠬᠤᠯᠠᠴᠢᠯᠠᠵᠤ ᠂ ᠠᠷᠭ᠎ᠠ ᠪᠦᠭᠦᠨ ᠢ ᠰᠦᠪᠡᠭᠴᠢᠯᠡᠨ | ᠬᠡᠦᠬᠡᠳ ᠢᠶᠠᠨ ᠰᠠᠶᠢᠨ ᠬᠥᠮᠥᠵᠢᠭᠦᠯᠵᠦ ᠂ ᠬᠡᠦᠬᠡᠳ ᠤᠨ ᠢᠶᠠᠨ ᠡᠷᠡᠭᠦᠯ ᠰᠠᠷᠠᠭᠤᠯ ᠦᠰᠦᠨ ᠪᠤᠶᠢᠵᠢᠬᠤ ᠶᠢ ᠠᠩᠬᠠᠷᠳᠠᠭ ᠃ ᠭᠡᠪᠡᠴᠦ ᠡᠭᠦᠨ ᠤ ᠡᠰᠡᠷᠭᠦ ᠪᠠᠷ ᠂ ᠵᠠᠷᠢᠮ | ᠭᠡᠷ ᠤᠨ ᠠᠬᠠᠮᠠᠳ ᠬᠡᠦᠬᠡᠳ ᠢᠶᠠᠨ ᠰᠤᠷᠭᠠᠨ ᠬᠥᠮᠥᠵᠢᠭᠦᠯᠬᠦ ᠬᠠᠷᠢᠭᠤᠴᠠᠯᠭ᠎ᠠ ᠶᠢᠨ ᠲᠠᠯ᠎ᠠ ᠪᠠᠷ ᠭᠦᠢᠴᠡᠳ ᠪᠤᠰᠤ ᠲᠠᠨᠢᠯᠲᠠ ᠲᠠᠢ ᠪᠠᠶᠢᠳᠠᠭ ᠃ ᠬᠡᠦᠬᠡᠳ ᠳᠡᠩᠳᠡᠭᠦᠦ | ᠪᠠᠭ᠎ᠠ ᠪᠣᠯ ᠰᠤᠷᠭᠠᠭᠰᠠᠨ ᠴᠤ ᠲᠤᠰᠠ ᠦᠭᠡᠢ ᠂ ︽ ᠤᠷᠭᠤᠭ᠎ᠠ ᠮᠣᠳᠣ ᠤᠳᠠᠭᠠᠨ ᠳᠠᠭᠠᠨ ᠵᠠᠰᠠᠷᠠᠨ᠎ᠠ ︾ ᠭᠡᠳᠡᠭᠴᠢᠯᠡᠨ ᠬᠡᠦᠬᠡᠳ ᠥᠭᠡᠯᠡᠢ ᠪᠣᠯᠪᠠᠯ ᠳᠠᠷᠤᠢ ᠤᠴᠢᠷ | ᠶᠣᠰᠣ ᠶᠢ ᠠᠶᠠᠨᠳᠠᠭᠠᠨ ᠮᠡᠳᠡᠴᠢᠬᠡᠨ᠎ᠡ ᠭᠡᠳ ᠬᠡᠦᠬᠡᠳ ᠤᠨ ᠢᠶᠠᠨ ᠠᠶ᠎ᠠ ᠪᠠᠷ ᠨᠢ ᠲᠠᠯᠪᠢᠵᠤ ᠳᠤᠷ᠎ᠠ ᠲᠠᠪᠠ ᠪᠠᠷ ᠨᠢ ᠶᠠᠪᠤᠭᠤᠯᠳᠠᠭ ᠭᠡᠷ ᠤᠨ ᠠᠬᠠᠮᠠᠳ ᠴᠦ ᠪᠠᠭ᠎ᠠ ᠪᠤᠰᠤ | ᠪᠠᠶᠢᠳᠠᠭ ᠃ ᠬᠡᠦᠬᠡᠳ ᠢ ᠰᠤᠷᠭᠠᠨ ᠬᠥᠮᠥᠵᠢᠭᠦᠯᠬᠦ ᠪᠣᠯ ᠰᠤᠷᠭᠠᠭᠤᠯᠢ ᠶᠢᠨ ᠶᠠᠪᠤᠳᠠᠯ ᠂ ᠬᠡᠦᠬᠡᠳ ᠤᠨ ᠬᠢᠴᠢᠶᠡᠯ ᠰᠤᠷᠤᠯᠭ᠎ᠠ ᠪᠣᠯᠣᠨ ᠶᠠᠮᠠᠷ ᠦᠵᠡᠯ ᠪᠤᠳᠤᠯ ᠲᠠᠢ | ᠬᠥᠮᠥᠨ ᠪᠣᠯᠭᠠᠨ ᠬᠥᠮᠥᠵᠢᠭᠦᠯᠬᠦ ᠨᠢ ᠪᠠᠭᠰᠢ ᠨᠠᠷ ᠤᠨ ᠬᠠᠮᠢᠶᠠᠷᠬᠤ ᠬᠡᠷᠡᠭ ᠂ ᠪᠢᠳᠡ ᠴᠢᠨᠢ ᠪᠢᠴᠢᠭ ᠰᠣᠶᠣᠯ ᠴᠥᠭᠡᠨ ᠭᠥᠷᠳᠡᠭᠰᠡᠨ ᠬᠥᠮᠥᠰ ᠶᠠᠭᠤ ᠯᠡ ᠮᠡᠳᠡᠬᠦᠪ | ᠬᠡᠮᠡᠨ ᠵᠦᠪᠭᠡᠨ ᠬᠡᠦᠬᠡᠳ ᠤᠨ ᠢᠳᠡᠵᠦ ᠡᠮᠦᠰᠬᠦ ᠂ ᠤᠨᠲᠠᠵᠤ ᠬᠡᠪᠲᠡᠬᠦ ᠶᠢ ᠨᠢ ᠬᠠᠮᠢᠶᠠᠷᠪᠠᠯ ᠪᠣᠯᠴᠢᠬᠠᠨ᠎ᠠ ᠭᠡᠵᠦ ᠵᠠᠷᠢᠮ ᠬᠥᠮᠥᠰ ᠪᠤᠳᠤᠳᠠᠭ ᠃ ᠪᠠᠰᠠ ᠵᠠᠷᠢᠮ ᠭᠡᠷ ᠤᠨ | ᠠᠬᠠᠮᠠᠳ ᠠᠵᠢᠯ ᠠᠯᠪᠠ ᠨᠢ ᠳᠡᠩᠳᠡᠭᠦᠦ ᠶᠠᠭᠠᠷᠠᠤ ᠠᠴᠠ ᠪᠣᠯᠵᠤ ᠬᠡᠦᠬᠡᠳ ᠢᠶᠠᠨ ᠬᠠᠮᠢᠶᠠᠷᠬᠤ ᠴᠢᠯᠦᠭᠡ ᠵᠠᠪ ᠦᠭᠡᠢ ᠰᠤᠷᠭᠠᠭᠤᠯᠢ ᠳᠤᠨᠢ ᠨᠠᠶᠢᠳᠠᠬᠤ ᠪᠤᠶᠤ ᠡᠮᠡᠭᠡ | ᠡᠪᠦᠭᠡ ᠳᠤ ᠨᠢ ᠬᠠᠶᠠᠵᠤ ᠬᠠᠮᠢᠶᠠᠷᠤᠭᠤᠯᠳᠠᠭ ᠴᠤ ᠪᠤᠢ ᠃ ᠬᠡᠦᠬᠡᠳ ᠢᠮᠠᠭᠲᠠ ᠭᠠᠳᠠᠭᠠᠳᠤ ᠶᠢᠷᠲᠢᠨᠴᠦ ᠶᠢᠨ ᠡᠯᠳᠡᠪ ᠵᠦᠢᠯ ᠤᠨ ᠨᠥᠯᠥᠭᠡ ᠲᠤᠰᠬᠠᠯ ᠢ ᠬᠦᠷᠲᠡᠵᠦ | ᠪᠠᠶᠢᠳᠠᠭ ᠤᠴᠢᠷ ᠠᠴᠠ ᠬᠡᠦᠬᠡᠳ ᠢᠶᠠᠨ ᠥᠰᠬᠡᠨ ᠪᠤᠶᠢᠵᠢᠭᠤᠯᠬᠤ ᠳᠠᠭᠠᠨ ᠳᠡᠩᠳᠡᠭᠦᠦ ᠠᠶ᠎ᠠ ᠪᠠᠷ ᠨᠢ ᠲᠠᠯᠪᠢᠬᠤ ᠨᠢ ᠵᠣᠬᠢᠰ ᠦᠭᠡᠢ ᠃ ᠬᠠᠷᠢᠨ ᠪᠠᠭ᠎ᠠ ᠠᠴᠠ ᠨᠢ | ᠵᠢᠭᠠᠵᠤ ᠰᠤᠷᠭᠠᠵᠤ ᠬᠥᠮᠥᠵᠢᠭᠦᠯᠬᠦ ᠶᠢ ᠴᠢᠬᠤᠯᠠᠴᠢᠯᠠᠵᠤ ᠂ ᠢᠷᠡᠭᠡᠳᠦᠢ ᠳᠤ ᠨᠡᠶᠢᠭᠡᠮ ᠳᠡᠭᠡᠷ᠎ᠡ ᠬᠡᠷᠡᠭᠴᠡᠭᠡ ᠲᠠᠢ ᠬᠥᠮᠥᠨ ᠪᠣᠯᠭᠠᠨ ᠬᠥᠮᠥᠵᠢᠭᠦᠯᠬᠦ ᠪᠠᠷ ᠬᠥᠲᠥᠯᠵᠦ | ᠵᠢᠯᠤᠭᠤᠳᠬᠤ ᠨᠢ ᠳᠤᠩ ᠴᠢᠬᠤᠯᠠ ᠃ ᠡᠭᠦᠨ ᠠᠴᠠ ᠭᠠᠳᠠᠨ᠎ᠠ ᠂ ᠪᠠᠰᠠ ᠵᠠᠷᠢᠮᠠᠳ ᠨᠢ ᠬᠡᠦᠬᠡᠳ ᠲᠤ ᠬᠥᠮᠦᠵᠢᠯ ᠬᠡᠷᠡᠭᠲᠡᠢ ᠭᠡᠳᠡᠭ ᠢ ᠮᠡᠳᠡᠳᠡᠭ ᠪᠤᠯᠪᠠᠴᠤ ᠡᠨᠡᠬᠦ | ᠶᠠᠪᠤᠳᠠᠯ ᠢ ᠰᠤᠷᠭᠠᠭᠤᠯᠢ ᠳᠤ ᠨᠠᠶᠢᠳᠠᠵᠤ ᠂ ᠬᠠᠷᠢᠭᠤᠴᠠᠯᠭ᠎ᠠ ᠶᠢ ᠪᠠᠭᠰᠢ ᠳᠤ ᠲᠦᠯᠬᠢᠵᠦ ᠂ ᠬᠡᠦᠬᠡᠳ ᠨᠢ ᠶᠠᠮᠠᠷ ᠨᠢᠭᠡᠨ ᠣᠰᠣᠯ ᠪᠤᠷᠤᠭᠤ ᠭᠠᠷᠭᠠᠪᠠᠯ ᠂ ᠥᠪᠡᠷ ᠤᠨ | ᠬᠡᠦᠬᠡᠳ ᠤᠨ ᠲᠠᠯ᠎ᠠ ᠠᠴᠠ ᠂ ᠭᠡᠷ ᠪᠦᠯᠢ ᠶᠢᠨ ᠲᠠᠯ᠎ᠠ ᠠᠴᠠ ᠣᠴᠢᠵᠤ ᠤᠴᠢᠷ ᠰᠢᠯᠲᠠᠭᠠᠨ ᠢ ᠡᠷᠢᠬᠦ ᠦᠭᠡᠢ ᠂ ᠬᠠᠷᠢᠨ ᠪᠠᠭᠰᠢ ᠶᠢ ᠵᠢᠮᠡᠯᠡᠬᠦ ᠪᠤᠶᠤ ᠰᠤᠷᠭᠠᠭᠤᠯᠢ ᠶᠢ | ᠪᠤᠷᠤᠭᠤᠰᠢᠶᠠᠵᠤ ᠪᠠᠶᠢᠳᠠᠭ ᠃ ᠬᠡᠦᠬᠡᠳ ᠢ ᠰᠤᠷᠭᠠᠨ ᠬᠥᠮᠥᠵᠢᠭᠦᠯᠬᠦ ᠳᠤ ᠰᠤᠷᠭᠠᠭᠤᠯᠢ ᠨᠡᠶᠢᠭᠡᠮ ᠠᠴᠠ ᠬᠠᠷᠢᠭᠤᠴᠠᠬᠤ ᠡᠭᠦᠷᠭᠡ ᠬᠠᠷᠢᠭᠤᠴᠠᠯᠭ᠎ᠠ ᠪᠤᠢ ᠃ ᠭᠡᠪᠡᠴᠦ | ᠭᠡᠷ ᠤᠨ ᠠᠬᠠᠮᠠᠳ ᠪᠣᠯ ᠬᠡᠦᠬᠡᠳ ᠤᠨ ᠬᠠᠮᠤᠭ ᠤᠨ ᠠᠩᠬᠠᠨ ᠤ ᠪᠠᠭᠰᠢ ᠂ ᠭᠡᠷ ᠪᠦᠯᠢ ᠪᠣᠯ ᠦᠰᠤᠨ ᠪᠤᠶᠢᠵᠢᠬᠤ ᠬᠠᠮᠤᠭ ᠤᠨ ᠠᠩᠬᠠᠨ ᠤ ᠠᠮᠢᠳᠤᠷᠠᠯ ᠤᠨ ᠣᠷᠴᠢᠨ | ᠠᠬᠤᠢ ᠪᠣᠯᠬᠤᠷ ᠂ ᠡᠴᠢᠭᠡ ᠡᠬᠡ ᠶᠢᠨ ᠬᠡᠦᠬᠡᠳ ᠲᠤ ᠦᠵᠡᠭᠦᠯᠭᠦ ᠨᠥᠯᠥᠭᠡ ᠶᠢ ᠶᠠᠮᠠᠷ ᠴᠤ ᠬᠥᠮᠥᠨ ᠣᠷᠣᠯᠠᠵᠤ ᠴᠢᠳᠠᠬᠤ ᠦᠭᠡᠢ ᠶᠢᠨ ᠬᠤᠶᠢᠨ᠎ᠠ ᠂ ᠡᠴᠢᠭᠡ ᠡᠬᠡ | ᠪᠣᠯᠣᠭᠰᠠᠳ ᠡᠷᠬᠡᠪᠰᠢ ᠬᠡᠦᠬᠡᠳ ᠢᠶᠠᠨ ᠰᠤᠷᠭᠠᠨ ᠬᠥᠮᠥᠵᠢᠭᠦᠯᠬᠦ ᠠᠩᠬᠠᠨ ᠤ ᠬᠠᠷᠢᠭᠤᠴᠠᠯᠭᠠᠲᠠᠨ ᠪᠠᠶᠢᠬᠤ ᠶᠣᠰᠣ ᠤᠴᠢᠷ ᠢ ᠤᠬᠠᠭᠠᠷᠠᠵᠤ ᠂ ᠬᠡᠦᠬᠡᠳ ᠤᠨ ᠦᠰᠦᠨ | ᠪᠤᠶᠢᠵᠢᠯᠳᠠ ᠳᠤ ᠢᠯᠡᠭᠦᠬᠡᠨ ᠰᠡᠳᠬᠢᠯ ᠳᠠᠯᠪᠢᠬᠤ ᠴᠢᠬᠤᠯᠠ ᠲᠠᠢ ᠃ ᠬᠡᠦᠬᠡᠳ ᠤᠬᠠᠭᠠᠨ ᠲᠣᠮᠤᠭ᠎ᠠ ᠲᠠᠢ ᠥᠰᠴᠦ ᠬᠥᠮᠥᠵᠢᠭᠳᠡᠬᠦ ᠨᠢ ᠦᠨᠡᠬᠡᠷ ᠡᠴᠢᠭᠡ ᠡᠬᠡ ᠶᠢᠨ | ᠥᠩᠭᠡ ᠭᠡᠷᠡᠯ ᠂ ᠭᠡᠷ ᠪᠦᠯᠢ ᠶᠢᠨ ᠵᠣᠯ ᠵᠢᠷᠭᠠᠯ ᠪᠤᠯᠬᠤ ᠶᠤᠮ ᠃ ᠡᠨᠡ ᠨᠢ ᠮᠥᠨ ᠴᠤ ᠡᠴᠢᠭᠡ ᠡᠬᠡ ᠶᠢᠨ ᠬᠠᠷᠢᠭᠤᠴᠠᠯᠭ᠎ᠠ ᠠᠴᠠ ᠰᠠᠯᠵᠤ ᠴᠢᠳᠠᠰᠢ ᠦᠭᠡᠢ ᠃ | | |