| | ︽ ᠳ᠋ᠢᠩ ᠯᠢᠩ ᠯᠢᠩ ᠂ ᠳ᠋ᠢᠩ ᠯᠢᠩ ᠯᠢᠩ ︾ ᠂ ᠵᠡᠭᠦᠨᠭᠠᠷ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠣᠶᠤᠨᠴᠢ ᠵᠢᠯᠣᠭᠤᠳᠤᠯᠭᠠᠲ᠋ᠣᠬᠢᠷᠠᠭᠤᠯᠤᠯᠲᠠ ᠶᠢᠨ | ᠲᠥᠪ ᠤᠨ ᠵᠦᠨ ᠰᠢᠶᠠᠩ ᠹᠦ᠋ 24 ᠴᠠᠭ ᠤᠨ ᠨᠠᠰᠤᠵᠢᠯ ᠤᠨ ᠠᠰᠠᠷᠠᠮᠵᠢ ᠶᠢᠨ ᠳᠠᠭᠤᠳᠠᠯᠲᠠ ᠶᠢᠨ ᠲᠥᠪ ᠲᠤ ᠴᠡᠭᠡᠯᠬᠡᠨ ᠳᠤᠳᠤ ᠤᠲᠠᠰᠤᠨ ᠤ ᠬᠤᠩᠬᠤ ᠨᠢᠭᠡᠨ | ᠵᠡᠷᠭᠡ ᠳᠤᠤᠭᠠᠷᠤᠨ᠎ᠠ ᠂ ︽ ᠲᠠ ᠰᠠᠶᠢᠨ ᠦᠦ ᠂ ᠡᠨᠡ ᠪᠣᠯ ᠵᠦᠨ ᠰᠢᠶᠠᠩ ᠹᠦ᠋ ᠨᠠᠰᠤᠵᠢᠯ ᠤᠨ ᠠᠰᠠᠷᠠᠮᠵᠢ ᠶᠢᠨ ᠳᠠᠭᠤᠳᠠᠯᠲᠠ ᠶᠢᠨ ᠲᠥᠪ ᠪᠤᠯᠤᠨ᠎ᠠ ᠂ ᠲᠠᠨ ᠳᠤ | ᠲᠤᠰᠠᠯᠠᠮᠠᠷ ᠵᠤᠶᠢᠯ ᠶᠠᠭᠤ ᠪᠠᠶᠢᠨ᠎ᠠ ︖ ︾ | 6 ᠰᠠᠷ᠎ᠠ ᠶᠢᠨ 7 ᠤ ᠦᠳᠡ ᠶᠢᠨ ᠬᠤᠶᠢᠨ᠎ᠠ᠂ ᠵᠡᠭᠦᠨᠭᠠᠷ ᠬᠤᠰᠢᠭᠤᠨ ᠤ ᠯᠠᠨ ᠲᠢᠶᠠᠨ ᠵᠡᠭᠡᠯᠢ ᠶᠢᠨ ᠶᠠᠩ ᠭᠤᠸᠠᠩ ᠨᠡᠶᠢᠭᠡᠮ ᠲᠣᠭᠤᠷᠢᠭ ᠲᠤ ᠰᠠᠭᠤᠵᠤ ᠪᠠᠶᠢᠭ᠎ᠠ | 72 ᠨᠠᠰᠤᠲᠠᠢ ᠲᠠᠮᠪᠠᠷᠠᠭᠰᠠᠨ ᠨᠠᠰᠤᠲᠠᠨ ᠬᠠᠨ ᠰᠢᠸ ᠶᠢᠩ ᠪᠡᠶ᠎ᠡ ᠪᠠᠨ ᠤᠬᠢᠶᠠᠵᠤ ᠂ ᠴᠢᠰᠤᠨ ᠳᠠᠷᠤᠯᠲᠠ ᠪᠠᠨ ᠬᠡᠮᠵᠢᠬᠦ ᠭᠡᠰᠡᠨ ᠳᠤ ᠂ ᠬᠦᠦ ᠪᠡᠷᠢ ᠵᠠᠩ ᠬᠤᠩ ᠮᠧᠢ | ᠭᠡᠷ ᠤᠨ ᠢᠶᠠᠨ ︽ᠨᠢᠭᠡ ᠳᠠᠷᠤᠪᠴᠢ ᠪᠠᠷ ᠳᠠᠭᠤᠳᠠᠬᠤ︾ ᠲᠥᠬᠦᠭᠡᠷᠦᠮᠵᠢ ᠶᠢ ᠳᠠᠷᠤᠯ᠎ᠠ᠃ | | ᠵᠢᠷᠤᠭ ᠄ ︽ ᠨᠢᠭᠡ ᠳᠠᠷᠤᠪᠴᠢ ᠪᠠᠷ ᠳᠠᠭᠤᠳᠠᠬᠤ ︾ ᠲᠠᠪᠴᠠᠩ ᠤᠨ ᠠᠵᠢᠯᠲᠠᠨ ᠵᠠᠬᠢᠶᠠᠯᠠᠭ᠎ᠠ ᠬᠦᠯᠢᠶᠡᠨ ᠠᠪᠤᠨ᠎ᠠ ᠃ ᠾᠧ ᠷᠦᠨ ᠰᠡᠭᠦᠳᠡᠷᠯᠡᠪᠡ | | ︽ ᠨᠠᠰᠤᠲᠠᠨ ᠲᠠᠮᠪᠠᠷᠠᠵᠤ ᠣᠷᠣ ᠳᠡᠭᠡᠷ᠎ᠡ ᠪᠠᠨ ᠭᠡᠪᠳᠡᠵᠤ ᠪᠠᠶᠢᠭ᠎ᠠ ᠪᠣᠯᠬᠤᠷ ᠪᠢᠳᠡ ᠠᠷᠢᠭᠤᠨ ᠴᠡᠪᠡᠷ ᠤᠨ ᠦᠢᠯᠡᠴᠢᠯᠡᠭᠡ ᠬᠢᠯᠭᠡᠵᠤ ᠴᠢᠰᠤᠨ ᠳᠠᠷᠤᠯᠲᠠ ᠶᠢ ᠨᠢ | ᠬᠡᠮᠵᠢᠵᠤ ᠦᠭᠬᠦ ᠶᠢ ᠬᠦᠰᠡᠵᠤ ᠪᠠᠶᠢᠨ᠎ᠠ᠃ ︾ | ︽ ᠵᠠ ᠂ ᠲᠠᠨ ᠳᠤ ᠳᠠᠷᠤᠶᠢᠬᠠᠨ ᠲᠣᠬᠢᠷᠠᠭᠤᠯᠵᠤ ᠥᠭᠭᠦᠶ᠎ᠡ ᠃ ︾ | ᠲᠣᠬᠢᠷᠠᠭᠤᠯᠤᠯᠲᠠ ᠶᠢᠨ ᠲᠥᠪ ᠤᠨ ︽ ᠨᠢᠭᠡᠲ᠋ᠠᠷᠤᠪᠴᠢ ᠪᠠᠷ ᠳᠠᠭᠤᠳᠠᠬᠤ ︾ ᠲᠠᠪᠴᠠᠩ ᠤᠨ ᠠᠵᠢᠯᠲᠠᠨ ᠵᠠᠬᠢᠶᠠᠯᠠᠭ᠎ᠠ ᠶᠢ ᠭᠥᠯᠢᠶᠡᠨ ᠠᠪᠤᠭᠰᠠᠨ ᠤ ᠳᠠᠷᠠᠭ᠎ᠠ ᠂ | ᠣᠶᠢᠷ᠎ᠠ ᠬᠠᠪᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠰᠣᠩᠭᠤᠵᠤ ᠵᠠᠬᠢᠶᠠᠯᠠᠭ᠎ᠠ ᠳᠤ ᠲᠣᠮᠢᠯᠠᠨ᠎ᠠ ᠃ | ᠯᠠᠨ ᠲᠢᠶᠠᠨ ᠵᠡᠭᠡᠯᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠴᠡᠪᠡᠷᠯᠡᠭᠡ ᠶᠢᠨ ᠦᠢᠯᠡᠴᠢᠯᠡᠭᠡᠨ ᠤ ᠠᠵᠢᠯᠲᠠᠨ ᠵᠠᠷᠯᠢᠭ ᠢ ᠣᠯᠣᠭᠰᠠᠨ ᠤ ᠳᠠᠷᠠᠭ᠎ᠠ ᠲᠡᠷᠡ ᠳᠠᠷᠤᠢ | ᠳᠤᠨᠢ ᠬᠠᠨ ᠰᠢᠸ ᠶᠢᠩ ᠤᠨ ᠭᠡᠷ ᠲᠤ ᠬᠦᠷᠴᠦ ᠂ ᠪᠡᠶ᠎ᠡ ᠶᠢ ᠨᠢ ᠠᠷᠴᠢᠵᠤ ᠂ ᠬᠥᠯ ᠢ ᠨᠢ ᠤᠬᠢᠶᠠᠨ ᠂ ᠢᠯᠢᠵᠦ ᠨᠤᠬᠤᠯᠠᠵᠤ ᠂ ᠴᠢᠰᠤᠨ ᠳᠠᠷᠤᠯᠲᠠ ᠶᠢ ᠨᠢ ᠬᠡᠮᠵᠢᠵᠦ ᠂ | ᠭᠡᠷ ᠢ ᠨᠢ ᠴᠡᠪᠡᠷᠯᠡᠵᠤ ᠦᠭᠬᠦᠨ᠎ᠠ ᠃ | | ᠵᠢᠷᠤᠭ ᠄ ᠴᠡᠪᠡᠷᠯᠡᠭᠡ ᠶᠢᠨ ᠦᠢᠯᠡᠴᠢᠯᠡᠭᠡᠨ ᠤ ᠠᠵᠢᠯᠲᠠᠨ ᠭᠡᠷ ᠲᠤᠨᠢ ᠬᠦᠷᠴᠦ ᠦᠢᠯᠡᠴᠢᠯᠡᠭᠡ ᠬᠢᠵᠤ ᠪᠠᠶᠢᠭ᠎ᠠ ᠨᠢ ᠃ ᠾᠧ ᠷᠦᠨ ᠰᠡᠭᠦᠳᠡᠷᠯᠡᠪᠡ | ᠬᠠᠨ ᠰᠢᠸ ᠶᠢᠩ ᠤᠨ ᠬᠦᠦ ᠪᠡᠷᠢ ᠵᠠᠩ ᠬᠤᠩ ᠮᠧᠢ ᠄ ︽2021 ᠣᠨ ᠳᠤ ᠬᠠᠳᠠᠮ ᠡᠵᠢ ᠲᠠᠷᠢᠬᠢᠨ ᠰᠤᠳᠠᠯ ᠤᠨ ᠳᠦᠭᠵᠢᠷᠡᠯ ᠳᠤ ᠨᠡᠷᠪᠡᠭᠳᠡᠭᠡᠳ ᠲᠠᠮᠪᠠᠷᠠᠵᠠᠢ᠂ | ᠡᠩ ᠤᠨ ᠦᠶ᠎ᠡ ᠳᠤ ᠪᠢ ᠭᠠᠭᠴᠠᠭᠠᠷ ᠢᠶᠠᠨ ᠲᠡᠭᠦᠨ ᠢ ᠬᠠᠷᠠᠭᠠᠯᠵᠠᠵᠤ ᠂ ᠨᠠᠰᠤᠲᠠᠨ ᠳᠤ ᠪᠡᠶ᠎ᠡ ᠶᠢ ᠨᠢ ᠤᠬᠢᠶᠠᠵᠤ ᠂ ᠦᠰᠦ ᠭᠡᠵᠢᠭᠡᠶᠢ ᠨᠢ ᠵᠠᠰᠠᠨ ᠂ ᠴᠢᠰᠤᠨ | ᠳᠠᠷᠤᠯᠲᠠ ᠶᠢ ᠨᠢ ᠬᠡᠮᠵᠢᠵᠤ ᠦᠭᠳᠡᠭ ᠃ ᠵᠠᠷᠢᠮ ᠳᠠᠭᠠᠨ ᠪᠢ ᠭᠠᠭᠴᠠᠭᠠᠷ ᠢᠶᠠᠨ ᠬᠢᠵᠦ ᠳᠡᠶᠢᠯᠬᠦ ᠦᠭᠡᠢ ᠪᠣᠯᠬᠤ ᠦᠶ᠎ᠡ ᠳᠤ ︿ᠨᠢᠭᠡ ᠳᠠᠷᠤᠪᠴᠢ ᠪᠠᠷ ᠳᠠᠭᠤᠳᠠᠬᠤ﹀ | ᠲᠥᠬᠦᠭᠡᠷᠦᠮᠵᠢ ᠶᠢ ᠳᠠᠷᠤᠵᠤ ᠲᠤᠰᠠᠯᠠᠮᠵᠢ ᠭᠤᠶᠤᠳᠠᠭ᠃ ᠨᠢᠳᠤᠨᠤᠨ ᠡᠨᠡ ᠲᠥᠬᠦᠭᠡᠷᠦᠮᠵᠢ ᠶᠢ ᠤᠭᠰᠠᠷᠠᠭᠰᠠᠨ ᠠᠴᠠ ᠨᠠᠭᠠᠰᠢ ᠪᠢ ᠤᠯᠠᠨ ᠤᠳᠠᠭ᠎ᠠ ᠤᠲᠠᠰᠤᠳᠠᠵᠠᠢ ᠂ | ᠤᠳᠠᠭ᠎ᠠ ᠪᠤᠯᠭᠠᠨ ᠦᠢᠯᠡᠴᠢᠯᠡᠬᠦ ᠠᠵᠢᠯᠳᠠᠨ ᠮᠠᠰᠢ ᠲᠦᠷᠭᠡᠨ ᠢᠷᠡᠵᠦ ᠂ ᠮᠠᠰᠢ ᠰᠠᠶᠢᠨ ᠦᠢᠯᠡᠴᠢᠯᠡᠳᠡᠭ ᠪᠤᠯᠬᠤᠷ ᠂ ᠪᠢᠳᠡᠨ ᠳᠤ ᠦᠨᠡᠬᠡᠷ ᠶᠡᠭᠡ ᠲᠤᠰᠠ ᠳᠡᠮ ᠪᠣᠯᠵᠤ | ᠪᠠᠶᠢᠨ᠎ᠠ︾ ᠭᠡᠵᠦ ᠶᠠᠷᠢᠨ᠎ᠠ ᠃ | ᠥᠲᠡᠯᠪᠡᠯ ᠠᠰᠠᠷᠠᠮᠵᠢ ᠲᠠᠢ ᠪᠠᠶᠢᠬᠤ ᠪᠣᠯ ᠠᠷᠠᠳ ᠤᠨ ᠠᠮᠢᠳᠤᠷᠠᠯ ᠤᠨ ᠶᠡᠭᠡ ᠪᠣᠳᠣᠯᠭ᠎ᠠ ᠪᠤᠯᠤᠨ᠎ᠠ᠃ ᠣᠶᠢᠷ᠎ᠠ ᠶᠢᠨ ᠵᠢᠯ ᠤᠳ ᠲᠤ ᠂ ᠵᠡᠭᠦᠨᠭᠠᠷ ᠬᠤᠰᠢᠭᠤ | ᠨᠠᠰᠤᠵᠢᠯ ᠤᠨ ᠠᠰᠠᠷᠠᠮᠵᠢ ᠶᠢ ︽ ᠭᠡᠷ ᠠᠴᠠ ᠨᠢ ᠥᠯᠥ ᠰᠠᠯᠭᠠᠬᠤ ︾ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠂ ᠭᠡᠷ ᠲᠡᠭᠡᠨ ᠰᠠᠭᠤᠵᠤ ᠨᠠᠰᠤᠵᠢᠯ ᠤᠨ | ᠠᠰᠠᠷᠠᠮᠵᠢ ᠬᠦᠷᠳᠡᠬᠦ ᠦᠢᠯᠡᠴᠢᠯᠡᠭᠡᠨ ᠤ ︽ ᠡᠴᠦᠰ ᠤᠨ ᠨᠢᠭᠡ ᠺᠢᠯᠣᠮᠧᠲᠷ ︾ ᠢ ᠨᠡᠪᠲᠡᠷᠡᠭᠦᠯᠪᠡ ᠃ ︽ ᠨᠢᠭᠡ ᠳᠠᠷᠤᠪᠴᠢ ᠪᠠᠷ ᠳᠠᠭᠤᠳᠠᠬᠤ ︾ ᠣᠨᠴᠠᠭᠠᠶ | ᠬᠦᠴᠢᠷᠳᠡᠯ ᠲᠠᠢ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠲᠥᠷᠥᠯ ᠵᠦᠢᠯ ᠪᠣᠯ 2023 ᠣᠨ ᠤ ᠵᠡᠭᠦᠨᠭᠠᠷ ᠬᠤᠰᠢᠭᠤᠨ ᠤ ᠠᠷᠠᠳ ᠤᠨ ᠶᠠᠪᠤᠳᠠᠯ ᠤᠨ | ᠲᠣᠪᠴᠢᠶ᠎ᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠪᠣᠯᠣᠨ᠎ᠠ ᠃ ᠲᠥᠷᠥᠯ ᠵᠦᠢᠯ ᠨᠢ ᠵᠡᠭᠦᠨᠭᠠᠷ ᠬᠤᠰᠢᠭᠤᠨ ᠤ 14 ᠰᠤᠮᠤ | ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢ ᠬᠠᠮᠤᠷᠴᠤ ᠂ ᠵᠡᠭᠦᠨᠭᠠᠷ ᠬᠤᠰᠢᠭᠤᠨ ᠤ 15000 ᠭᠠᠭᠴᠠᠭᠠᠷ ᠰᠠᠭᠤᠭ᠎ᠠ ᠂ ᠭᠡᠷ ᠲᠡᠭᠡᠨ ᠬᠤᠴᠣᠷᠤᠭᠰᠠᠨ ᠂ ᠬᠦᠳᠡᠯᠵᠤ | ᠪᠠᠷᠢᠬᠤ ᠴᠢᠳᠠᠪᠤᠷᠢ ᠪᠠᠨ ᠠᠯᠳᠠᠭᠰᠠᠨ ᠬᠦᠨᠳᠦ ᠵᠡᠮᠳᠡᠭ ᠬᠦᠮᠤᠰ ᠂ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢᠨ ᠨᠠᠰᠤᠲᠠᠶᠢᠴᠤᠳ ︵ ᠳᠤᠷᠤᠬᠰᠢ ︽ | ᠣᠨᠴᠠᠭᠠᠶ ᠬᠦᠴᠢᠷᠳᠡᠯᠳᠡᠢ ᠨᠠᠰᠤᠳᠠᠶᠢᠴᠤᠳ ︾ ᠭᠡᠵᠤ ᠳᠦᠬᠦᠮᠴᠢᠯᠡᠨᠠ ︶ ᠤᠨ ᠭᠡᠷ ᠲᠤ ᠣᠶᠤᠨᠴᠢ ︽ ᠨᠢᠭᠡ ᠳᠠᠷᠤᠪᠴᠢ ᠪᠠᠷ ᠳᠠᠭᠤᠳᠠᠬᠤ ︾ ᠲᠥᠬᠦᠭᠡᠷᠦᠮᠵᠢ | ᠤᠬᠰᠠᠷᠠᠭᠤᠯᠵᠤ ᠂ ᠨᠠᠰᠤᠵᠢᠯ ᠤᠨ ᠠᠰᠠᠷᠠᠮᠵᠢ ᠶᠢᠨ ᠣᠶᠤᠨᠴᠢ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ︽ ᠵᠦᠨ ᠰᠢᠶᠠᠩ ᠹᠦ᠋ ︾ 7x24 ᠴᠠᠭ ᠤᠨ | ᠨᠠᠰᠤᠵᠢᠯ ᠤᠨ ᠠᠰᠠᠷᠠᠮᠵᠢ ᠶᠢᠨ ᠳᠠᠭᠤᠳᠠᠯᠲᠠ ᠶᠢᠨ ᠲᠥᠪ ᠢ ᠪᠠᠶᠢᠭᠤᠯᠵᠤ ᠂ ᠵᠡᠭᠦᠨᠭᠠᠷ ᠬᠤᠰᠢᠭᠤᠨ ᠤ ︽ ᠣᠨᠴᠠᠭᠠᠶ ᠬᠦᠴᠢᠷᠳᠡᠯᠲᠡᠢ ᠨᠠᠰᠤᠲᠠᠶᠢᠴᠤᠳ ︾ ᠲᠤ ᠪᠥᠬᠦ | ᠡᠳᠦᠷ ᠤᠨ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠪᠠ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠰᠠᠨ ᠪᠠᠶᠢᠨ᠎ᠠ ᠃ | | ᠵᠢᠷᠤᠭ ᠄ ᠵᠡᠭᠦᠨᠭᠠᠷ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠤᠶᠤᠨᠴᠢ ᠵᠢᠯᠣᠭᠤᠳᠤᠯᠭ᠎ᠠ ᠳᠤᠬᠢᠷᠠᠭᠤᠯᠤᠯᠳᠠ ᠶᠢᠨ ᠲᠥᠪ ᠤᠨ ᠨᠢᠭᠡ ᠥᠨᠴᠥᠭ ᠪᠣᠯᠣᠨ᠎ᠠ᠃ | ᠾᠧ ᠷᠦᠨ ᠰᠡᠭᠦᠳᠡᠷᠯᠡᠪᠡ | ᠨᠠᠰᠤᠲᠠᠶᠢᠴᠤᠳ ︽ ᠨᠢᠭᠡ ᠳᠠᠷᠤᠪᠴᠢ ᠪᠠᠷ ᠳᠠᠭᠤᠳᠠᠬᠤ ︾ ᠲᠥᠬᠦᠭᠡᠷᠦᠮᠵᠢ ᠪᠠᠷ ᠳᠠᠭᠤᠳᠠᠯᠲᠠ ᠶᠢᠨ ᠲᠥᠪ ᠲᠠᠢ ᠴᠠᠭ ᠲᠤᠬᠠᠢ ᠳᠤᠨᠢ ᠬᠠᠷᠢᠯᠴᠠᠵᠤ ᠪᠣᠯᠣᠨ᠎ᠠ ᠃ | ᠪᠠᠴᠢᠮ ᠠᠪᠤᠷᠠᠯᠲᠠ ᠶᠢᠨ ᠱᠠᠭᠠᠷᠳᠠᠯᠭ᠎ᠠ ᠳᠤ ᠂ ᠳᠠᠭᠤᠳᠠᠯᠲᠠ ᠶᠢᠨ ᠲᠥᠪ ᠠᠴᠠ 120 ᠂ 110 ᠂ 119 ᠶᠢ ᠣᠷᠣᠯᠠᠨ ᠳᠠᠭᠤᠳᠠᠬᠤ ᠵᠢᠴᠢ ᠭᠡᠷ ᠤᠨ ᠬᠥᠮᠥᠰ ᠲᠠᠢ | ᠨᠢ ᠬᠠᠷᠢᠯᠴᠠᠬᠤ ᠪᠤᠶᠤ ᠪᠠᠴᠢᠮ ᠬᠠᠷᠢᠯᠴᠠᠬᠤ ᠬᠥᠮᠥᠨ ᠲᠠᠢ ᠨᠢ ᠬᠠᠷᠢᠯᠴᠠᠵᠤ ᠪᠣᠯᠣᠨ᠎ᠠ ︔ ᠠᠮᠢᠳᠤᠷᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠂ | ᠳᠠᠭᠤᠳᠠᠯᠲᠠ ᠶᠢᠨ ᠲᠥᠪ ᠠᠴᠠ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠰᠢᠯᠵᠢᠭᠦᠯᠦᠨ ᠲᠠᠨᠢᠯᠴᠠᠭᠤᠯᠬᠤ ᠶᠢᠨ ᠬᠠᠮᠲᠤ ᠦᠢᠯᠡᠴᠢᠯᠡᠭᠡᠨ ᠤ ᠶᠠᠪᠤᠴᠠ ᠶᠢ | ᠮᠥᠷᠳᠡᠨ ᠬᠢᠨᠠᠵᠤ ᠂ ᠦᠢᠯᠡᠴᠢᠯᠡᠭᠡᠨ ᠤ ᠦᠷ᠎ᠡ ᠳ᠋ᠦᠩ ᠢ ᠬᠠᠷᠢᠭᠤ ᠰᠤᠷᠪᠤᠯᠵᠢᠯᠠᠨ᠎ᠠ︔ ᠳᠠᠭᠤᠳᠠᠯᠲᠠ ᠶᠢᠨ ᠲᠥᠪ ᠠᠴᠠ ᠨᠠᠰᠤᠲᠠᠶᠢᠴᠤᠳ ᠢ ᠰᠠᠨᠠᠭᠠᠴᠢᠯᠠᠭ᠎ᠠ ᠠᠴᠠ ᠪᠠᠨ | ᠬᠠᠯᠠᠮᠵᠢᠯᠠᠨ ᠬᠠᠶᠢᠷᠠᠯᠠᠵᠤ ᠂ ᠲᠣᠭᠲᠠᠮᠠᠯ ᠬᠤᠭᠤᠴᠠᠭ᠎ᠠ ᠲᠠᠢ ᠪᠠᠷ ᠳ᠋ᠢᠶᠠᠩᠬᠤᠸᠠ ᠂ ᠠᠪᠢᠶᠠᠨ ᠤ ᠨᠡᠪᠲᠡᠷᠡᠭᠦᠯᠭᠡ ᠶᠢᠨ ᠬᠡᠯᠪᠡᠷᠢ ᠪᠠᠷ ᠨᠠᠰᠤᠲᠠᠶᠢᠴᠤᠳ ᠲᠤ ᠬᠠᠯᠠᠮᠵᠢᠯᠠᠨ | ᠠᠰᠠᠭᠤᠬᠤ ᠂ ᠲᠥᠷᠥᠭᠰᠡᠨ ᠡᠳᠦᠷ ᠤᠨ ᠵᠥᠩᠨᠡᠯ ᠂ ᠪᠠᠶᠠᠷ ᠤᠨ ᠡᠳᠦᠷ ᠤᠨ ᠮᠡᠨᠳᠦᠴᠢᠯᠡᠯ ᠂ ᠴᠠᠭ ᠠᠭᠤᠷ ᠤᠨ ᠰᠠᠨᠠᠭᠤᠯᠤᠮᠵᠢ ᠂ ᠡᠮ ᠬᠡᠷᠡᠭᠯᠡᠬᠦ ᠰᠠᠨᠠᠭᠤᠯᠤᠮᠵᠢ ᠵᠡᠷᠭᠡ | ᠦᠢᠯᠡᠴᠢᠯᠡᠭᠡ ᠬᠠᠩᠭᠠᠨ᠎ᠠ ᠃ | ︽ ᠤᠳᠤᠬᠠᠨ ᠪᠣᠯᠲᠠᠯ᠎ᠠ ᠂ ︿ ᠨᠢᠭᠡ ᠳᠠᠷᠤᠪᠴᠢ ᠪᠠᠷ ᠳᠠᠭᠤᠳᠠᠬᠤ ﹀ ᠤᠶᠢᠯᠡᠴᠢᠯᠡᠭᠡᠨᠢ 5200 ᠨᠠᠰᠤᠲᠠᠨ ᠳᠤ ᠦᠢᠯᠡᠴᠢᠯᠡᠨ ᠂ 55591 ᠬᠥᠮᠥᠨ ᠤᠳᠠᠭ᠎ᠠ ᠳᠤ | ᠦᠢᠯᠡᠴᠢᠯᠡᠵᠦ ᠂ ᠨᠠᠰᠤᠲᠠᠶᠢᠴᠤᠳ ᠤᠨ ᠪᠣᠳᠠᠲᠠᠢ ᠬᠦᠴᠢᠷᠳᠡᠯ ᠪᠠ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠰᠢᠢᠳᠪᠦᠷᠢᠯᠡᠵᠦ ᠂ ᠨᠡᠶᠢᠭᠡᠮ ᠤᠨ ᠲᠤᠰᠬᠠᠯ ᠮᠠᠰᠢ ᠰᠠᠶᠢᠨ | ᠪᠠᠶᠢᠨ᠎ᠠ ︾ ᠭᠡᠵᠤ ᠵᠡᠭᠦᠨᠭᠠᠷ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠤᠶᠤᠨᠴᠢ ᠵᠢᠯᠣᠭᠤᠳᠤᠯᠭ᠎ᠠ ᠲᠣᠬᠢᠷᠠᠭᠤᠯᠤᠯᠲᠠ ᠶᠢᠨ ᠲᠥᠪ ᠤᠨ ᠡᠷᠬᠢᠯᠡᠭᠴᠢ ᠸᠠᠩ ᠶᠧ | ᠲᠠᠨᠢᠯᠴᠠᠭᠤᠯᠤᠨ᠎ᠠ ᠃ ᠳᠠᠷᠠᠭᠠᠴᠢ ᠶᠢᠨ ᠠᠯᠬᠤᠮ ᠳᠤ ᠂ ᠣᠶᠤᠨᠴᠢ ᠨᠠᠰᠤᠵᠢᠯ ᠤᠨ ᠠᠰᠠᠷᠠᠮᠵᠢ ᠨᠢ ᠬᠠᠶᠢᠷ᠎ᠠ ᠬᠠᠯᠠᠮᠵᠢ ᠶᠢᠨ ᠠᠭᠤᠯᠭ᠎ᠠ ᠶᠢ ᠤᠯᠠᠮ ᠪᠠᠶᠠᠯᠢᠭᠵᠢᠭᠤᠯᠵᠤ ᠂ | ᠦᠢᠯᠡᠴᠢᠯᠡᠭᠡᠨ ᠤ ᠡᠩᠨᠡᠭᠡ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ ᠂ ᠡᠷᠬᠢᠨ ᠦᠵᠡᠬᠦ ᠴᠢᠨᠠᠷᠵᠢᠯ ᠪᠠ | ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ︽ ᠬᠤᠰᠢᠭᠤ ︱ ᠰᠤᠮᠤ ᠰᠢᠶᠠᠩ ᠪᠠᠯᠭᠠᠰᠤ ︵ ᠵᠡᠭᠡᠯᠢ ᠭᠤᠳᠤᠮᠵᠢ ︶ ︱ ᠭᠠᠴᠠᠭ᠎ᠠ ︵ ᠲᠣᠰᠬᠤᠨ ︶ ︱ ᠭᠡᠷ | ᠪᠦᠯᠢ ︾ ᠳᠥᠷᠪᠡᠨ ᠱᠠᠲᠤᠨ ᠤ ᠰᠦᠯᠵᠢᠶᠡᠨ ᠤ ᠰᠠᠬᠢᠨ ᠬᠠᠮᠠᠭᠠᠯᠠᠬᠤ ᠳᠤᠬᠳᠠᠯᠴᠠᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ ᠂ ᠦᠨᠡᠨ ᠰᠡᠳᠬᠢᠯ ᠠᠴᠠ ᠪᠠᠨ | ᠨᠠᠰᠤᠲᠠᠶᠢᠴᠤᠳ ᠲᠤ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ ᠂ ᠪᠣᠳᠠᠲᠠᠢ ᠠᠵᠢᠯ ᠬᠢᠵᠦ ᠂ ᠨᠠᠰᠤᠲᠠᠶᠢᠴᠤᠳ ᠤᠨ ᠵᠣᠯ ᠵᠢᠷᠭᠠᠯᠳᠤ ᠲᠥᠷᠥᠭᠳᠡᠯ ᠪᠠ | ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠤᠨ᠎ᠠ ᠃ | |