| ︽ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠪᠠᠰᠠ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠵᠦᠢᠯ ᠪᠠᠶᠢᠨ᠎ᠠ ᠤᠤ ᠂ ᠴᠠᠭ ᠳᠠᠷᠤᠢ | ᠳᠤᠨᠢ ᠤᠲᠠᠰᠤᠳᠠᠬᠤ ᠪᠤᠶᠤ ᠸᠢᠴᠠᠲ ᠢᠶᠠᠷ ᠬᠠᠷᠢᠯᠴᠠᠵᠤ ᠪᠠᠶᠢᠭᠠᠷᠠᠢ ᠂ ᠮᠠᠨ ᠤ ᠲᠥᠷᠥᠯ ᠵᠦᠢᠯ ᠤᠨ ᠬᠠᠮᠢᠶᠠᠷᠤᠭᠴᠢ 24 ᠴᠠᠭ ᠢᠶᠠᠷ ᠲᠠ ᠨᠠᠷ ᠲᠤ ᠬᠠᠪᠰᠤᠷᠤᠨ | ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ︾ | ᠠᠭᠠᠭᠢᠮ᠎ᠠ ᠬᠠᠯᠠᠭᠤᠨ ᠵᠤᠨ ᠤ ᠡᠳᠦᠷ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠡᠯ᠎ᠡ ᠲᠦᠷᠦᠯ ᠵᠦᠢᠯ ᠤᠨ ᠪᠠᠷᠢᠯᠭ᠎ᠠ ᠶᠢᠨ ᠠᠬᠤᠢ | ᠲᠠᠯᠠᠪᠠᠢ ᠳᠤ ᠬᠦᠷ ᠬᠥᠭᠵᠢᠶᠡᠨ ᠲᠠᠢ ᠪᠠᠶᠢᠳᠠᠯ ᠢᠶᠠᠷ ᠪᠢᠯᠬᠠᠨ᠂ ︽ᠲᠦᠷᠦᠯ ᠵᠦᠢᠯ ᠤᠨ ᠬᠠᠮᠢᠶᠠᠷᠤᠭᠴᠢ︾ ᠬᠤᠤ ᠵᠢᠩ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠶᠠᠭᠠᠷᠠᠨ᠎ᠠ ᠃ ᠡᠨᠡ ᠬᠠᠪᠤᠷ ᠲᠦᠷᠦᠯ ᠵᠦᠢᠯ ᠤᠨ ᠬᠠᠮᠢᠶᠠᠷᠤᠭᠴᠢ ᠶᠢᠨ ᠲᠤᠰᠢᠶᠠᠯ ᠳᠤ ᠭᠠᠷᠤᠭᠰᠠᠨ ᠠᠴᠠ ᠨᠠᠭᠠᠰᠢ ᠂ | ᠲᠡᠷᠡ ᠥᠪᠡᠷ ᠤᠨ ᠬᠠᠮᠢᠶᠠᠷᠴᠤ ᠪᠠᠶᠢᠭ᠎ᠠ ᠥᠪᠥᠷ ᠮᠣᠩᠭᠤᠯ ᠤᠨ ᠵᠢᠤ ᠲᠠᠢ ᠰᠢᠨ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠦᠮᠡᠨ ᠲᠣᠨ ᠤ | ᠲᠡᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠦᠨᠦᠷᠲᠦ ᠨᠡᠭᠦᠷᠦᠭᠴᠢ ᠦᠢᠯᠡᠳᠪᠤᠷᠢᠯᠡᠬᠦ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ | ᠢᠷᠡᠵᠦ ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠡᠯ᠎ᠡ ᠵᠦᠢᠯ ᠤᠨ ᠬᠦᠴᠢᠷᠳᠡᠯ | ᠪᠣᠯᠣᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ ᠥᠭᠬᠦᠨ᠎ᠠ ᠃ ᠶᠡᠭᠡ ᠠᠴᠠ ᠠᠪᠤᠭᠠᠳ ᠡᠯ᠎ᠡ ᠲᠦᠷᠦᠯ ᠵᠦᠢᠯ ᠢ ᠬᠢᠨᠠᠨ ᠵᠥᠪᠰᠢᠶᠡᠷᠡᠬᠦ ᠭᠠᠷ | ᠭᠦᠢᠴᠡᠳᠬᠡᠯ ᠢ ᠬᠠᠪᠰᠤᠷᠤᠨ ᠭᠦᠢᠴᠡᠳᠬᠡᠵᠤ ᠤᠷᠤᠯᠠᠨ ᠬᠦᠢᠴᠡᠳᠭᠡᠬᠦ ᠂ ᠪᠠᠭ᠎ᠠ ᠠᠴᠠ ᠠᠪᠤᠭᠠᠳ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠢᠳᠡᠵᠦ | ᠤᠤᠭᠤᠬᠤ ᠬᠤᠨᠣᠵᠤ ᠬᠡᠪᠲᠡᠬᠦ ᠠᠰᠠᠭᠤᠳᠠᠯ ᠬᠦᠷᠲᠡᠯ᠎ᠡ ᠬᠢᠬᠦ ᠦᠭᠡᠢ ᠠᠵᠢᠯ ᠭᠡᠵᠤ ᠪᠠᠷᠤᠭ ᠦᠭᠡᠢ ᠶᠤᠮ᠃ | | | ᠵᠢᠷᠤᠭ ᠄ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠤ ᠠᠬᠤᠢ ᠶᠢᠨ ᠬᠥᠭᠵᠢᠭᠦᠯᠦᠯᠲᠡ ᠶᠢᠨ ᠲᠣᠪᠴᠢᠶᠠᠨ ᠤ ᠺᠠᠳ᠋ᠷ ᠬᠤᠤ ᠵᠢᠩ ᠳᠦᠷᠤᠯ | ᠵᠤᠶᠢᠯ ᠤᠨ ᠬᠠᠮᠢᠶᠠᠷᠤᠭᠴᠢ ᠪᠤᠯᠤᠬᠰᠠᠨ ᠤ ᠳᠠᠷᠠᠭ᠎ᠠ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠳᠡᠢ ᠬᠠᠪᠰᠤᠷᠴᠤ ᠪᠠᠶᠢᠭ᠎ᠠ ᠨᠢ ᠃ ᠸᠠᠩ ᠯᠢ ᠮᠠᠨ | ᠰᠡᠭᠦᠳᠡᠷᠯᠡᠪᠡ | | ︽ ᠲᠥᠷᠥᠯ ᠵᠦᠢᠯ ᠤᠨ ᠬᠠᠮᠢᠶᠠᠷᠤᠭᠴᠢ ᠪᠠᠷᠤᠭ ᠪᠦᠬᠦ ᠶᠠᠪᠤᠴᠠ ᠳᠤ ᠬᠠᠪᠰᠤᠷᠴᠤ ᠪᠠᠶᠢᠨ᠎ᠠ ᠂ ᠣᠳᠣᠬᠠᠨ ᠳᠤ ᠮᠠᠨ ᠤ ᠳᠦᠷᠤᠯ ᠵᠤᠶᠢᠯ ᠤᠨ ᠪᠦᠲᠦᠭᠡᠨ | ᠪᠠᠶᠢᠭᠤᠯᠤᠯᠲᠠ ᠶᠢᠨ ᠪᠤᠶ ᠪᠦᠬᠦᠢ ᠭᠠᠷ ᠭᠦᠢᠴᠡᠳᠬᠡᠯ ᠢ ᠴᠥᠮ ᠭᠦᠢᠴᠡᠳᠬᠡᠵᠦ ᠳᠠᠭᠤᠰᠬᠠᠭᠠᠳ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠶᠠᠪᠤᠴᠠ ᠳᠠᠬᠢ ᠡᠯ᠎ᠡ ᠵᠦᠢᠯ ᠤᠨ ᠲᠦᠭᠵᠢᠷᠡᠯ ᠤᠨ ᠠᠰᠠᠭᠤᠳᠠᠯ ᠢ ᠴᠤ ᠴᠠᠭ ᠲᠤᠬᠠᠢ ᠳᠤᠨᠢ ᠰᠢᠢᠳᠪᠦᠷᠢᠯᠡᠵᠡᠢ ᠂ ᠣᠳᠣᠬᠠᠨ ᠳᠤ ᠬᠢᠵᠠᠭᠠᠷᠯᠠᠬᠤ ᠵᠦᠢᠯ ᠭᠡᠵᠤ ᠪᠠᠶᠢᠬᠤ | ᠦᠭᠡᠢ ᠪᠤᠯᠬᠤᠷ ᠂ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠵᠤ ᠪᠠᠶᠢᠨ᠎ᠠ ︾ ᠭᠡᠵᠦ ᠥᠪᠥᠷ ᠮᠣᠩᠭᠤᠯ ᠤᠨ ᠵᠢᠦ ᠲᠠᠢ ᠰᠢᠨ | ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠲᠠᠩ ᠽᠥᠩ ᠪᠦᠦ ᠶᠠᠷᠢᠨ᠎ᠠ ᠃ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠬᠤ ᠳᠤ ᠂ ᠨᠠᠷᠢᠨ ᠨᠢᠮᠪᠠᠢ ᠦᠢᠯᠡᠴᠢᠯᠡᠬᠦ ᠪᠣᠯ ᠵᠠᠩᠭᠢᠯᠠᠭ᠎ᠠ ᠪᠣᠯᠣᠨ᠎ᠠ ᠃ ᠬᠤᠤ ᠵᠢᠩ | ᠮᠡᠲᠦ ᠶᠢᠨ ᠲᠦᠷᠦᠯ ᠵᠦᠢᠯ ᠤᠨ ᠬᠠᠮᠢᠶᠠᠷᠤᠭᠴᠢ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠪᠠᠷᠤᠭ ᠲᠠᠷᠬᠠᠵᠤ ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠲᠦᠷᠦ ᠶᠢᠨ ᠪᠣᠳᠣᠯᠭ᠎ᠠ ᠶᠢᠨ ᠠᠬᠢᠭᠤᠯᠤᠯ ᠳᠣᠣᠷ᠎ᠠ ᠂ ᠶᠡᠭᠡ ᠬᠡᠮᠵᠢᠶᠡᠨ ᠤ ᠭᠠᠳᠠᠷ ᠣᠷᠣᠨ ᠤ ᠠᠵᠤ ᠠᠬᠤᠶᠢᠯᠠᠯ ᠵᠡᠭᠦᠨᠭᠠᠷ ᠠᠵᠤ ᠠᠬᠤᠢ ᠶᠢᠨ | ᠨᠡᠭᠡᠭᠡᠯᠲᠡ ᠶᠢᠨ ᠤᠷᠤᠨ ᠳᠤ ᠨᠤᠲᠤᠭᠰᠢᠵᠤ ᠂ ᠲᠦᠷᠦᠯ ᠵᠦᠢᠯ ᠤᠨ ᠬᠠᠮᠢᠶᠠᠷᠤᠭᠴᠢ ︽ᠲᠥᠷᠬᠦᠮ ᠤᠨ ᠬᠥᠮᠥᠨ︾ ᠨᠢ ᠪᠣᠯᠵᠤ ᠂ ︽ ᠭᠡᠷ ᠲᠤ ᠣᠷᠣᠵᠤ ᠭᠡᠷ ᠤᠨ | ᠬᠥᠮᠥᠰ ᠲᠠᠢ ᠪᠠᠨ ᠠᠭᠤᠯᠵᠠᠨ ᠂ ᠭᠡᠷ ᠤᠨ ᠶᠠᠪᠤᠳᠠᠯ ᠬᠢᠬᠦ︾ᠦᠢᠯᠡᠴᠢᠯᠡᠭᠡᠨ ᠤ ᠣᠶᠢᠯᠠᠭᠠᠭᠳᠠᠬᠤᠨ ᠢᠶᠠᠷ ᠠᠵᠤ ᠠᠬᠤᠶᠢᠯᠠᠯ ᠳᠤ ᠪᠦᠬᠦ ᠶᠠᠪᠤᠴᠠ ᠶᠢᠨ ᠤᠨᠢᠨ ᠳᠡᠭᠡᠷ᠎ᠡ ᠨᠢ | ᠦᠢᠯᠡᠴᠢᠯᠡᠭᠡ ᠬᠠᠩᠭᠠᠵᠤ ᠪᠠᠶᠢᠨ᠎ᠠ ᠃ ᠥᠪᠥᠷ ᠮᠣᠩᠭᠤᠯ ᠤᠨ ᠬᠤᠸᠠ ᠢ ᠵᠦᠸᠧ ᠮᠠᠲ᠋ᠧᠷᠢᠶᠠᠯ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠾᠧᠨᠠᠨ ᠠᠴᠠ | ᠢᠷᠡᠭᠰᠡᠨ ᠠᠵᠤ ᠠᠬᠤᠶᠢᠯᠠᠯ ᠪᠣᠯᠣᠨ᠎ᠠ ᠂ 2023 ᠣᠨ ᠤ ᠳᠣᠣᠷ᠎ᠠ ᠬᠠᠭᠠᠰ ᠵᠢᠯ ᠳᠤ ᠂ ᠺᠣᠮᠫᠠᠨᠢ ᠠᠴᠠ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ | ᠤᠷᠤᠨ ᠤ ᠵᠡᠭᠦᠨᠭᠠᠷ ᠠᠵᠤ ᠦᠢᠯᠡᠰ ᠤᠨ ᠬᠦᠷᠢᠶᠡᠯᠡᠩ ᠳᠤ ᠵᠢᠩᠬᠢᠨᠢ ᠪᠠᠷ ᠪᠠᠷᠢᠯᠭ᠎ᠠ ᠡᠬᠢᠯᠡᠭᠦᠯᠵᠡᠢ ᠃ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ | ᠪᠠᠲᠤᠯᠠᠬᠤ ᠶᠢᠨ ᠳᠤᠰᠠᠳᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠠᠴᠠ︽ᠲᠦᠷᠦᠯ ᠵᠦᠢᠯ ᠤᠨ ᠬᠠᠮᠢᠶᠠᠷᠤᠭᠴᠢ︾ ᠶᠢᠨ ᠪᠦᠯᠬᠦᠮ ᠢ ᠳᠠᠷᠤᠶᠢᠬᠠᠨ | ᠵᠣᠬᠢᠶᠠᠨ ᠪᠠᠶᠢᠭᠤᠯᠵᠤ ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠬᠦᠢᠴᠡᠳᠭᠡᠯ ᠢ ᠴᠠᠭ ᠲᠤᠬᠠᠢ ᠳᠤᠨᠢ | ᠭᠦᠢᠴᠡᠳᠬᠡᠬᠦ ᠶᠢᠨ ᠬᠠᠮᠲᠤ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠡᠪᠡᠷᠰᠢᠶᠡᠯ ᠲᠠᠢ ᠲᠦᠭᠵᠢᠷᠡᠯ ᠲᠠᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ | ᠰᠢᠢᠳᠪᠦᠷᠢᠯᠡᠭᠰᠡᠨ ᠪᠠᠶᠢᠨ᠎ᠠ ᠃ ︽ ᠮᠠᠨ ᠤ ᠡᠶᠢᠮᠦᠷᠬᠦ ᠭᠠᠳᠠᠷ ᠣᠷᠣᠨ ᠤ ᠠᠵᠤ ᠠᠬᠤᠶᠢᠯᠠᠯ ᠠᠵᠢᠯ ᠶᠠᠪᠤᠳᠠᠯ ᠬᠢᠬᠦ ᠳᠡᠭᠡᠨ ᠦᠷᠭᠦᠯᠵᠢ ᠭᠠᠵᠠᠷ ᠢ ᠨᠢ ᠡᠷᠢᠵᠤ ᠣᠯᠬᠤ | ᠦᠭᠡᠢ ᠂ ᠪᠤᠷᠤᠭᠤ ᠬᠥᠮᠥᠨ ᠢ ᠡᠷᠢᠳᠡᠭ ᠂ ᠲᠥᠷᠥᠯ ᠵᠦᠢᠯ ᠤᠨ ᠬᠠᠮᠢᠶᠠᠷᠤᠭᠴᠢ ᠲᠠᠢ ᠪᠤᠯᠤᠬᠰᠠᠨ ᠢᠶᠠᠷ ᠪᠢᠳᠡ ︿ ᠭᠠᠷ ᠰᠠᠵᠢᠬᠴᠢ ᠵᠠᠩᠭᠤᠶᠢᠳᠠ ﹀ ᠪᠣᠯᠵᠤ | ᠪᠣᠯᠣᠨ᠎ᠠ ᠂ ᠶᠠᠮᠠᠷ ᠠᠰᠠᠭᠤᠳᠠᠯ ᠪᠠᠶᠢᠪᠠᠯ ᠲᠡᠳᠡᠨ ᠢ ᠡᠷᠢᠪᠡᠯ ᠴᠠᠭ ᠲᠤᠬᠠᠢ ᠳᠤᠨᠢ ᠰᠢᠢᠳᠪᠦᠷᠢᠯᠡᠴᠢᠭᠡᠳᠡᠭ ᠂ ᠪᠢᠳᠡ ᠪᠠᠰᠠ ᠰᠠᠨᠠᠭ᠎ᠠ ᠠᠮᠤᠷ ᠠᠵᠢᠯᠯᠠᠵᠤ ᠂ ᠲᠥᠷᠥᠯ | ᠵᠦᠢᠯ ᠢ ᠡᠷᠲᠡᠬᠡᠨ ᠪᠠᠶᠢᠭᠤᠯᠵᠤ ᠂ ᠡᠷᠲᠡᠬᠡᠨ ᠦᠢᠯᠡᠳᠪᠦᠷᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠴᠢᠳᠠᠨ᠎ᠠ ︾ ᠭᠡᠵᠤ ᠥᠪᠥᠷ ᠮᠣᠩᠭᠤᠯ ᠤᠨ ᠬᠤᠸᠠ ᠢ | ᠵᠦᠸᠧ ᠮᠠᠲ᠋ᠧᠷᠢᠶᠠᠯ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠴᠢᠶᠠᠩ ᠰᠡᠳᠬᠢᠯ ᠬᠥᠳᠡᠯᠦᠨ ᠶᠠᠷᠢᠨ᠎ᠠ᠃ | | ᠲᠦᠷᠦᠯ ᠵᠦᠢᠯ ᠢ ᠬᠢᠨᠠᠨ ᠵᠥᠪᠰᠢᠶᠡᠷᠡᠬᠦ ᠪᠣᠯ ᠲᠦᠷᠦᠯ ᠵᠦᠢᠯ ᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ︽ᠨᠢᠭᠡᠳᠦᠭᠡᠷ ᠪᠣᠭᠤᠮᠲᠠ︾ᠪᠣᠯᠣᠨ᠎ᠠ ᠂ | ᠮᠥᠨᠴᠦ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠶᠠᠰᠤ ᠴᠢᠨᠠᠷ ᠢ ᠰᠢᠯᠭᠠᠬᠤ ︽ᠰᠢᠯᠭᠠᠭᠤᠷ ︾ ᠪᠣᠯᠣᠨ᠎ᠠ ᠃ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ | ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠪᠢᠶᠠᠷᠢ ᠲᠥᠪ ᠲᠤ ︽ ᠭᠤᠣᠯᠳᠠᠯᠭ᠎ᠠ ᠲᠠᠢ ᠲᠥᠷᠥᠯ ᠵᠦᠢᠯ ᠤᠨ ᠰᠠᠭᠠᠳ ᠦᠭᠡᠢ ᠨᠡᠪᠲᠡᠷᠡᠬᠦ ᠵᠠᠮ ︾ ᠢ | ᠨᠡᠭᠡᠭᠡᠵᠦ ᠂ ᠲᠥᠷᠥᠯ ᠵᠦᠢᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠣᠩᠬᠤᠪᠴᠢ ᠲᠣᠬᠢᠷᠠᠭᠤᠯᠵᠤ ᠂ ︽ ᠲᠥᠷᠥᠯ ᠵᠦᠢᠯ ᠤᠨ | ᠬᠠᠮᠢᠶᠠᠷᠤᠭᠴᠢ ︾ ᠬᠢᠭᠡᠳ ᠴᠣᠩᠬᠤᠪᠴᠢ ᠶᠢᠨ ᠦᠢᠯᠡᠴᠢᠯᠡᠭᠴᠢ ᠯᠦᠭᠡ ᠬᠠᠮᠵᠢᠯᠴᠠᠨ ᠂ ᠮᠡᠳᠡᠭᠦᠯᠬᠦ ᠮᠠᠲ᠋ᠧᠷᠢᠶᠠᠯ ᠢ ᠪᠡᠯᠡᠳᠬᠡᠬᠦ ᠂ ᠬᠢᠨᠠᠨ ᠵᠥᠪᠰᠢᠶᠡᠷᠡᠬᠦ ᠴᠤᠪᠤᠷᠠᠯ ᠢ | ᠰᠢᠯᠢᠳᠡᠭᠵᠢᠭᠦᠯᠬᠦ ᠂ ᠬᠢᠨᠠᠨ ᠵᠥᠪᠰᠢᠶᠡᠷᠡᠬᠦ ᠠᠰᠠᠭᠤᠳᠠᠯ ᠢ ᠬᠠᠷᠢᠭᠤᠯᠬᠤ ᠵᠡᠷᠭᠡ ᠭᠤᠭᠴᠤᠭ᠎ᠠ ᠶᠢᠨ ᠲᠣᠭᠤᠷᠢᠨ ᠳᠤ ᠂ ᠭᠤᠣᠯᠳᠠᠯᠭ᠎ᠠ ᠲᠠᠢ ᠲᠥᠷᠥᠯ ᠵᠦᠢᠯ ᠳᠤ ᠤᠨᠴᠠᠭᠠᠢ | ᠶᠠᠪᠤᠳᠠᠯ ᠢ ᠤᠨᠴᠠᠭᠠᠢ ᠭᠦᠢᠴᠡᠳᠬᠡᠬᠦ ᠂ ᠪᠠᠴᠢᠮ ᠶᠠᠪᠤᠳᠠᠯ ᠢ ᠲᠦᠷᠭᠡᠨ ᠭᠦᠢᠴᠡᠳᠬᠡᠬᠦ ᠂ ᠥᠨᠳᠥᠷ ᠦᠷ᠎ᠡ ᠪᠦᠲᠦᠮᠵᠢᠲᠡᠶ ᠳᠥᠭᠦᠮ ᠳᠥᠲᠡ ᠬᠢᠨᠠᠨ ᠵᠥᠪᠰᠢᠶᠡᠷᠡᠬᠦ | ᠦᠢᠯᠡᠴᠢᠯᠡᠭᠡ ᠬᠠᠩᠭᠠᠵᠤ ᠪᠤᠢ ᠃ | ︽ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ ᠂ ᠪᠥᠬᠦ ᠶᠠᠪᠤᠴᠠ ᠪᠠᠷ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠵᠦ ᠂ ᠲᠥᠷᠥᠯ ᠵᠦᠢᠯ ᠤᠨ | ᠬᠠᠮᠢᠶᠠᠷᠤᠭᠴᠢ ᠶᠢᠨ ᠦᠢᠯᠡᠴᠢᠯᠡᠭᠡ ᠨᠢ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠢ ᠶᠡᠭᠡ ᠪᠠᠷ ᠪᠣᠭᠤᠨᠢᠰᠬᠠᠵᠤ ᠂ ᠲᠥᠷᠥᠯ ᠵᠦᠢᠯ ᠤᠨ ᠥᠨᠳᠥᠷ | ᠪᠦᠲᠦᠮᠵᠢᠲᠡᠶ ᠪᠠᠷ ᠨᠠᠶᠢᠳᠠᠪᠤᠷᠢᠵᠢᠭᠤᠯᠤᠭᠳᠠᠬᠤ ᠶᠢ ᠪᠠᠲᠤᠯᠠᠪᠠ ︾ ᠭᠡᠵᠦ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠠᠵᠤ ᠠᠬᠤᠶᠢᠯᠠᠯ ᠤᠨ | ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠦᠨ ᠰᠢᠤᠸᠠᠢ ᠹᠧᠩ ᠶᠠᠷᠢᠨ᠎ᠠ ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ | ᠬᠥᠳᠡᠯᠭᠡᠬᠦ ᠬᠦᠴᠦᠨ ᠪᠠ ᠬᠦᠴᠦᠲᠡᠢ ᠲᠤᠯᠭᠠᠭᠤᠷᠢᠯᠠᠯ ᠪᠤᠯᠤᠨ᠎ᠠ ᠂ ᠭᠡᠬᠦ ᠳᠡᠭᠡᠨ ᠴᠢᠨᠠᠷ ᠰᠠᠶᠢᠲᠠᠢ ᠬᠤᠳᠠᠯᠳᠤᠭ᠎ᠠ ᠡᠷᠭᠢᠯᠡᠬᠦ ᠣᠷᠴᠢᠨ ᠠᠬᠤᠢ ᠪᠣᠯ ᠲᠥᠷᠥᠯ ᠵᠦᠢᠯ ᠢ | ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢᠨ ᠤᠷᠢᠲᠠᠯ ᠨᠥᠬᠦᠴᠡᠯ ᠮᠥᠨ ᠃ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠨᠢ ︽ ᠲᠥᠷᠥᠯ | ᠵᠦᠢᠯ ᠢᠶᠠᠷ ᠸᠠᠩ ᠪᠣᠯᠭᠠᠬᠤ ︾ ᠤᠶᠢᠯᠠᠭᠠᠬᠳᠠᠬᠤᠨ ᠢ ᠪᠠᠲᠤ ᠪᠠᠬᠢ ᠪᠣᠶ ᠪᠣᠯᠭᠠᠵᠤ ᠂ ︽ ᠵᠠᠬᠢᠶᠠᠯᠠᠨ ᠳᠤᠬᠳᠠᠭᠠᠬᠤ + ᠨᠠᠷᠢᠯᠢᠭ ᠣᠨᠣᠴᠠᠲᠠᠢ ᠪᠣᠯᠭᠠᠬᠤ ︾ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠵᠢᠴᠢ ᠪᠥᠬᠦ ᠬᠡᠯᠬᠢᠶᠡᠨ ᠤ ᠲᠤᠰᠬᠠᠶᠢᠵᠢᠭᠰᠠᠨ ᠬᠠᠮᠢᠶᠠᠷᠤᠯᠲᠠ ᠶᠢᠨ ᠮᠠᠶ᠋ᠢᠭ ᠤᠨ ᠦᠢᠯᠡᠴᠢᠯᠡᠭᠡ ᠪᠠᠷ | ᠳᠠᠮᠵᠢᠭᠤᠯᠤᠨ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠥᠬᠦ ᠦᠶᠡᠯᠡᠯ ᠤᠨ ᠬᠤᠭᠤᠴᠠᠭᠠᠨ ᠤ ᠂ ᠥᠪᠡᠷᠮᠢᠴᠡ ᠦᠢᠯᠡᠴᠢᠯᠡᠭᠡ ᠶᠢ ᠬᠠᠩᠭᠠᠬᠰᠠᠨ ᠪᠠᠶᠢᠨ᠎ᠠ ᠃ | ᠡᠨᠡ ᠵᠢᠯ ᠠᠴᠠ ᠨᠠᠭᠠᠰᠢ᠂ ᠨᠡᠶᠢᠲᠡ 44 ᠭᠤᠣᠯᠳᠠᠯᠭ᠎ᠠ ᠲᠠᠢ ᠲᠥᠷᠥᠯ ᠵᠦᠢᠯ ᠨᠢ ᠳᠤᠳᠤᠨᠤ ︽ ᠬᠠᠮᠢᠶᠠᠷᠤᠭᠴᠢ ︾ ᠶᠢᠨ ᠦᠢᠯᠡᠴᠢᠯᠡᠭᠡ ᠶᠢ ᠭᠥᠷᠳᠡᠭᠰᠡᠨ ᠪᠥᠭᠡᠳ | ᠵᠠᠯᠭᠠᠭ᠎ᠠ ᠪᠠᠷ ᠠᠵᠢᠯ ᠢᠶᠠᠨ ᠡᠬᠢᠯᠡᠭᠦᠯᠵᠦ ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢᠨ ᠳᠤᠭ᠎ᠠ ᠨᠢ 3390.9 ᠳ᠋ᠦᠩᠰᠢᠭᠤᠷ ᠲᠥᠭᠦᠷᠢᠭ ᠲᠤ | ᠬᠦᠷᠴᠡᠢ ᠃ | | | | |