ᠲᠠᠮᠢᠷ ᠤᠨ ᠰᠢᠯᠭᠠᠯᠲᠠ ᠳᠤ ᠡᠳᠡᠭᠡᠷ ᠢ ᠠᠩᠬᠠᠷᠤᠭᠠᠷᠠᠢ
ᠨᠡᠶᠢᠲᠡᠯᠡᠭᠰᠡᠨ ᠴᠠᠭ᠄
2024/5/9
    ᠡᠯ᠎ᠡ ᠭᠠᠵᠠᠷ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠬᠤ ᠲᠠᠮᠢᠷ ᠤᠨ ᠰᠢᠯᠭᠠᠯᠲᠠ ᠵᠠᠯᠭᠠᠭ᠎ᠠ ᠪᠠᠷ ᠡᠬᠢᠯᠡᠵᠤ ᠂ ᠶᠠᠰᠤᠨ ᠤ ᠰᠠᠯᠠᠭ᠎ᠠ ᠪᠠ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯᠲᠡᠨ ᠠᠴᠠ ᠰᠢᠯᠭᠠᠭᠤᠯᠤᠭᠴᠢ ᠳᠤ ᠰᠢᠯᠭᠠᠯᠲᠠ ᠳᠤ ᠪᠡᠯᠡᠳᠬᠡᠬᠦ ᠬᠤᠭᠤᠴᠠᠭᠠᠨ ᠳᠤ ᠠᠵᠢᠯᠯᠠᠵᠤ ᠠᠮᠠᠷᠠᠬᠤ ᠪᠠᠨ ᠵᠤᠬᠢᠰᠲᠠᠢ ᠲᠤᠬᠢᠷᠠᠭᠤᠯᠵᠤ ᠂ ᠰᠢᠨᠵᠢᠯᠡᠬᠦ ᠤᠬᠠᠭᠠᠨᠴᠢ ᠵᠦᠢ ᠵᠤᠬᠢᠰᠲᠡᠢ ᠪᠤᠯᠪᠠᠰᠤᠷᠠᠯ ᠬᠢᠬᠦ ᠶᠢ ᠠᠩᠬᠠᠷᠴᠦ ᠂ ᠴᠢᠩᠭ᠎ᠠ ᠰᠢᠷᠦᠭᠦᠨ ᠭᠡᠨᠡᠳᠲᠡ ᠶᠢᠨ ᠪᠤᠯᠪᠠᠰᠤᠷᠠᠯ ᠠᠴᠠ ᠪᠤᠯᠵᠤ ᠬᠡᠮᠲᠦᠵᠤ ᠰᠢᠷᠬᠠᠳᠤᠬᠤ ᠠᠴᠠ ᠵᠠᠶᠢᠯᠠᠰᠬᠢᠬᠦ ᠬᠡᠷᠡᠭᠲᠡᠢ ᠭᠡᠵᠤ ᠰᠠᠨᠠᠭᠤᠯᠵᠤ ᠪᠠᠶᠢᠨ᠎ᠠ ᠃ ᠵᠦᠩ ᠨᠠᠨ ᠶᠡᠭᠡ ᠰᠤᠷᠭᠠᠭᠤᠯᠢ ᠶᠢᠨ ᠰᠢᠶᠠᠩ ᠶᠠ ᠡᠮᠨᠡᠯᠭᠡ ᠶᠢᠨ ᠬᠤᠷᠢᠶᠠᠨ ᠤ ᠳᠠᠷᠤᠭ᠎ᠠ ᠂ ᠶᠠᠰᠤᠨ ᠤ ᠰᠠᠯᠠᠭᠠᠨ ᠤ ᠲᠤᠰᠬᠠᠢ ᠮᠡᠷᠭᠡᠵᠢᠯᠲᠡᠨ ᠯᠧᠢ ᠭᠤᠸᠠᠩ ᠬᠤᠸᠠ ᠫᠷᠤᠹᠧᠰᠰᠤᠷ ᠤᠨ ᠲᠠᠨᠢᠯᠴᠠᠭᠤᠯᠤᠭᠰᠠᠨ ᠢᠶᠠᠷ ᠂ ᠵᠠᠷᠢᠮ ᠰᠤᠷᠤᠭᠴᠢᠳ ᠨᠡᠩ ᠰᠠᠶᠢᠨ ᠬᠢᠷᠢ ᠪᠦᠲᠦᠮᠵᠢ ᠣᠯᠬᠤ ᠶᠢᠨ ᠲᠥᠯᠥᠭᠡ ᠪᠡᠶ᠎ᠡ ᠪᠤᠯᠪᠠᠰᠤᠷᠠᠬᠤ ᠡᠷᠴᠢᠮ  ᠢᠶᠠᠨ ᠬᠡᠨᠡᠳᠲᠡ ᠴᠢᠩᠭᠠᠷᠠᠭᠤᠯᠵᠠᠢ ᠃ ᠪᠠᠰᠠ ᠵᠠᠷᠢᠮ ᠰᠤᠷᠤᠭᠴᠢ ᠬᠥᠳᠡᠯᠭᠡᠭᠡᠨ ᠬᠡᠲᠦᠷᠡᠭᠰᠡᠨ ᠂ ᠭᠡᠨᠡᠳᠲᠡ ᠶᠢᠨ ᠪᠤᠯᠪᠠᠰᠤᠷᠠᠯ ᠠᠴᠠ ᠪᠤᠯᠵᠤ ᠦᠶ᠎ᠡ ᠬᠡᠰᠢᠭᠦᠦ ᠭᠡᠮᠲᠦᠬᠦ ᠂ ᠪᠤᠯᠴᠢᠩ ᠤᠷᠪᠠᠭ᠋ᠤ ᠵᠡᠷᠭᠡ ᠪᠠᠶᠢᠳᠠᠯ ᠡᠭᠦᠰᠴᠦ ᠪᠠᠶᠢᠨ᠎ᠠ ᠃ ︽ ᠰᠤᠷᠤᠭᠴᠢᠳ ᠲᠠᠮᠢᠷ ᠤᠨ ᠰᠢᠯᠭᠠᠯᠲᠠ ᠠᠴᠠ ᠡᠮᠦᠨ᠎ᠡ ᠳᠤᠮᠳᠠ ᠵᠡᠷᠭᠡ ᠶᠢᠨ ᠬᠦᠴᠦᠯᠡᠴᠡ ᠲᠠᠢ ᠪᠤᠯᠪᠠᠰᠤᠷᠠᠯ ᠬᠢᠬᠦ ᠨᠢ ᠵᠤᠬᠢᠰᠲᠠᠢ ᠶᠤᠮ ᠃ ᠬᠥᠳᠡᠯᠭᠡᠭᠡᠨ ᠬᠢᠬᠦ ᠠᠴᠠ ᠡᠮᠦᠨ᠎ᠡ ᠂ ᠭᠦᠢᠴᠡᠳ ᠪᠡᠯᠳᠬᠡᠯ ᠬᠥᠳᠡᠯᠭᠡᠭᠡᠨ ᠬᠢᠵᠤ ᠂ ᠪᠦᠬᠦ ᠪᠡᠶ᠎ᠡ ᠶᠢᠨ ᠦᠶ᠎ᠡ ᠬᠡᠰᠢᠭᠦᠦ ᠂ ᠪᠤᠯᠴᠢᠩ ᠮᠢᠬ᠎ᠠ ᠪᠠᠨ ᠲᠡᠨᠢᠢᠯᠭᠡᠨ ᠂ ᠬᠥᠳᠡᠯᠭᠡᠭᠡᠨ ᠬᠢᠵᠤ ᠰᠢᠷᠬᠠᠳᠤᠬᠤ ᠠᠶᠤᠯ ᠢ ᠪᠠᠭᠠᠰᠬᠠᠬᠤ ᠬᠡᠷᠡᠭᠲᠡᠢ ᠂ ᠭᠡᠨᠡᠳᠲᠡ ᠰᠢᠷᠦᠭᠦᠨ ᠬᠦᠶᠦᠵᠤ ᠥᠰᠦᠷᠬᠦ ᠵᠡᠷᠭᠡ ᠠᠴᠠ ᠵᠠᠶᠢᠯᠠᠰᠬᠢᠵᠤ ᠂ ᠥᠨᠳᠥᠷ ᠬᠦᠴᠦᠯᠡᠴᠡ ᠲᠠᠢ ᠬᠥᠳᠡᠯᠭᠡᠭᠡᠨ ᠬᠢᠬᠦ ᠳᠤ ᠬᠠᠮᠠᠭᠠᠯᠠᠬᠤ ᠪᠠᠭᠠᠵᠢ ᠵᠡᠭᠦᠵᠤ ᠂ ᠪᠤᠯᠴᠢᠩ ᠮᠢᠬ᠎ᠠ ᠪᠠ ᠦᠶ᠎ᠡ ᠬᠡᠰᠢᠭᠦᠦ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ ︾ ᠭᠡᠵᠤ ᠯᠧᠢ ᠭᠤᠸᠠᠩ ᠬᠤᠸᠠ ᠰᠠᠨᠠᠭᠤᠯᠤᠯ᠎ᠠ ᠃ ᠬᠤᠨᠠᠨ ᠮᠤᠵᠢ ᠶᠢᠨ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠡᠪᠡᠳᠴᠢᠨ ᠤ ᠬᠢᠳᠠᠳ ᠡᠮ ᠡᠮᠨᠡᠯᠭᠡ ᠶᠢᠨ ᠤᠨᠤᠰᠢᠯᠠᠨ ᠡᠮᠨᠡᠬᠦ ᠲᠥᠪ ᠤᠨ ᠡᠷᠬᠢᠯᠡᠭᠴᠢ ᠶᠠᠩ ᠫᠢᠩ ᠰᠠᠨᠠᠭᠤᠯᠬᠤ ᠳᠠᠭᠠᠨ ᠂ ᠰᠢᠯᠭᠠᠭᠤᠯᠤᠭᠴᠢ ᠰᠢᠯᠭᠠᠯᠲᠠ ᠳᠤ ᠪᠡᠯᠡᠳᠬᠡᠬᠦ ᠬᠤᠭᠤᠴᠠᠭᠠᠨ ᠳᠤ ᠪᠠᠴᠢᠮᠳᠠᠵᠤ ᠰᠠᠨᠳᠤᠷᠬᠤ ᠵᠡᠷᠭᠡ ᠪᠠᠶᠢᠳᠠᠯ ᠢᠯᠡᠷᠡᠵᠤ ᠂ ᠳᠡᠯᠢᠭᠦᠦ ᠬᠤᠳᠤᠭᠤᠳᠤᠨ ᠤ ᠴᠢᠳᠠᠮᠵᠢ ᠶᠢ ᠨᠥᠯᠦᠭᠡᠯᠡᠵᠤ ᠮᠡᠳᠡᠨ᠎ᠡ ᠃ ᠰᠢᠯᠭᠠᠯᠲᠠ ᠣᠶᠢᠷᠠᠳᠬᠤ ᠲᠤᠲᠤᠮ ᠰᠢᠯᠭᠠᠭᠤᠯᠤᠭᠴᠢ ᠶᠢᠨ ᠰᠡᠳᠬᠢᠯ ᠰᠠᠨᠠᠭ᠎ᠠ ᠤᠯᠠᠮ ᠲᠠᠶᠢᠪᠤᠩ ᠪᠠᠶᠢᠬᠤ ᠬᠡᠷᠡᠭᠲᠡᠢ ᠂ ᠡᠩ ᠤᠨ ᠴᠠᠭ ᠤᠨ ᠢᠳᠡᠭᠡᠨ ᠤᠮᠳᠠᠭᠠᠨ ᠤ ᠳᠠᠳᠬᠠᠯ ᠢᠶᠠᠨ ᠬᠤᠪᠢᠷᠠᠭᠤᠯᠵᠤ ᠪᠤᠯᠬᠤ ᠦᠭᠡᠢ ᠂ ᠳᠡᠩᠳᠡᠭᠦᠦ ᠲᠤᠰᠤᠯᠢᠭ ᠢᠳᠡᠭᠡᠨ ᠢᠳᠡᠵᠤ ᠪᠤᠯᠬᠤ ᠦᠭᠡᠢ ᠂ ᠬᠤᠳᠤᠭᠤᠳᠤ ᠬᠡᠳᠡᠰᠦᠨ ᠤ ᠳᠠᠷᠤᠭᠠᠰᠤ ᠶᠢ ᠬᠥᠨᠳᠦᠷᠡᠭᠦᠯᠬᠦ ᠠᠴᠠ ᠵᠠᠶᠢᠯᠠᠰᠬᠢᠬᠦ ᠬᠡᠷᠡᠭᠲᠡᠢ ᠃ ᠰᠢᠯᠭᠠᠭᠤᠯᠤᠭᠴᠢ ᠭᠦᠢᠴᠡᠳ ᠤᠭᠤᠷᠠᠭ ᠢᠳᠡᠬᠦ ᠶᠢ ᠪᠠᠲᠤᠯᠠᠵᠤ ᠂ ᠵᠤᠬᠢᠬᠤ ᠬᠡᠮᠵᠢᠶᠡᠨ ᠤ ᠵᠢᠭᠠᠰᠤᠨ ᠮᠢᠬ᠎ᠠ ᠂ ᠬᠠᠷ᠎ᠠ ᠮᠢᠬ᠎ᠠ ᠂ ᠲᠠᠬᠢᠶᠠᠨ ᠥᠨᠳᠡᠭᠡ ᠂ ᠦᠨᠢᠶᠡᠨ ᠰᠦ ᠂ ᠳ᠋ᠧᠦᠹᠦ᠋ ᠵᠡᠷᠭᠡ  ᠶᠢ ᠢᠳᠡᠨ᠎ᠡ ᠃ ᠪᠠᠰᠠ ᠰᠢᠨ᠎ᠡ ᠰᠤᠷᠭᠤᠭ ᠢᠳᠡᠰᠢᠨ ᠨᠤᠭᠤᠭ᠎ᠠ ᠢᠳᠡᠵᠤ ᠂ ᠺᠠᠯᠼ ᠤᠨ ᠰᠢᠩᠭᠡᠭᠡᠯᠲᠡ ᠶᠢ ᠠᠬᠢᠭᠤᠯᠬᠤ ᠬᠡᠷᠡᠭᠲᠡᠢ ᠭᠡᠵᠡᠢ ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠤᠨᠢᠨ ᠤ ᠸᠢᠴᠠᠲ ᠳᠠᠪᠴᠠᠩ