ᠪᠡᠭᠡᠵᠢᠩ ᠤᠨ ᠴᠠᠭ ᠢᠶᠠᠷ 6 ᠳ᠋ᠤᠭᠠᠷ ᠰᠠᠷ᠎ᠠ ᠶᠢᠨ 12 ᠤᠨ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠠᠷᠠᠯᠵᠢᠶ᠎ᠠ ᠪᠠ ᠬᠥᠭᠵᠢᠯᠲᠡ ᠶᠢᠨ ᠬᠤᠷᠠᠯ ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ | ᠸᠢᠳᠢᠣ᠋ ᠪᠠᠷ ᠪᠠᠶᠠᠷ ᠤᠨ ᠦᠭᠡ ᠬᠡᠯᠡᠪᠡ᠃ | ᠰᠸᠢᠰ ᠤᠨ ᠵᠧᠨ᠋ᠸᠧᠠ ᠳᠤ ᠶᠠᠪᠤᠭᠳᠠᠭᠰᠠᠨ ᠡᠨᠡ ᠬᠦ ᠡᠬᠢᠯᠡᠯᠲᠡ ᠶᠢᠨ ᠶᠣᠰᠣᠯᠠᠯ ᠳᠡᠭᠡᠷ᠎ᠡ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ | ᠪᠢᠴᠢᠭ ᠤᠨ ᠳᠠᠷᠤᠭ᠎ᠠ ᠭᠤᠳᠧᠷᠷᠧᠱᠢ᠂ ᠠᠷᠠᠯᠵᠢᠶ᠎ᠠ ᠬᠥᠭᠵᠢᠯᠲᠡ ᠶᠢᠨ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠭᠧᠷᠢᠰᠫᠠᠨ᠂ ᠺᠣᠮᠣᠷᠤ᠋ ᠶᠢᠨ ᠶᠡᠷᠦᠩᠬᠡᠶᠢᠯᠡᠭᠴᠢ | ᠠᠽᠯᠢ᠂ ᠮᠠᠳᠠᠭᠠᠰᠺᠠᠷ ᠤᠨ ᠶᠡᠷᠦᠩᠬᠡᠶᠢᠯᠡᠭᠴᠢ ᠷᠠᠵᠤᠸ᠋ᠯᠢᠨᠠ᠂ ᠵᠡᠭᠦᠨ ᠲᠢᠮᠦᠷ ᠤᠨ ᠶᠡᠷᠦᠩᠬᠡᠶ ᠰᠠᠶᠢᠳ ᠰᠢᠶᠠᠨᠠᠨᠠ ᠵᠡᠷᠭᠡ ᠣᠯᠠᠨ ᠤᠯᠤᠰ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠴᠢᠳ᠂ ᠭᠠᠳᠠᠭᠠᠳᠤ ᠶᠢᠨ ᠤᠯᠤᠰ ᠲᠥᠷᠥ ᠶᠢᠨ ᠬᠥᠮᠦᠰ ᠬᠢᠭᠡᠳ ᠲᠤᠰᠬᠠᠶ ᠮᠡᠷᠭᠡᠵᠢᠯᠲᠡᠳ ᠡᠷᠳᠡᠮᠲᠡᠳ ᠴᠤᠭᠯᠠᠷᠠᠨ᠂ ᠪᠦᠬᠦ | ᠪᠥᠮᠪᠥᠷᠴᠡᠭ ᠤᠨ ᠠᠷᠠᠯᠵᠢᠶ᠎ᠠ ᠪᠠ ᠬᠥᠭᠵᠢᠯᠲᠡ ᠳᠤ ᠲᠤᠯᠭᠠᠷᠠᠵᠤ ᠪᠠᠶᠢᠭ᠎ᠠ ᠥᠷᠢᠰᠦᠯᠳᠦᠭᠡᠨ ᠢ ᠠᠷᠭᠠᠴᠠᠭᠠᠬᠤ ᠪᠠᠷ ᠰᠤᠳᠤᠯᠤᠨ ᠶᠠᠷᠢᠯᠴᠠᠵᠠᠶ᠃ | ︽ᠬᠤᠪᠢᠷᠠᠯᠲᠠ ᠳᠤᠮᠳᠠᠬᠢ ᠳᠡᠯᠡᠬᠡᠢ ᠳᠤ ᠬᠥᠭᠵᠢᠯᠲᠡ ᠶᠢᠨ ᠰᠢᠨ᠎ᠡ ᠱᠤᠭᠤᠮ ᠢ ᠵᠢᠷᠤᠭᠯᠠᠬᠤ︾ ᠪᠣᠯ ᠡᠨᠡ ᠬᠦ ︽ᠪᠦᠬᠦ ᠪᠥᠮᠪᠥᠷᠴᠡᠭ ᠤᠨ ᠤᠳᠤᠷᠢᠳᠬᠤ | ᠬᠦᠮᠦᠰ ᠤᠨ ᠶᠠᠷᠢᠶᠠᠨ ᠤ ᠲᠠᠪᠴᠠᠩ︾ ᠤᠨ ᠭᠤᠣᠯ ᠰᠡᠳᠦᠪ ᠪᠣᠯᠤᠨ᠎ᠠ᠃ | ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠤᠨ ᠬᠤᠪᠢᠰᠤᠯᠲᠠ ᠲᠦᠷᠭᠡᠰᠴᠦ᠂ ᠬᠥᠮᠦᠨ ᠲᠥᠷᠥᠯᠬᠢᠲᠡᠨ ᠤ ᠨᠠᠶᠢᠷᠠᠮᠳᠠᠯ ᠪᠠ ᠬᠥᠭᠵᠢᠯᠲᠡ ᠶᠢᠨ | ᠦᠢᠯᠡᠰ ᠲᠤ ᠰᠢᠨ᠎ᠡ ᠬᠦᠨᠳᠦ ᠬᠡᠴᠡᠭᠦᠦ ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠬᠡᠷᠬᠢᠨ ᠢᠯᠠᠨ ᠳᠠᠪᠠᠭ᠋ᠤ᠂ | ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠲᠠᠯ᠎ᠠ ᠪᠠᠷ ᠪᠦᠬᠦ ᠪᠥᠮᠪᠥᠷᠴᠡᠭ ᠤᠨ ᠬᠠᠮᠤᠭ ᠤᠨ ᠶᠡᠭᠡ ᠬᠥᠭᠵᠢᠵᠦ ᠪᠠᠶᠢᠭ᠎ᠠ ᠤᠯᠤᠰ ᠤᠨ ᠤᠳᠤᠷᠢᠳᠤᠭᠴᠢ ᠪᠣᠯᠤᠭᠰᠠᠨ ᠤ | ᠬᠤᠪᠢ ᠳᠤ᠂ ᠲᠡᠷᠢᠭᠦᠯᠡᠭᠴᠢ ᠰᠢ ᠶᠢᠨ ᠫᠢᠩ ᠪᠠᠶᠠᠷ ᠤᠨ ᠦᠭᠡᠨ ᠳᠤ ᠪᠠᠨ ᠲᠡᠦᠬᠡ ᠪᠠᠨ ᠡᠷᠭᠢᠴᠡᠭᠦᠯᠵᠦ᠂ ᠤᠷᠢᠶᠠᠯᠠᠭ᠎ᠠ ᠭᠠᠷᠭᠠᠨ᠂ ᠢᠷᠡᠭᠡᠳᠦᠢ ᠪᠠᠨ ᠲᠦᠯᠦᠪᠯᠡᠵᠦ᠂ | ᠡᠯ᠎ᠡ ᠲᠠᠯ᠎ᠠ ᠶᠢᠨ ᠬᠢᠨ ᠳᠤ ᠤᠷᠪᠠᠭᠠᠨ ᠬᠥᠷᠪᠡᠭᠡᠨ ᠲᠠᠢ ᠳᠡᠯᠡᠬᠡᠢ ᠳ᠋ᠠᠬᠢᠨ ᠤ ᠪᠦᠬᠦ ᠪᠥᠮᠪᠥᠷᠴᠡᠭ ᠤᠨ ᠬᠥᠭᠵᠢᠯᠲᠡ ᠶᠢᠨ ᠦᠢᠯᠡᠰ ᠢ ᠠᠬᠢᠭᠤᠯᠬᠤ ᠳᠤ ᠳᠤᠮᠳᠠᠳᠤ | ᠤᠯᠤᠰ ᠤᠨ ᠲᠥᠰᠥᠯ ᠢ ᠬᠠᠷᠠᠭᠤᠯᠪᠠ — | ᠨᠢᠭᠡᠳᠦᠭᠡᠷ ᠲᠤ᠂ ᠨᠠᠶᠢᠷᠠᠮᠳᠠᠯᠲᠤ ᠳᠡᠯᠡᠬᠡᠢ ᠶᠢᠨ ᠣᠷᠴᠢᠨ ᠢ ᠪᠤᠢ ᠪᠣᠯᠭᠠᠬᠤ ᠬᠡᠷᠡᠭᠲᠡᠢ᠃ | ᠨᠠᠶᠢᠷᠠᠮᠳᠠᠯ ᠪᠣᠯ ᠬᠥᠭᠵᠢᠯᠲᠡ ᠶᠢᠨ ᠤᠷᠢᠲᠠᠯ ᠪᠠ ᠰᠠᠭᠤᠷᠢ ᠮᠥᠨ ᠭᠡᠳᠡᠭ ᠢ ᠲᠡᠦᠬᠡ ᠳᠠᠬᠢᠨ ᠳᠠᠪᠲᠠᠨ ᠲᠣᠳᠣᠷᠬᠠᠶᠢᠯᠠᠪᠠ᠃ ᠭᠠᠭᠴᠠ ᠬᠦ ᠣᠯᠠᠨ ᠢᠶᠠᠷ ᠢᠶᠠᠨ | ᠨᠠᠶᠢᠷᠠᠮᠳᠠᠯ ᠢᠶᠠᠨ ᠬᠠᠮᠠᠭᠠᠯᠠᠵᠤ᠂ ᠨᠠᠶᠢᠷᠠᠮᠲᠠᠯ ᠢᠶᠠᠷ ᠬᠥᠭᠵᠢᠬᠦ ᠵᠠᠮ ᠢᠶᠠᠷ ᠬᠠᠮᠲᠤ ᠪᠠᠷ ᠵᠠᠮᠨᠠᠪᠠᠯ ᠰᠠᠶ᠋ᠢ ᠨᠠᠶᠢᠷᠠᠮᠳᠠᠯᠲᠤ ᠣᠷᠴᠢᠠ ᠲᠤᠭᠤᠷᠢᠨ ᠢᠶᠠᠨ ᠪᠠᠲᠤᠯᠠᠵᠤ᠂ ᠲᠠᠯᠠᠭᠡᠢ | ᠨᠠᠶᠢᠲᠠ ᠪᠠᠷ ᠢᠶᠠᠨ ᠬᠥᠭᠵᠢᠯᠲᠡ ᠶᠢᠨ ᠰᠠᠲᠣᠪ ᠲᠤ ᠠᠩᠬᠠᠷᠣᠯ ᠢᠶᠠᠨ ᠳᠦᠪᠯᠠᠷᠠᠭᠦᠯᠵᠤ ᠴᠢᠲᠠᠨ᠎ᠠ᠃ | ᠣᠶᠢᠷ᠎ᠠ ᠶᠢᠨ ᠵᠢᠯ ᠤᠳ ᠲᠤ᠂ ᠣᠨᠴᠠ ᠵᠠᠷᠢᠮ ᠤᠯᠤᠰ ᠨᠢ ᠤᠯᠤᠰ ᠲᠥᠷᠥ ᠶᠢᠨ ᠥᠷᠢᠰᠦᠯᠳᠦᠭᠡᠨ ᠢ ᠡᠷᠢᠯᠬᠢᠯᠡᠨ᠂ ᠠᠷᠠᠯᠵᠢᠶᠠᠨ ᠤ ᠬᠤᠷᠢᠭ᠎ᠠ ᠰᠠᠭᠠᠳ ᠢ | ᠬᠤᠷᠴᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠠᠰᠢᠭ ᠲᠤᠰᠠ ᠶᠢ ᠬᠦᠨᠳᠦ ᠨᠣᠴᠢᠲᠠᠶ ᠬᠤᠬᠢᠷᠠᠭᠤᠯᠪᠠ᠃ ᠳᠡᠯᠡᠬᠡᠢ ᠶᠢᠷᠲᠢᠨᠴᠦ ᠬᠠᠭᠠᠴᠠᠯ | ᠡᠰᠡᠷᠭᠦᠴᠡᠯᠳᠦᠯ ᠢ ᠳᠠᠭᠠᠭᠠᠵᠤ ᠳᠡᠶᠢᠯᠬᠦ ᠦᠭᠡᠢ ᠶᠤᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ᠋ᠢᠴᠡ | ᠬᠥᠭᠵᠢᠯᠲᠡ ᠶᠢᠨ ᠬᠠᠷᠠᠯᠲᠠ ᠶᠢ ᠭᠠᠭᠴᠠ ᠬᠦ ᠡᠶ᠎ᠡ ᠨᠠᠶᠢᠷᠠᠮᠳᠠᠯᠲᠤ ᠠᠮᠤᠷ ᠲᠦᠪᠰᠢᠨ ᠣᠷᠴᠢᠨ ᠲᠣᠭᠤᠷᠢᠨ ᠳᠤ ᠰᠠᠶ᠋ᠢ ᠪᠦᠲᠦᠮᠵᠢᠲᠡᠢ ᠨᠠᠶᠢᠳᠠᠪᠤᠷᠢᠵᠢᠭᠤᠯᠵᠤ ᠴᠢᠳᠠᠨ᠎ᠠ᠃ | | ︽ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ︾ ︽ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯ ᠢ ᠰᠠᠨᠠᠭᠠᠴᠢᠯᠠᠬᠤ︾ ︽ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠬᠢᠴᠢᠶᠡᠩᠭᠦ᠋ᠢᠯᠡᠨ ᠵᠢᠷᠤᠮᠯᠠᠬᠤ︾ ︽ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠠᠷᠠᠯᠵᠢᠶ᠎ᠠ ᠪᠠ ᠬᠥᠭᠵᠢᠯᠲᠡ ᠶᠢ ᠳᠡᠮᠵᠢᠬᠦ ᠬᠤᠷᠠᠯ ᠵᠡᠷᠭᠡ ᠤᠯᠠᠨ ᠲᠠᠯᠠᠲᠤ ᠪᠠᠶᠢᠭᠤᠯᠤᠮᠵᠢ ᠨᠤᠭᠤᠳ ᠤᠨ ᠦᠢᠯᠡᠳᠦᠯ ᠢᠶᠠᠨ ᠨᠡᠩ | ᠰᠠᠶᠢᠲᠤᠷ ᠪᠠᠳᠠᠷᠠᠭᠤᠯᠬᠤ ᠶᠢ ᠳᠡᠮᠵᠢᠬᠦ︾ ᠁ ᠲᠡᠷᠢᠭᠦᠯᠡᠭᠴᠢ ᠰᠢ ᠶᠢᠨ ᠫᠢᠩ ᠤᠨ ᠪᠠᠶᠠᠷ ᠤᠨ ᠦᠭᠡ ᠨᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤ ᠶᠢᠨ ᠰᠡᠳᠬᠢᠯ ᠤᠨ ᠳᠠᠭᠤᠨ ᠢ ᠲᠤᠰᠬᠠᠵᠤ᠂ ᠳᠤᠮᠳᠠᠳᠤ ᠤᠯᠤᠰ ᠡᠷᠡᠰ ᠪᠠᠲᠤ ᠪᠠᠷ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ | ᠵᠣᠭᠰᠣᠵᠤ᠂ ᠲᠡᠦᠬᠡᠨ ᠵᠥᠪ ᠲᠠᠯ᠎ᠠ ᠳᠤ ᠪᠠᠶᠢᠬᠤ ᠶᠢ ᠲᠣᠳᠣᠷᠬᠠᠢ ᠬᠠᠷᠠᠭᠤᠯᠵᠤ ᠪᠠᠶᠢᠨ᠎ᠠ᠃ | ᠬᠤᠶᠠᠳᠤᠭᠠᠷ ᠲᠤ᠂ ᠨᠡᠬᠡᠬᠡᠯᠲᠡᠲᠦ ᠬᠥᠭᠵᠢᠯᠲᠡ ᠶᠢᠨ ᠴᠠᠭ ᠦᠶ᠎ᠡ ᠶᠢᠨ ᠤᠷᠤᠰᠬᠠᠯ ᠢ ᠳᠠᠭᠠᠬᠤ ᠬᠡᠷᠡᠭᠲᠡᠢ᠃ | ᠲᠡᠷᠢᠭᠦᠯᠡᠭᠴᠢ ᠰᠢ ᠶᠢᠨ ᠫᠢᠩ ᠥᠩᠭᠡᠷᠡᠭᠰᠡᠨ ᠳᠤ ︽ᠨᠡᠭᠡᠭᠡᠯᠲᠡ ᠨᠢ ᠳᠠᠪᠰᠢᠯᠲᠠ ᠶᠢ ᠠᠪᠴᠢᠷᠠᠵᠤ᠂ ᠪᠢᠲᠡᠭᠦᠮᠵᠢᠯᠡᠯ ᠨᠢ ᠵᠠᠶᠢᠯᠠᠰᠢ ᠦᠭᠡᠢ ᠬᠤᠴᠤᠷᠤᠭᠤᠯᠤᠨᠠ︾ | ︽ᠠᠵᠤ ᠠᠬᠤᠶ ᠶᠢᠨ ᠳᠡᠯᠡᠬᠡᠶᠢᠵᠢᠯᠲᠡ ᠪᠣᠯ ᠴᠠᠭ ᠦᠶ᠎ᠡ ᠶᠢᠨ ᠤᠷᠤᠰᠬᠠᠯ ᠮᠥᠨ᠃ ᠶᠡᠭᠡ ᠮᠥᠷᠡᠨ ᠲᠠᠩᠭᠢᠰ ᠢ ᠴᠢᠭᠯᠡᠨ ᠤᠷᠤᠰᠬᠤ ᠳᠤ ᠰᠥᠷᠭᠡᠦ ᠤᠷᠤᠰᠬᠠᠯ ᠤᠨ | ᠤᠴᠠᠷᠠᠯ ᠠᠴᠠ ᠵᠠᠶᠢᠯᠵᠤ ᠴᠢᠳᠠᠬᠤ ᠦᠭᠡᠢ᠂ ᠭᠡᠪᠡᠴᠦ ᠠᠯᠢᠪᠠ ᠰᠥᠷᠭᠡᠦ ᠤᠷᠤᠰᠬᠠᠯ ᠪᠦᠷ ᠶᠡᠭᠡ ᠮᠦᠷᠡᠨ ᠤ ᠳᠠᠯᠠᠢ ᠳᠤ ᠴᠢᠳᠬᠤᠬᠤ ᠶᠢ ᠬᠤᠷᠢᠭᠯᠠᠵᠤ ᠳᠡᠶᠢᠯᠬᠦ | ᠦᠭᠡᠢ ᠶᠤᠮ︾ ᠭᠡᠵᠦ ᠵᠢᠭᠠᠵᠤ ᠭᠠᠷᠭᠠᠪᠠ᠃ | ᠣᠳᠣᠬᠠᠨ ᠳᠤ᠂ ᠠᠵᠤ ᠠᠬᠤᠢ ᠶᠢᠨ ᠳᠡᠯᠡᠬᠡᠶᠢᠵᠢᠯᠲᠡ ᠪᠠ ᠨᠡᠬᠡᠬᠡᠯᠲᠡᠲᠦ ᠬᠠᠮᠲᠤᠷᠠᠯᠴᠠᠭ᠎ᠠ ︽ᠰᠥᠷᠭᠡᠦ ᠤᠷᠤᠰᠬᠠᠯ︾ ᠳᠤ ᠤᠴᠠᠷᠠᠪᠠ᠃ ᠣᠯᠠᠨ ᠣᠯᠣᠰ ᠤᠨ | ︽ᠳᠡᠯᠡᠬᠡᠶᠢᠴᠢᠯᠡᠯᠲᠡ ᠶᠢᠨ ᠰᠦᠷᠭᠡᠦ︾ ᠦᠵᠡᠭᠳᠡᠯ ᠨᠢ ᠪᠤᠳᠤᠯᠢᠶᠠᠨᠲᠠᠢ ᠰᠢᠯᠲᠠᠭᠠᠨ ᠪᠠᠶᠢᠨ᠎ᠠ᠃ ᠡᠭᠦᠨ ᠳᠤ᠂ ᠠᠰᠠᠭᠤᠳᠠᠯ ᠢ ᠵᠥᠪ ᠢᠶᠠᠷ ᠬᠠᠷᠠᠵᠤ ᠰᠢᠢᠳᠪᠦᠷᠢᠯᠡᠬᠦ | ᠬᠡᠷᠡᠭᠲᠡᠢ ᠮᠥᠷᠲᠡᠭᠡᠨ ᠨᠡᠩ ᠴᠤ ︽ᠬᠦᠪᠦᠭᠰᠡᠨ ᠡᠭᠦᠯᠡ ᠬᠠᠷᠠᠭ᠎ᠠ ᠶᠢ ᠬᠠᠯᠬᠠᠯᠠᠬᠤ ᠠᠴᠠ ᠪᠡᠷᠬᠡᠰᠢᠶᠡᠬᠦ ᠦᠭᠡᠢ︾ ᠪᠠᠶᠢᠵᠤ᠂ ᠲᠡᠦᠬᠡ ᠶᠢᠨ ᠬᠠᠷᠠᠴᠠ ᠪᠠᠷ ᠴᠠᠭ | ᠦᠶ᠎ᠡ ᠶᠢᠨ ᠤᠷᠤᠰᠬᠠᠯ ᠤᠨ ᠴᠢᠭᠯᠡᠯ ᠢ ᠲᠣᠳᠣᠷᠬᠠᠢ ᠲᠠᠨᠢᠬᠤ ᠬᠡᠷᠡᠭᠲᠡᠢ᠃ | ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠤ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢ ᠴᠢᠯᠦᠭᠡᠲᠡᠢ | ᠪᠣᠯᠭᠠᠬᠤ ᠪᠠ ᠲᠦᠳᠡᠴᠢᠯᠡᠬᠦ ᠶᠢ ᠠᠬᠢᠭᠤᠯᠵᠤ᠂ ᠬᠥᠭᠵᠢᠯᠲᠡ ᠶᠢᠨ ᠲᠡᠩᠴᠡᠭᠦᠷᠢ ᠪᠠᠨ ᠠᠯᠳᠠᠬᠤ ᠵᠡᠷᠭᠡ ᠠᠰᠠᠭᠤᠳᠠᠯ ᠤᠳ ᠢ ᠰᠠᠶᠢᠲᠤᠷ ᠰᠢᠢᠳᠪᠦᠷᠢᠯᠡᠵᠦ᠂ ᠪᠦᠬᠦ | ᠪᠥᠮᠪᠥᠷᠴᠡᠭ ᠤᠨ ᠵᠠᠰᠠᠯᠲᠠ ᠶᠢᠨ ᠲᠣᠭᠲᠠᠯᠴᠠᠭᠠᠨ ᠤ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠨ᠎ᠠ ᠁ ᠲᠡᠷᠢᠭᠦᠯᠡᠭᠴᠢ | ᠰᠢ ᠶᠢᠨ ᠫᠢᠩ ᠤᠨ ᠲᠠᠶᠢᠯᠪᠤᠷᠢᠯᠠᠭᠰᠠᠨ ᠳᠤᠮᠳᠠᠳᠤ ᠤᠯᠤᠰ ᠤᠨ ᠲᠥᠰᠦᠯ ᠨᠢ ᠨᠡᠭᠡᠭᠡᠯᠲᠡᠲᠦ ᠬᠥᠭᠵᠢᠯᠲᠡ ᠶᠢᠨ ᠵᠥᠪ ᠴᠢᠭᠯᠡᠯ ᠢ ᠪᠠᠲᠤᠳᠬᠠᠬᠤ ᠶᠢᠨ ᠬᠠᠮᠲᠤ ᠪᠦᠬᠦ | ᠪᠥᠮᠪᠥᠷᠴᠡᠭ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠣᠳᠠᠲᠠᠢ ᠠᠰᠠᠭᠤᠳᠠᠯ ᠤᠳ ᠤᠨ ᠲᠤᠬᠠᠢ ᠰᠢᠢᠳᠪᠦᠷᠢᠯᠡᠬᠦ ᠠᠷᠭ᠎ᠠ ᠵᠠᠮ ᠭᠠᠷᠭᠠᠵᠤ᠂ ᠳᠤᠮᠳᠠᠳᠤ ᠤᠯᠤᠰ ᠤᠨ | ᠠᠵᠤ ᠠᠬᠤᠢ ᠶᠢᠨ ᠳᠡᠯᠡᠬᠡᠶᠢᠵᠢᠯᠲᠡ ᠶᠢᠨ ᠶᠠᠪᠤᠴᠠ ᠳᠠᠬᠢ ᠲᠤᠮᠤ ᠤᠯᠤᠰ ᠤᠨ ᠡᠭᠦᠷᠭᠡᠯᠡᠯ ᠢ ᠢᠯᠡᠷᠡᠭᠦᠯᠪᠡ᠃ | ᠭᠤᠷᠪᠠᠳᠤᠭᠠᠷ ᠲᠤ᠂ ᠰᠢᠨ᠎ᠡ ᠶᠢ ᠡᠭᠦᠳᠬᠦ ᠬᠥᠭᠵᠢᠯᠲᠡ ᠶᠢᠨ ᠲᠡᠦᠬᠡᠨ ᠠᠵᠠ ᠲᠣᠬᠢᠶᠠᠯ ᠢ ᠠᠮᠵᠢᠬᠤ ᠬᠡᠷᠡᠭᠲᠡᠢ᠃ | ᠣᠳᠣᠬᠠᠨ ᠤ ᠳᠡᠯᠡᠬᠡᠢ ᠶᠢᠷᠲᠢᠨᠴᠦ ᠳᠤ᠂ ᠪᠦᠬᠦ ᠪᠥᠮᠪᠥᠷᠴᠡᠭ ᠤᠨ ᠬᠥᠭᠵᠢᠯᠲᠡ ᠳᠤ ᠳᠠᠪᠬᠤᠷ ᠳᠠᠪᠬᠤᠷ ᠬᠦᠴᠢᠷᠳᠡᠯ ᠲᠤᠯᠭᠠᠷᠠᠵᠤ ᠪᠠᠶᠢᠬᠤ ᠶᠢᠨ ᠬᠠᠮᠲᠤ ᠪᠠᠰᠠ | ᠲᠡᠦᠬᠡᠨ ᠠᠵᠠ ᠲᠣᠬᠢᠶᠠᠯ ᠲᠤᠯᠭᠠᠷᠠᠵᠤ ᠪᠠᠶᠢᠨ᠎ᠠ᠃ ᠡᠨᠡ ᠬᠦ ︽ᠲᠡᠦᠬᠡᠨ ᠠᠵᠠ ᠲᠣᠬᠢᠶᠠᠯ︾ ᠪᠣᠯ ᠳᠠᠷᠤᠢ ᠲᠡᠷᠢᠭᠦᠯᠡᠭᠴᠢ ᠰᠢ ᠶᠢᠨ ᠫᠢᠩ ᠤᠨ ᠵᠢᠭᠠᠵᠤ ᠭᠠᠷᠭᠠᠭᠰᠠᠨ | ᠰᠢᠨ᠎ᠡ ᠶᠢ ᠡᠭᠦᠳᠬᠦ ᠬᠥᠭᠵᠢᠯᠲᠡ ᠮᠥᠨ᠃ | ᠰᠢ ᠶᠢᠨ ᠫᠢᠩ ᠲᠡᠷᠢᠭᠦᠯᠡᠭᠴᠢ ᠪᠠᠶᠠᠷ ᠤᠨ ᠦᠭᠡ ᠳᠤ ᠪᠠᠨ᠂ ᠬᠥᠭᠵᠢᠵᠦ ᠪᠠᠶᠢᠭ᠎ᠠ ᠤᠯᠤᠰ ᠤᠳ ᠲᠠᠢ ᠭᠠᠷ ᠬᠤᠯᠪᠣᠨ ᠬᠠᠮᠲᠤ ᠪᠠᠷ ᠤᠷᠤᠭᠰᠢᠯᠠᠬᠤ ᠤᠭ | ᠰᠠᠨᠠᠭ᠎ᠠ ᠪᠠᠨ ᠪᠠᠷᠢᠮᠲᠠᠯᠠᠵᠤ᠂ ᠨᠡᠭᠡᠭᠡᠯᠲᠡᠲᠡᠢ᠂ ᠪᠠᠭᠲᠠᠭᠠᠮᠵᠢᠲᠠᠢ᠂ ᠭᠠᠳᠠᠭᠤᠷᠴᠢᠯᠠᠯ ᠦᠭᠡᠢ ᠲᠣᠭᠠᠴᠢᠯᠠᠭᠰᠠᠨ ᠠᠵᠤ ᠠᠬᠤᠢ ᠶᠢᠨ ᠣᠷᠴᠢᠨ ᠨᠦᠬᠦᠴᠡᠯ ᠢ ᠴᠣᠭᠴᠠᠯᠠᠵᠤ | ᠂ ᠬᠥᠮᠦᠨ ᠢᠶᠠᠷ ᠦᠨᠳᠦᠰᠦ ᠪᠣᠯᠭᠠᠬᠤ᠂ ᠣᠶᠤᠨᠴᠢ ᠪᠠᠷ ᠪᠤᠶᠠᠨ ᠦᠢᠯᠡᠳᠬᠦ ᠶᠢ ᠪᠠᠷᠢᠮᠲᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠣᠷᠣ | ᠲᠥᠯᠥᠪ ᠤᠨ ᠳᠣᠲᠣᠷ᠎ᠠ ᠵᠣᠬᠢᠶᠠᠮᠠᠯ ᠤᠶᠤᠨ ᠤ ᠲᠦᠷᠢᠮ ᠤᠨ ᠵᠠᠰᠠᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠶᠢ ᠢᠳᠡᠪᠬᠢᠲᠡᠢ | ᠠᠬᠢᠭᠤᠯᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠢ ᠲᠣᠭᠠᠴᠢᠯᠠᠭᠰᠠᠨ᠂ ᠤᠶᠤᠨᠴᠢᠯᠠᠭᠰᠠᠨ᠂ ᠪᠣᠬᠢᠷᠲᠤᠯ ᠦᠭᠡᠢ ᠤᠷᠤᠰᠬᠠᠯ ᠳᠤ ᠨᠡᠩ ᠰᠠᠶᠢᠲᠤᠷ | ᠠᠭᠤᠰᠤᠯᠴᠠᠭᠤᠯᠬᠤ ᠬᠡᠷᠡᠭᠲᠡᠢ ᠭᠡᠵᠦ ᠳᠤᠷᠠᠳᠪᠠ᠃ | ᠲᠡᠷᠢᠭᠦᠯᠡᠭᠴᠢ ᠰᠢ ᠶᠢᠨ ᠫᠢᠩ ᠤᠯᠤᠰ ᠤᠨ ᠳᠣᠲᠣᠭᠠᠳᠤ ᠭᠠᠳᠠᠭᠠᠳᠤ ᠶᠢᠨ ᠣᠯᠠᠨ ᠴᠢᠬᠤᠯᠠ ᠲᠠᠯᠠᠪᠤᠷ ᠲᠤ ᠬᠥᠭᠵᠢᠯᠲᠡ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠶᠢ ᠦᠷᠭᠦᠯᠵᠢᠯᠡᠨ ᠴᠢᠬᠤᠯᠠᠴᠢᠯᠠᠭᠰᠠᠨ ᠨᠢ ᠳᠤᠮᠳᠠᠳᠤ ᠤᠯᠤᠰ ᠡᠭᠦᠳᠦᠯᠲᠡ ᠶᠢ ᠬᠦᠨᠳᠦᠳᠭᠡᠭᠰᠡᠭᠡᠷ ᠢᠷᠡᠭᠰᠡᠨ ᠢ ᠭᠦᠢᠴᠡᠳ | ᠬᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠨᠢᠭᠡᠨ ᠲᠤᠮᠤ ᠤᠯᠤᠰ ᠤᠨ ᠪᠠᠶᠢᠪᠠᠰᠤ ᠵᠣᠬᠢᠬᠤ ᠬᠠᠷᠢᠭᠤᠴᠠᠯᠭ᠎ᠠ ᠪᠠ ᠪᠠᠭᠲᠠᠭᠠᠮᠵᠢᠲᠤ ᠴᠢᠨᠠᠷ ᠢᠶᠠᠨ ᠢᠯᠡ ᠲᠣᠳᠣ | ᠳᠠᠮᠵᠢᠭᠤᠯᠵᠠᠢ — ᠡᠯ᠎ᠡ ᠤᠯᠤᠰ ᠢᠶᠠᠷ ᠢᠶᠠᠨ ᠴᠥᠮ ᠰᠢᠨ᠎ᠡ ᠶᠢ ᠡᠭᠦᠳᠬᠦ ᠬᠥᠭᠵᠢᠯᠲᠡ ᠶᠢᠨ ᠲᠡᠦᠬᠡᠨ ᠠᠵᠠ ᠲᠣᠬᠢᠶᠠᠯ ᠢ ᠠᠮᠵᠢᠵᠤ᠂ ᠬᠥᠭᠵᠢᠯᠲᠡ ᠶᠢᠨ ᠦᠷ᠎ᠡ | ᠪᠦᠲᠦᠭᠡᠯ ᠢ ᠪᠤᠢ ᠪᠦᠬᠦᠢ ᠤᠯᠤᠰ ᠪᠠ ᠭᠠᠵᠠᠷ ᠣᠷᠣᠨ᠂ ᠪᠤᠢ ᠪᠦᠬᠦᠢ ᠬᠥᠮᠦᠰ ᠲᠤ ᠬᠦᠷᠲᠡᠭᠡᠵᠦ᠂ ᠡᠯ᠎ᠡ ᠤᠯᠤᠰ ᠤᠨ ᠠᠷᠠᠳ ᠲᠦᠮᠡᠨ ᠳᠤ ᠴᠥᠮ ᠬᠦᠰᠡᠯ | ᠡᠷᠡᠮᠡᠯᠵᠡᠯ ᠲᠠᠢ ᠢᠷᠡᠭᠡᠳᠦᠢ ᠶᠢ ᠡᠳ᠋ᠯᠡᠭᠦᠯᠦᠨ᠎ᠡ᠃ | ︽ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠬᠥᠮᠦᠨ ᠲᠥᠷᠥᠯᠬᠢᠲᠡᠨ ᠤ ᠢᠷᠡᠭᠡᠳᠦᠶ ᠶᠢ ᠪᠣᠳᠣᠵᠣ᠂ ᠠᠷᠠᠳ ᠲᠦᠮᠡᠨ ᠤ | ᠠᠵᠠ ᠵᠢᠷᠭᠠᠯ ᠢ ᠰᠠᠨᠠᠵᠤ᠂ ᠳᠡᠯᠡᠬᠡᠢ ᠶᠢᠨ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠂ ᠳᠠᠪᠰᠢᠯᠲᠠ ᠲᠠᠢ ᠰᠠᠶᠢᠨ ᠰᠠᠶᠢᠬᠠᠨ ᠢᠷᠡᠭᠡᠳᠦᠢ ᠲᠡᠶᠢᠰᠢ | ᠤᠷᠤᠭᠰᠢᠯᠠᠬᠤ ᠶᠢ ᠠᠬᠢᠭᠤᠯᠤᠨ᠎ᠠ︾ ᠲᠣᠮᠣ ᠤᠯᠤᠰ ᠤᠨ ᠤᠳᠤᠷᠢᠳᠤᠭᠴᠢ ᠶᠢᠨ ᠮᠠᠨᠢ ᠠᠷᠠᠳ ᠲᠦᠮᠡᠨ ᠢᠶᠠᠨ ᠭᠡᠬᠦ᠂ ᠳᠡᠯᠡᠬᠡᠶ ᠳ᠋ᠠᠬᠢᠨ ᠢᠶᠠᠨ ᠭᠡᠬᠦ ᠴᠢᠩ ᠦᠨᠡᠨᠴᠢ | ᠬᠠᠶᠢᠷ᠎ᠠ ᠰᠡᠳᠭᠢᠯᠭᠡ ᠪᠠᠷ ᠪᠢᠯᠬᠠᠮ᠎ᠠ ᠦᠭᠡᠢ ᠶᠠᠷᠢᠶ᠎ᠠ ᠪᠠᠷ ᠢᠯᠡᠳᠭᠡᠨ᠎ᠡ᠃ ᠡᠯ᠎ᠡ ᠤᠯᠤᠰ ᠤᠨ ᠨᠠᠶᠢᠷᠠᠮᠳᠠᠯᠲᠤ ᠬᠥᠭᠵᠢᠯᠲᠡ᠂ ᠨᠡᠭᠡᠭᠡᠯᠲᠡᠲᠦ ᠬᠥᠭᠵᠢᠯᠲᠡ᠂ ᠰᠢᠨ᠎ᠡ ᠶᠢ | ᠡᠭᠦᠳᠬᠦ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠭᠠᠷ ᠬᠤᠯᠪᠣᠯᠴᠠᠨ ᠨᠠᠶᠢᠳᠠᠪᠤᠷᠢᠵᠢᠭᠤᠯᠬᠤ ᠶᠢ | ᠬᠦᠰᠡᠵᠦ ᠪᠠᠶᠢᠨ᠎ᠠ ᠭᠡᠵᠡᠢ᠃ | |