ᠵᠡᠭᠦᠨᠭᠠᠷ ᠬᠤᠰᠢᠭᠤᠨ ᠤ ᠰᠢᠤᠸᠠᠢ ᠵᠢᠶᠠ ᠸᠠᠨ ᠤ ᠬᠤᠢ ᠽᠧ ᠰᠠᠭᠤᠭᠠᠯᠢ ᠲᠣᠭᠤᠷᠢᠭ ᠤᠨ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠳᠦᠷᠤᠯ ᠵᠤᠶᠢᠯ ᠨᠢ ᠰᠢᠤᠸᠠᠢ ᠵᠢᠶᠠ ᠸᠠᠨ ᠤ ᠰᠢᠤᠸᠠᠢ ᠪᠧᠢ ᠵᠠᠯᠭᠠᠯᠳᠤᠭᠰᠠᠨ ᠣᠷᠣᠨ ᠤ ᠬᠤᠶᠢᠲᠤ ᠠᠭᠤᠯᠠ ᠶᠢᠨ ᠭᠡᠰᠡᠭ ᠲᠤ ᠪᠠᠶᠢᠷᠢᠯᠠᠵᠤ ᠪᠤᠢ | ᠰᠢᠤᠸᠠᠢ ᠵᠢᠶᠠ ᠸᠠᠨ ᠠᠴᠠ ᠳ᠋ᠠ ᠯᠤ᠋ ᠬᠦᠷᠬᠦ ᠳᠦᠷᠭᠡᠨ ᠤ ᠵᠠᠮ ᠲᠠᠢ ᠬᠥᠷᠰᠢᠯᠡᠵᠦ ᠪᠠᠶᠢᠳᠠᠭ | | | | ᠲᠣᠰ ᠲᠥᠷᠥᠯ ᠵᠦᠢᠯ ᠢ 2023 ᠣᠨ ᠤ 7 ᠰᠠᠷ᠎ᠠ ᠳᠤ ᠡᠬᠢᠯᠡᠨ ᠪᠦᠳᠤᠭᠡᠨ ᠪᠠᠶᠢᠭᠤᠯᠵᠤ ᠂ ᠶᠡᠷᠦᠩᠭᠡᠢ ᠪᠡᠯᠡ ᠤᠷᠤᠭᠤᠯᠤᠯᠳᠠ ᠨᠢ 1.95 ᠳ᠋ᠦᠩᠰᠢᠭᠤᠷ | ᠲᠥᠭᠦᠷᠢᠭ ᠪᠠᠶᠢᠵᠤ ᠂ ᠶᠡᠷᠦᠩᠬᠡᠢ ᠡᠵᠡᠯᠡᠬᠦ ᠲᠠᠯᠠᠪᠠᠶ ᠨᠢ 18868 ᠲᠡᠭᠰᠢ ᠳᠥᠷᠪᠡᠯᠵᠢᠨ ᠮᠧᠲᠷ ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 37404 ᠲᠡᠭᠰᠢ | ᠳᠥᠷᠪᠡᠯᠵᠢᠨ ᠮᠧᠲᠷ ᠪᠣᠯᠣᠨ᠎ᠠ ᠃ | | ᠲᠣᠰ ᠲᠥᠷᠥᠯ ᠵᠦᠢᠯ 5 ᠣᠷᠣᠨ ᠰᠠᠭᠤᠴᠠ ᠶᠢᠨ ᠠᠰᠠᠷ ᠲᠠᠢ ᠂ ᠭᠠᠵᠠᠷ ᠳᠤᠤᠷ᠎ᠠ ᠨᠢᠭᠡ ᠳᠠᠪᠬᠤᠷᠯᠢᠭ ᠲᠠᠢ ᠂ ᠭᠠᠵᠠᠷ ᠳᠡᠭᠡᠷ᠎ᠠ ᠶᠢᠰᠦᠨ ᠳᠠᠪᠬᠤᠷᠯᠢᠭ ᠲᠠᠢ ᠂ | ᠪᠠᠷᠢᠮᠵᠢᠶᠠᠲᠤ ᠳᠠᠪᠬᠤᠷᠭ᠎ᠠ ᠶᠢᠨ ᠥᠨᠳᠥᠷ ᠨᠢ 2.9m ᠪᠣᠯᠣᠨ᠎ᠠ ᠃ ᠰᠠᠭᠤᠭᠠᠯᠢ ᠲᠣᠭᠤᠷᠢᠭ ᠤᠨ ᠪᠦᠬᠦ ᠡᠷᠦᠬᠡ ᠶᠢᠨ ᠲᠤᠭ᠎ᠠ ᠨᠢ 348 ᠪᠠᠶᠢᠵᠤ ᠂ ᠡᠭᠦᠨ ᠳᠤ 60 | ︱ 70 ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠤᠨ ᠡᠵᠡᠯᠡᠬᠦ ᠬᠠᠷᠢᠴᠠᠯ ᠨᠢ 60% ᠂ 70 ︱ 80 ᠲᠡᠭᠰᠢ ᠳᠥᠷᠪᠡᠯᠵᠢᠨ ᠮᠧᠲᠷ ᠤᠨ ᠭᠡᠷ | ᠪᠠᠶᠢᠰᠢᠩ ᠤᠨ ᠡᠵᠡᠯᠡᠬᠦ ᠬᠠᠷᠢᠴᠠᠯ ᠨᠢ 20% ᠂ 80 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠭᠡᠷ ᠪᠠᠶᠢᠰᠢᠩ ᠤᠨ ᠡᠵᠡᠯᠡᠬᠦ ᠬᠠᠷᠢᠴᠠᠯ ᠨᠢ 20% ᠪᠠᠶᠢᠵᠤ ᠂ | ᠭᠡᠷ ᠪᠠᠶᠢᠰᠢᠩ ᠳᠤ ᠲᠣᠭᠤᠭᠠᠨ ᠭᠡᠷ ᠂ ᠡᠷᠡᠭᠦᠯ ᠬᠠᠮᠠᠭᠠᠯᠠᠯ ᠤᠬᠢᠶᠠᠯᠭ᠎ᠠ ᠶᠢᠨ ᠦᠷᠦᠭᠡ ᠵᠡᠷᠭᠡ ᠦᠨᠳᠦᠰᠦᠨ ᠲᠥᠬᠦᠭᠡᠷᠦᠮᠵᠢ ᠶᠢ ᠪᠠᠭᠲᠠᠭᠠᠵᠤ ᠂ ᠪᠠᠶᠢᠭᠤᠯᠵᠤ | ᠳᠠᠭᠤᠰᠤᠭᠰᠠᠨ ᠤ ᠳᠠᠷᠠᠭ᠎ᠠ ᠰᠢᠭᠤᠳ ᠣᠷᠣᠵᠤ ᠰᠠᠭᠤᠬᠤ ᠪᠠᠷᠢᠮᠵᠢᠶ᠎ᠠ ᠳᠤ ᠬᠦᠷᠬᠦ ᠪᠣᠯᠣᠨ᠎ᠠ ᠃ | | ᠤᠳᠤᠬᠠᠨ ᠪᠣᠯᠲᠠᠯ᠎ᠠ ᠂ ᠬᠤᠢ ᠽᠧ ᠰᠠᠭᠤᠭᠠᠯᠢ ᠲᠣᠭᠤᠷᠢᠭ ᠤᠨ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠢ ᠬᠢᠵᠦ ᠪᠤᠢ ᠂ 1 ᠳ᠋ᠤᠭᠡᠷ ᠨᠣᠮᠧᠷᠲᠤ ᠠᠰᠠᠷ ᠤᠨ | ᠣᠷᠣᠢ ᠶᠢ ᠨᠢᠭᠡᠨᠲᠡ ᠪᠢᠲᠡᠭᠦᠮᠵᠢᠯᠡᠵᠦ ᠂ ᠪᠤᠰᠤᠳ ᠠᠰᠠᠷ ᠤᠨ ᠣᠷᠣᠢ ᠶᠢ ᠴᠤ 7 ᠰᠠᠷ᠎ᠠ ᠶᠢᠨ ᠳᠤᠮᠳᠠᠴᠢ ᠪᠠᠷ ᠪᠦᠬᠦᠨ ᠢ ᠪᠢᠲᠡᠭᠦᠮᠵᠢᠯᠡᠬᠦ ᠪᠠᠷ ᠪᠠᠶᠢᠨ᠎ᠠ ᠂ ᠰᠠᠭᠤᠭᠠᠯᠢ | ᠲᠣᠭᠤᠷᠢᠭ ᠢ 2024 ᠣᠨ ᠤ 12 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠵᠤ ᠂ ᠨᠣᠭᠤᠭᠠᠷᠠᠭᠤᠯᠤᠯᠲᠠ ᠦᠵᠡᠮᠵᠢ ᠶᠢᠨ ᠬᠡᠰᠡᠭ ᠢ 2025 | ᠣᠨ ᠤ 6 ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠠᠷ ᠲᠥᠯᠥᠪᠯᠡᠵᠦ ᠪᠠᠶᠢᠨ᠎ᠠ ᠃ | | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠬᠦᠴᠢᠷᠳᠡᠯ ᠲᠠᠢ 348 ᠭᠡᠷ ᠪᠦᠯᠢ ᠪᠠ ᠬᠤᠲᠠ | ᠪᠠᠯᠭᠠᠰᠤᠨ ᠳᠤ ᠲᠣᠭᠲᠠᠪᠤᠷᠢᠲᠠᠢ ᠠᠵᠢᠯ ᠣᠯᠣᠭᠰᠠᠨ ᠬᠤᠲᠠ ᠳᠤ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠲᠠᠷᠢᠶᠠᠴᠢᠨ ᠤ ᠭᠡᠷ ᠪᠦᠯᠢ ᠶᠢᠨ ᠣᠷᠣᠨ | ᠰᠠᠭᠤᠴᠠ ᠶᠢᠨ ᠠᠰᠠᠭᠤᠳᠠᠯ ᠢ ᠰᠢᠢᠳᠪᠦᠷᠢᠯᠡᠵᠦ ᠂ 1000 ᠭᠠᠷᠤᠢ ᠬᠥᠮᠥᠨ ᠳᠤ ᠠᠰᠢᠭ ᠬᠦᠷᠲᠡᠭᠡᠬᠦ ᠪᠤᠯᠤᠨ᠎ᠠ ᠃ | | | | |