ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/20
      6 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶ᠎ᠠ ᠪᠠ ᠳᠡᠭᠡᠳᠦ ᠱᠠᠲᠤᠨ ᠤ ᠬᠤᠷᠠᠯ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ  ᠳᠤᠭᠤᠰᠢᠯᠠᠭᠤᠯᠵᠤ᠂         ︽ᠵᠢᠷᠭᠤᠭᠠᠨ ᠢᠨᠵᠧᠨᠧᠷᠢᠩ︾᠂ ︽ᠬᠤᠶᠠᠷ ᠡᠷᠡᠭᠦᠯ ᠮᠡᠨᠳᠤ︾᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠬᠤᠷᠠᠯ ᠢ ᠡᠷᠭᠢᠯᠡᠪᠡ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠱᠠᠨᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠣᠨ ︽ᠰᠢᠨ᠎ᠡ ᠴᠢᠨᠠᠷ  ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠡᠬᠦᠠᠭᠠᠷ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠰᠢᠨ᠎ᠡ ᠴᠢᠨᠠᠷ  ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠢᠮᠠᠭᠲᠠ ᠳᠤᠭᠤᠰᠢᠯᠠᠭᠤᠯᠬᠤ ᠬᠡᠷᠡᠭᠲᠡᠢ᠃ ᠤᠳᠤ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠪᠣᠯᠣᠨ ᠡᠬᠢ ᠪᠠᠶᠠᠯᠢᠭ ᠤᠨ ᠨᠥᠬᠦᠴᠡᠯ ᠳᠤ ᠰᠠᠭᠤᠷᠢᠯᠠᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠷᠦᠩ ᠱᠧᠩ ᠪᠣᠬᠢᠷᠲᠤᠯ ᠦᠭᠡᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠨᠢᠭᠡ ᠴᠣᠭᠴᠠᠵᠢᠭᠤᠯᠬᠤ᠂ ᠶᠦᠩ ᠴᠠᠩ  ᠬᠤᠪᠢ ᠡᠵᠡᠮᠳᠡᠯ ᠤᠨ ᠨᠡᠭᠦᠷᠡᠰᠦ ᠪᠠᠷ ᠰᠢᠨ᠎ᠡ ᠮᠠᠲ᠋ᠧᠷᠢᠶᠠᠯ ᠤᠶᠢᠯᠡᠳᠪᠤᠷᠢᠯᠡᠬᠦ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠨᠢᠭᠡ ᠬᠡᠰᠡᠭ ᠨᠡᠭᠦᠷᠡᠰᠦ︾ ᠪᠠᠶᠢᠬᠰᠠᠨ‌ᠡᠴᠡ ︽ᠨᠢᠭᠡ ᠪᠦᠬᠦᠯᠢ ᠪᠥᠰ︾ ᠪᠣᠯᠭᠠᠨ ᠬᠤᠪᠢᠷᠠᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ︽ᠵᠡᠭᠦᠨᠭᠠᠷ ᠬᠤᠰᠢᠭᠤᠨ ᠤ ᠪᠣᠬᠢᠷᠲᠤᠯ ᠦᠭᠡᠢ ᠡᠨᠧᠷᠭᠢ ᠶᠢ ᠨᠢᠭᠡ ᠴᠣᠭᠴᠠᠵᠢᠭᠤᠯᠬᠤ ᠢᠨᠵᠧᠨᠧᠷᠢᠩ︾ ᠢ ᠲᠦᠷᠭᠡᠳᠬᠡᠨ ᠬᠡᠷᠡᠭᠵᠢᠭᠦᠯᠵᠦ᠂ ᠪᠣᠬᠢᠷᠲᠤᠯ ᠦᠭᠡᠢ ᠭᠠᠷᠭᠠᠯᠳᠠ ᠶᠢᠨ ᠴᠠᠬᠢᠯᠭᠠᠨ ᠢ ᠰᠢᠩᠭᠡᠬᠡᠨ ᠠᠪᠬᠤ ᠶᠢ ᠢᠳᠡᠪᠬᠢᠲᠡᠢ ᠪᠠᠷ ᠠᠬᠢᠭᠤᠯᠵᠤ᠂ ᠪᠣᠬᠢᠷᠲᠤᠯ ᠦᠭᠡᠢ ᠡᠨᠧᠷᠭᠢ ᠶᠢᠨ ᠠᠭᠤᠷᠬᠠᠢ ᠶᠢ ᠪᠦᠲᠦᠭᠡᠨ ᠪᠠᠶᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠣᠰᠬᠤᠨ ᠤ ᠬᠠᠮᠲᠤ ᠪᠠ ᠲᠠᠷᠢᠶᠠᠴᠢᠳ ᠤᠨ ᠣᠷᠣᠯᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ  ᠶᠢ ᠤᠯᠠᠮ  ᠴᠢᠨᠠᠬᠰᠢᠳᠠ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠂ ᠣᠷᠣᠰ ᠤᠨ ᠶᠡᠷᠦᠩᠬᠡᠶᠢᠯᠡᠭᠴᠢ ᠫᠦᠲ᠋ᠢᠨ  ᠲᠠᠢ ᠬᠡᠯᠡᠯᠴᠡᠭᠡ ᠬᠢᠬᠦ ᠦᠶ᠎ᠡ ᠶᠢᠨ ᠶᠠᠷᠢᠶ᠎ᠠ᠂ ᠳᠤᠮᠳᠠᠳᠤ ᠠᠷᠠᠪ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠷᠪᠠᠳᠤᠭᠠᠷ ᠬᠤᠭᠤᠴᠠᠭᠠᠨ ᠤ ᠰᠠᠶᠢᠳ ᠤᠨ ᠳᠡᠰ ᠤᠨ ᠬᠤᠷᠠᠯᠳᠤᠭᠠᠨ ᠤ ᠡᠬᠢᠯᠡᠬᠦ ᠶᠣᠰᠣᠯᠠᠯ ᠳᠡᠭᠡᠷᠡᠬᠢ ᠭᠤᠣᠯ ᠵᠣᠷᠢᠯᠳᠠᠳᠤ ᠶᠠᠷᠢᠶ᠎ᠠ᠂ ᠰᠧᠴᠤᠸᠠᠨ ᠮᠤᠵᠢ ᠶᠢᠨ ᠨᠠᠨᠴᠦ᠋ᠩ ᠬᠤᠲᠠ ᠶᠢᠨ ᠵᠢᠶᠠ ᠯᠢᠩ ᠲᠣᠭᠤᠷᠢᠭ ᠤᠨ ᡁᠢ ᠵᠢᠶᠠᠩ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠥᠭᠭᠦᠭᠰᠡᠨ ᠬᠠᠷᠢᠭᠤ ᠵᠠᠬᠢᠳᠠᠯ᠂ 14 ᠳ᠋ᠤᠭᠡᠷ ᠬᠤᠭᠤᠴᠠᠭᠠᠨ ᠤ ᠳᠤᠮᠳᠠᠳᠤ ᠠᠮᠧᠷᠢᠺᠠ  ᠶᠢᠨ ᠵᠤᠭᠠᠴᠠᠯ ᠤᠨ ᠳᠡᠭᠡᠳᠦ  ᠳᠠᠪᠬᠤᠷᠭᠠᠨ ᠤ ᠶᠠᠷᠢᠯᠴᠠᠭ᠎ᠠ ᠶᠢᠨ ᠡᠬᠢᠯᠡᠯᠲᠡ ᠶᠢᠨ ᠶᠤᠰᠤᠯᠠᠯ ᠤᠨ ᠵᠠᠬᠢᠳᠠᠯ ᠪᠣᠯᠣᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠠᠶᠢᠭᠤᠯᠤᠭᠳᠠᠭᠰᠠᠨ 30 ᠵᠢᠯ ᠤᠨ ᠣᠶ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠦᠨ ᠱᠤᠤ ᠴᠧᠩ ᠱᠦᠵᠢ ᠶᠢᠨ ᠪᠦᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ︵ᠳᠡᠭᠡᠳᠤ ᠰᠤᠷᠭᠠᠭᠤᠯᠢ ᠵᠢᠨ‌ᠵᠠᠬᠢᠷᠤᠯ︶ ᠤᠨ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠠᠶᠢᠴᠠᠭᠠᠨ  ᠰᠤᠳᠤᠯᠤᠯᠳᠠ ᠬᠢᠬᠦ ᠦᠶ᠎ᠠ ᠶᠢᠨ ᠶᠠᠷᠢᠶ᠎ᠠ ᠪᠣᠯᠣᠨ 6 ᠰᠠᠷ᠎ᠠ ᠶᠢᠨ 6  ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ  ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠢ᠃      ᠬᠤᠷᠠᠯ ᠠᠴᠠ︽ᠵᠢᠷᠭᠤᠭᠠᠨ ᠢᠨᠵᠧᠨᠧᠷᠢᠩ︾  ᠢ ᠠᠬᠢᠭᠤᠯᠤᠬᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠲᠥᠰᠥᠯ  ᠪᠢᠴᠢᠭ  ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠭᠠᠳ᠂ ᠨᠠᠷᠢᠨ ᠬᠠᠭᠤᠳᠠᠰᠤ ᠶᠢᠨ ᠠᠭᠤᠯᠭ᠎ᠠ ᠶᠢ ᠤᠯᠠᠮ ᠴᠢᠨᠠᠭᠰᠢᠳᠠ ᠨᠠᠷᠢᠯᠢᠭᠵᠢᠭᠤᠯᠤᠨ ᠬᠡᠮᠵᠢᠶᠡᠵᠢᠭᠦᠯᠵᠦ᠂ ︽ᠰᠢᠢᠳᠪᠦᠷᠢᠯᠡᠬᠦ ᠰᠡᠳᠬᠢᠬᠦᠢ︾᠂ ᠪᠣᠭᠤᠮᠲᠠ ᠰᠢᠪᠲᠤᠯᠬᠤ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂  ᠬᠦᠴᠤᠯᠡᠴᠡ ᠪᠣᠯᠣᠨ ᠭᠠᠷᠳᠠᠴᠠ ᠪᠠᠨ ᠣᠨᠣᠪᠴᠢᠲᠠᠢ ᠡᠷᠢᠨ ᠣᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ  ᠨᠠᠷᠢᠯᠢᠭ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠰᠢᠨ᠎ᠡ ᠴᠠᠭ ᠦᠶ᠎ᠡ ᠶᠢᠨ ︽ᠬᠤᠶᠠᠷ ᠡᠷᠡᠭᠦᠯ ᠮᠠᠨᠳᠤ︾᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠦᠭᠵᠢᠬᠦᠯᠤᠨ ᠮᠠᠨᠳᠤᠭᠤᠯᠬᠤ︾ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ︽ᠬᠤᠶᠠᠷ ᠡᠷᠡᠭᠦᠯ ᠮᠠᠨᠳᠤ︾ ᠲᠠᠢ ᠨᠢᠭᠲᠠ ᠤᠶᠠᠯᠳᠤᠭᠤᠯᠤᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠥᠨᠳᠥᠷ ᠪᠠᠷᠢᠮᠵᠢᠶ᠎ᠠ ᠪᠠᠷ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠭᠦᠭᠵᠢᠬᠦᠯᠤᠨ ᠮᠠᠨᠳᠤᠭᠤᠯᠬᠤ︾ᠠᠵᠢᠯ ᠢ ᠰᠠᠶᠢᠲᠤᠷ ᠬᠢᠵᠦ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠵᠠᠢ᠃ 
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ